ᠨᠢᠬᠡᠳᠦᠯᠳᠡᠢ ᠲᠦᠯᠦᠪᠯᠡᠵᠦ ᠨᠡᠶᠢᠳᠡ ᠳᠤᠨᠢ ᠬᠠᠷᠠᠭᠠᠯᠵᠠᠬᠤ ᠶᠢ ᠪᠠᠷᠢᠮᠳᠠᠯᠠᠵᠤ                                ᠲᠠᠶᠢᠹᠤᠰᠧ ᠬᠤᠰᠢᠭᠤ  ᠬᠤᠳᠠ ᠬᠦᠳᠡᠭᠡ ᠶᠢᠨ ᠦᠩᠬᠡ ᠲᠦᠷᠬᠦ ᠶᠢ ᠲᠤᠶᠢᠯᠪᠤᠷᠢᠳᠠᠢ ᠰᠢᠨᠡᠳ᠊
ᠨᠡᠶᠢᠲᠡᠯᠡᠭᠰᠡᠨ ᠴᠠᠭ᠄
2018-01-17
          ᠤᠶᠢᠷ᠎ᠠ ᠶᠢᠨ ᠬᠡᠳᠦᠨ ᠵᠢᠯ ᠳᠤ᠂ ᠲᠠᠶᠢᠹᠤᠰᠧ ᠬᠤᠰᠢᠭᠤ  ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠳᠠ ᠶᠢᠨ ᠡᠷᠴᠢᠮ ᠢ ᠦᠷᠬᠦᠯᠵᠢᠯᠡᠨ ᠴᠢᠩᠭᠠᠷᠠᠭᠤᠯᠵᠤ᠂  ᠮᠠᠯᠵᠢᠬᠤ ᠲᠠᠷᠢᠶᠠᠯᠠᠬᠤ ᠤᠷᠤᠨ ᠤ ᠦᠩᠬᠡ ᠲᠦᠷᠬᠦ   ᠶᠢ ᠦᠳᠳᠡᠷ ᠲᠦᠷᠭᠡᠨ  ᠬᠤᠪᠢᠷᠠᠭᠤᠯᠵᠤ᠂  ᠬᠦᠭᠵᠢᠯᠳᠡ ᠶᠢᠨ ᠪᠠᠳᠤᠯᠠᠭᠠᠨ ᠤ ᠴᠢᠳᠠᠪᠤᠷᠢ ᠶᠢ ᠯᠠᠪᠳᠠᠭᠤᠨ  ᠢᠶᠠᠷ  ᠴᠢᠩᠭᠠᠷᠠᠭᠤᠯᠤᠨ᠂ ᠬᠤᠳᠠ ᠬᠦᠳᠡᠭᠡ   ᠶᠢᠨ ᠵᠡᠷᠭᠡᠪᠡᠷ ᠬᠦᠭᠵᠢᠬᠦ ᠶᠢ  ᠠᠬᠢᠭᠤᠯᠵᠤ᠂ ᠠᠷᠠᠳ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠤᠷᠴᠢᠨ ᠲᠤᠭᠤᠷᠢᠨ ᠢ  ᠮᠡᠳᠡᠭᠳᠡᠮ᠎ᠡ ᠰᠠᠶᠢᠵᠢᠷᠠᠭᠤᠯᠤᠭᠰᠠᠨ ᠪᠠᠶᠢᠨ᠎ᠠ᠃       ᠲᠤᠰ ᠬᠤᠰᠢᠭᠤ ᠨᠢ  ᠪᠤᠤᠴᠠᠩ ᠪᠠᠯᠭᠠᠰᠤᠨ ᠤ ᠰᠢᠨ᠎ᠡ ᠬᠠᠭᠤᠴᠢᠨ ᠲᠤᠭᠤᠷᠢᠭ ᠤᠨ ᠪᠦᠳᠦᠬᠡᠨ ᠪᠠᠶᠢᠭᠤᠯᠤᠯᠳᠠ  ᠶᠢᠨ 8  ᠲᠦᠷᠦᠯ ᠤᠨ ᠲᠦᠯᠦᠪᠵᠢᠬᠦᠯᠬᠡ ᠶᠢ ᠦᠨᠳᠦᠷ ᠪᠠᠷᠢᠮᠵᠢᠶ᠎ᠠ ᠪᠠᠷ ᠨᠠᠶᠢᠷᠠᠭᠤᠯᠤᠨ  ᠲᠤᠭᠳᠠᠭᠠᠳ  ᠂  ᠲᠠᠪᠤᠨ ᠵᠢᠯ ᠳᠤ ᠨᠡᠶᠢᠳᠡ 10.5 ᠳ᠋ᠦᠩᠰᠢᠭᠤᠷ ᠲᠦᠬᠦᠷᠢᠭ ᠤᠨ ᠪᠡᠯᠡ  ᠤᠷᠤᠭᠤᠯᠵᠤ᠂   ᠰᠢᠨ᠎ᠡ ᠪᠠᠷ ᠪᠠᠶᠢᠭᠤᠯᠬᠤ ᠪᠤᠶᠤ ᠵᠠᠰᠠᠵᠤ ᠪᠠᠶᠢᠭᠤᠯᠤᠭᠰᠠᠨ ᠵᠠᠮ ᠤᠨ ᠲᠠᠯᠠᠪᠠᠢ ᠪᠦᠳᠦᠭᠡᠨ ᠪᠠᠶᠢᠭᠤᠯᠤᠭᠰᠠᠨ ᠵᠡᠬᠡᠯᠢ ᠭᠤᠳᠤᠮᠵᠢ ᠶᠢᠨ ᠲᠠᠯᠠᠪᠠᠢ ᠶᠢᠨ 30 %  ᠢᠯᠡᠬᠦᠦ ᠶᠢ ᠡᠵᠡᠯᠡᠨ᠂ ᠤᠰᠤ ᠬᠠᠩᠭᠠᠬᠤ᠂ ᠤᠰᠤ ᠭᠠᠳᠠᠭᠰᠢᠯᠠᠭᠤᠯᠬᠤ  ᠪᠠ ᠪᠤᠷᠤᠭᠠᠨ ᠤ ᠤᠰᠤ ᠤᠷᠤᠰᠬᠠᠬᠤ  ᠂ ᠢᠯᠴᠢ ᠬᠠᠩᠭᠠᠬᠤ ᠲᠤᠤᠷ ᠬᠤᠭᠤᠯᠠᠢ 100 ᠭᠠᠷᠤᠢ ᠺᠢᠯᠤᠮᠧᠲᠷ  ᠤᠭᠠᠰᠠᠷᠰᠠᠨ ᠤ ᠬᠠᠮᠳᠤ᠂ ᠬᠤᠳᠠ ᠪᠠᠯᠭᠠᠰᠤᠨ ᠤ ᠭᠡᠰᠡᠭ ᠵᠡᠭᠡᠯᠢ ᠭᠤᠳᠤᠮᠵᠢ᠂  ᠬᠦᠳᠡᠯᠪᠦᠷᠢ ᠶᠢᠨ ᠠᠭᠤᠳᠠᠮ ᠲᠠᠯᠠᠪᠠᠢ᠂ ᠪᠠᠶᠢᠭᠤᠯᠤᠯᠭ᠎ᠠ ᠨᠢᠬᠡᠴᠡ ᠶᠢᠨ ᠬᠦᠷᠢᠶ᠎ᠡ  ᠬᠠᠰᠢᠶ᠎ᠠ ᠳᠤ ᠭᠤᠶᠤᠵᠢᠭᠤᠯᠤᠯᠳᠠ᠂ ᠨᠤᠭᠤᠭᠠᠷᠠᠭᠤᠯᠤᠯᠳᠠ᠂ ᠬᠠᠳᠠᠭᠤᠷᠠᠭᠤᠯᠤᠯᠳᠠ ᠪᠠ ᠴᠡᠪᠡᠷᠰᠢᠬᠦᠯᠦᠯᠳᠡ ᠬᠢᠵᠦ᠂  ᠰᠢᠨ᠎ᠡ ᠪᠠᠷ ᠨᠡᠮᠡᠭᠳᠡᠭᠰᠡᠨ ᠨᠤᠭᠤᠭᠠᠷᠠᠭᠤᠯᠤᠯᠳᠠ ᠶᠢᠨ ᠲᠠᠯᠠᠪᠠᠢ 3 ᠲᠦᠮᠡᠨ ᠬᠠᠪᠳᠠᠭᠠᠢ ᠲᠦᠷᠪᠡᠯᠵᠢᠨ ᠮᠧᠲᠷ  ᠂  ᠬᠠᠳᠠᠭᠤᠷᠠᠭᠤᠯᠤᠯᠳᠠ ᠶᠢᠨ ᠲᠠᠯᠠᠪᠠᠢ 16 ᠲᠦᠮᠡᠨ ᠬᠠᠪᠳᠠᠭᠠᠢ ᠲᠦᠷᠪᠡᠯᠵᠢᠨ ᠮᠧᠲᠷ   ᠲᠤ ᠬᠦᠷᠴᠦ᠂ ᠵᠡᠬᠡᠯᠢ ᠭᠤᠳᠤᠮᠵᠢ ᠶᠢᠨ ᠭᠡᠭᠡᠷᠡᠬᠦᠯᠦᠯᠳᠡ ᠶᠢᠨ ᠨᠤᠷᠮ᠎ᠠ 94 %   ᠠᠴᠠ ᠲᠡᠭᠡᠭᠰᠢ ᠪᠤᠯᠪᠠ᠃  2500 ᠡᠷᠦᠬᠡ ᠶᠢᠨ ᠬᠠᠭᠤᠴᠢᠨ ᠭᠡᠷ ᠪᠠᠶᠢᠰᠢᠩ ᠢ ᠦᠬᠡᠷᠡᠴᠢᠯᠡᠨ ᠪᠠᠶᠢᠭᠤᠯᠵᠤ᠂  ︽ᠶᠠᠩ ᠭᠤᠸᠠᠩ︾ ᠨᠡᠬᠦᠯᠭᠡᠭᠰᠡᠨ ᠠᠷᠠᠳ ᠢ  ᠲᠦᠪᠬᠢᠨᠡᠬᠦᠯᠬᠦ ᠰᠠᠭᠤᠭᠠᠯᠢ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢ  ᠡᠬᠢᠯᠡᠭᠰᠡᠨ ᠪᠦᠬᠡᠳ 14 ᠰᠠᠭᠤᠷᠢ ᠬᠠᠭᠤᠴᠢᠨ ᠲᠤᠭᠤᠷᠢᠭ ᠢ ᠦᠬᠡᠷᠡᠴᠢᠯᠡᠨ ᠰᠢᠨᠡᠳᠭᠡᠵᠦ ᠲᠡᠰ ᠲᠡᠪᠰᠢᠬᠦᠯᠦᠨ᠂  ᠤᠷᠤᠵᠤ ᠭᠠᠷᠬᠤ ᠳᠤ ᠬᠦᠴᠢᠷ᠂ ᠲᠡᠷᠭᠡ ᠵᠤᠭᠰᠤᠭᠠᠬᠤ ᠳᠤ  ᠪᠡᠷᠭᠡ᠂ ᠤᠷᠴᠢᠨ ᠲᠤᠭᠤᠷᠢᠨ ᠰᠠᠯᠠᠩ᠂ ᠦᠢᠯᠡᠴᠢᠯᠡᠭᠡ ᠮᠠᠭᠤ  ᠪᠠᠶᠢᠭᠰᠠᠨ ᠪᠤᠳᠠᠳᠠᠢ ᠠᠰᠠᠭᠤᠳᠠᠯ ᠢ ᠰᠢᠢᠳᠪᠦᠷᠢᠯᠡᠭᠡᠳ᠂ 2.8 ᠲᠦᠮᠡᠨ ᠬᠦᠮᠦᠨ ᠳᠤ ᠠᠰᠢᠭ  ᠬᠦᠷᠳᠡᠭᠡᠭᠰᠡᠨ ᠪᠠᠶᠢᠨ᠎ᠠ᠃  ᠪᠦᠬᠦ ᠤᠷᠤᠨ  ᠤ ᠬᠤᠳᠠ ᠶᠢᠨ ︽ᠬᠤᠤᠰ ᠵᠠᠰᠠᠯᠳᠠ︾ ︵ᠬᠤᠳᠠ ᠶᠢ ᠵᠠᠰᠠᠵᠤ ᠨᠦᠬᠦᠪᠦᠷᠢᠯᠡᠬᠦ᠂ ᠠᠮᠢ ᠠᠬᠤᠢ ᠶᠢ ᠵᠠᠰᠠᠵᠤ ᠰᠡᠷᠬᠦᠬᠡᠬᠦ︶ ᠶᠢᠨ ᠲᠤᠷᠰᠢᠯᠳᠠ ᠶᠢᠨ ᠴᠡᠭ  ᠪᠤᠯᠵᠤ᠂ ᠪᠠᠷᠠᠭᠤᠨ  ᠠᠭᠤᠯᠠ   ᠶᠢᠨ ᠦᠨᠳᠦᠰᠦᠳᠡᠨ ᠤ ᠴᠡᠴᠡᠷᠯᠢᠭ᠂ ᠬᠤᠶᠢᠳᠤ ᠠᠭᠤᠯᠠ   ᠶᠢᠨ ᠤᠢ ᠰᠢᠭᠤᠢ ᠶᠢᠨ ᠴᠡᠴᠡᠷᠯᠢᠭ  ᠂ ᠠᠮᠢ ᠠᠬᠤᠢ ᠶᠢᠨ ᠤᠰᠤᠨ ᠤ ᠰᠢᠰᠲ᠋ᠧᠮ ᠤᠨ ᠴᠡᠴᠡᠷᠯᠢᠭ  ᠪᠠ  ᠪᠡᠶ᠎ᠡ ᠴᠢᠬᠢᠷᠠᠭᠵᠢᠭᠤᠯᠬᠤ ᠠᠭᠤᠳᠠᠮ ᠲᠠᠯᠠᠪᠠᠢ ᠶᠢᠨ ᠪᠦᠳᠦᠭᠡᠨ ᠪᠠᠶᠢᠭᠤᠯᠤᠯᠳᠠ ᠶᠢᠨ ᠲᠦᠯᠦᠪᠵᠢᠬᠦᠯᠬᠡ ᠶᠢ ᠬᠢᠪᠡ᠃  ᠤᠷᠴᠢᠨ ᠲᠤᠭᠤᠷᠢᠨ ᠤ ᠠᠷᠢᠭᠤᠨ ᠴᠡᠪᠡᠷ ᠤᠨ ᠴᠡᠭᠴᠡᠯᠡᠯᠳᠡ ᠶᠢᠨ ᠡᠷᠴᠢᠮ ᠢ ᠦᠷᠬᠦᠯᠵᠢᠯᠡᠨ ᠴᠢᠩᠭᠠᠷᠠᠭᠤᠯᠵᠤ᠂  ᠬᠤᠳᠠ ᠶᠢᠨ ᠲᠤᠭᠤᠷᠢᠭ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢ ᠲᠤᠰᠬᠠᠢ ᠠᠵᠤ ᠠᠬᠤᠶᠢᠯᠠᠯ ᠳᠤ ᠲᠤᠰᠢᠶᠠᠨ ᠬᠠᠷᠢᠭᠤᠴᠠᠭᠤᠯᠵᠤ᠂ ᠰᠠᠯᠠᠩ ᠪᠤᠵᠠᠷ ᠮᠠᠭᠤᠬᠠᠢ ᠦᠵᠡᠭᠳᠡᠯ ᠢ ᠲᠤᠶᠢᠯᠪᠤᠷᠢᠳᠠᠢ ᠬᠤᠪᠢᠷᠠᠭᠤᠯᠤᠭᠰᠠᠨ ᠪᠠᠶᠢᠨ᠎ᠠ᠃         ︽ᠠᠷᠪᠠ ᠶᠢ ᠪᠦᠷᠬᠦᠬᠦᠯᠬᠦ︾ ᠢᠨᠵᠧᠨᠧᠷᠢᠩ ᠢ ᠭᠡᠷᠡᠭᠵᠢᠬᠦᠯᠬᠦ ᠬᠤᠭᠤᠴᠠᠭᠠᠨ ᠳᠤ᠂ ᠲᠤᠰ ᠬᠤᠰᠢᠭᠤ ᠨᠢ 18.9 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ ᠂  1.3 ᠲᠦᠮᠡᠨ ᠡᠷᠦᠬᠡ ᠶᠢᠨ ᠨᠤᠷᠠᠬᠤ ᠠᠶᠤᠯᠳᠠᠢ ᠭᠡᠷ ᠪᠠᠶᠢᠰᠢᠩ   ᠳᠤ ᠦᠬᠡᠷᠡᠴᠢᠯᠡᠯᠳᠡ  ᠬᠢᠵᠦ᠂ 2.9 ᠲᠦᠮᠡᠨ ᠰᠠᠭᠤᠷᠢ ᠠᠶᠤᠯᠳᠠᠢ ᠭᠡᠷ ᠪᠠᠶᠢᠰᠢᠩ ᠢ ᠨᠤᠷᠠᠭᠠᠨ  ᠂ 1.66 ᠲᠦᠮᠡᠨ ᠰᠠᠭᠤᠷᠢ ᠭᠡᠷ ᠪᠠᠶᠢᠰᠢᠩ ᠢ ᠰᠡᠯᠪᠢᠨ ᠵᠠᠰᠠᠵᠤ᠂ 224 ᠲᠦᠮᠡᠨ ᠮᠧᠲᠷ ᠬᠦᠷᠢᠶ᠎ᠡ ᠬᠠᠰᠢᠶ᠎ᠠ ᠶᠢ ᠵᠠᠰᠠᠵᠤ ᠪᠠᠶᠢᠭᠤᠯᠤᠨ᠂ 652 ᠺᠢᠯᠤᠮᠧᠲᠷ ᠵᠡᠬᠡᠯᠢ ᠭᠤᠳᠤᠮᠵᠢ ᠶᠢ ᠬᠠᠳᠠᠭᠤᠷᠠᠭᠤᠯᠵᠤ᠂ 1.1 ᠲᠦᠮᠡᠨ ᠬᠦᠮᠦᠨ ᠠᠮᠠ ᠶᠢᠨ ᠤᠰᠤ ᠤᠮᠳᠠ ᠶᠢᠨ ᠠᠰᠠᠭᠤᠳᠠᠯ ᠢ  ᠰᠢᠢᠳᠪᠦᠷᠢᠯᠡᠨ᠂ 21 ᠰᠠᠭᠤᠷᠢ ᠰᠤᠷᠭᠠᠭᠤᠯᠢ ᠶᠢᠨ ᠭᠡᠷ ᠪᠠᠶᠢᠰᠢᠩ ᠢ ᠰᠢᠨ᠎ᠡ ᠪᠠᠷ ᠪᠠᠶᠢᠭᠤᠯᠬᠤ ᠪᠤᠶᠤ ᠦᠬᠡᠷᠡᠴᠢᠯᠡᠨ ᠪᠠᠶᠢᠭᠤᠯᠵᠤ᠂ ᠪᠠᠷᠢᠮᠵᠢᠶᠠᠳᠤ ᠡᠷᠡᠬᠦᠯ ᠬᠠᠮᠠᠭᠠᠯᠠᠯ ᠤᠨ ᠦᠷᠦᠭᠡ 108 ᠶᠢ ᠪᠠᠶᠢᠭᠤᠯᠤᠨ᠂ 16180  ᠡᠷᠦᠬᠡ ᠳᠤ ᠷᠠᠳᠢᠤ᠋ ᠲᠧᠯᠸᠢᠰ ᠲᠠᠮᠵᠢᠭᠤᠯᠭ᠎ᠠ ᠶᠢᠨ ᠲᠦᠬᠦᠭᠡᠷᠦᠮᠵᠢ ᠤᠭᠰᠠᠷᠠᠵᠤ᠂  ᠠᠷᠠᠳ   ᠲᠤ ᠲᠦᠬᠦᠮ ᠦᠵᠡᠬᠦᠯᠬᠦ ᠴᠢᠯᠦᠬᠡᠳᠦ ᠲᠡᠯᠬᠡᠬᠦᠷ 25 ᠶᠢ ᠪᠠᠶᠢᠭᠤᠯᠤᠨ᠂  ᠬᠤᠭ ᠨᠤᠪᠰᠢ ᠶᠢᠨ ᠬᠠᠶᠢᠷᠴᠠᠭ 1748 ᠶᠢ ᠲᠤᠬᠢᠷᠠᠭᠤᠯᠵᠤ᠂  ᠨᠡᠶᠢᠳᠡ ᠶᠢᠨ ᠵᠤᠷᠯᠤᠩ 336 ᠶᠢ ᠪᠠᠶᠢᠭᠤᠯᠤᠨ᠂ ᠨᠢᠯᠬ᠎ᠠ ᠮᠤᠳᠤ 53 ᠲᠦᠮᠡᠨ ᠪᠤᠳᠠ ᠲᠠᠷᠢᠵᠤ᠂ ᠮᠠᠯᠵᠢᠬᠤ ᠲᠠᠷᠢᠶᠠᠯᠠᠬᠤ ᠤᠷᠤᠨ  ᠤ ᠤᠷᠴᠢᠨ ᠲᠤᠭᠤᠷᠢᠨ ᠤ ᠦᠩᠬᠡ ᠲᠦᠷᠬᠦ ᠳᠤ ᠲᠡᠦᠬᠡᠳᠦ ᠴᠢᠨᠠᠷᠳᠠᠢ ᠬᠤᠪᠢᠷᠠᠯᠳᠠ ᠭᠠᠷᠤᠭᠰᠠᠨ ᠪᠠᠶᠢᠨ᠎ᠠ᠃  ᠦᠪᠡᠷᠳᠡᠭᠡᠨ ᠵᠠᠰᠠᠬᠤ ᠤᠷᠤᠨ ᠠᠴᠠ  ᠲᠤᠰ ᠬᠤᠰᠢᠭᠤᠨ ᠤ 29 ᠭᠠᠴᠠᠭ᠎ᠠ ᠲᠤᠰᠬᠤᠨ ᠢ ᠰᠢᠨ᠎ᠡ ᠮᠠᠯᠵᠢᠬᠤ ᠲᠠᠷᠢᠶᠠᠯᠬᠤ ᠤᠷᠤᠨ ᠤ ᠪᠦᠳᠦᠭᠡᠨ ᠪᠠᠶᠢᠭᠤᠯᠤᠯᠳᠠ ᠶᠢᠨ ᠵᠢᠱᠢᠶ᠎ᠡ ᠦᠵᠡᠬᠦᠯᠬᠦ  ᠴᠡᠭ ᠪᠤᠯᠭᠠᠵᠤ᠂ ᠴᠢᠶᠠᠨ ᠶᠢᠨ ᠭᠸᠦ ᠪᠠᠯᠭᠠᠰᠤᠨ ᠤ ᠳ᠋ᠠ ᠭᠧ  ᠳ᠋ᠦᠩ ᠲᠤᠰᠬᠤᠨ ᠨᠢ  ᠪᠦᠬᠦ ᠤᠯᠤᠰ ᠤᠨ ᠲᠠᠪᠤᠳᠤᠭᠠᠷ ᠬᠤᠭᠤᠴᠠᠭᠠᠨ ᠤ ᠪᠤᠯᠪᠠᠰᠤᠨ ᠲᠤᠰᠬᠤᠨ ᠢᠶᠠᠷ ᠦᠡᠨᠡᠯᠡᠭᠳᠡᠵᠡᠢ᠃       ᠪᠡᠯᠴᠢᠭᠡᠷ ᠰᠡᠷᠬᠦᠬᠡᠵᠦ ᠪᠡᠯᠴᠢᠭᠡᠷᠯᠡᠬᠦᠯᠬᠦ ᠶᠢ ᠴᠠᠭᠠᠵᠠᠯᠠᠬᠤ ᠲᠦᠷᠢᠮ ᠢ ᠴᠢᠩᠭ᠎ᠠ ᠭᠡᠷᠡᠭᠵᠢᠬᠦᠯᠵᠦ᠂ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢᠨ ᠱᠠᠩᠨᠠᠯ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ ᠨᠠᠷᠢᠨ ᠨᠢᠮᠪᠠᠢ ᠨᠠᠶᠢᠳᠠᠪᠤᠷᠢᠵᠢᠭᠤᠯᠤᠨ᠂ ᠨᠤᠳᠤᠭ ᠪᠡᠯᠴᠢᠭᠡᠷ ᠤᠨ ᠦᠮᠴᠢᠯᠡᠯ ᠤᠨ ᠡᠷᠭᠡ  ᠶᠢ ᠲᠤᠳᠤᠯᠠᠬᠤ᠂ ᠲᠠᠷᠢᠶᠠᠯᠠᠬᠤ ᠤᠷᠤᠨ ᠤ ᠦᠨᠳᠦᠰᠦᠨ ᠨᠤᠳᠤᠭ ᠪᠡᠯᠴᠢᠭᠡᠷ ᠢ ᠢᠯᠭᠠᠨ ᠲᠤᠭᠳᠠᠭᠠᠬᠤ ᠠᠵᠢᠯ ᠦᠨᠳᠦᠰᠦᠨ ᠳᠡᠭᠡᠨ ᠪᠡᠶᠡᠯᠡᠭᠳᠡᠪᠡ᠃  ᠭᠤᠷᠪᠠᠨ ᠵᠢᠯ ᠤᠨ ᠴᠢᠷᠮᠠᠶᠢᠯᠭ᠎ᠠ ᠪᠠᠷ ᠲᠠᠮᠵᠢᠭᠠᠳ᠂  ᠲᠠᠷᠢᠶᠠᠯᠠᠬᠤ ᠤᠷᠤᠨ ᠤ 130.8 ᠲᠦᠮᠡᠨ ᠮᠤ᠋ ᠭᠠᠵᠠᠷ ᠰᠢᠷᠤᠢ ᠶᠢᠨ ᠦᠮᠴᠢᠯᠡᠯ ᠤᠨ ᠡᠷᠭᠡ ᠶᠢ ᠲᠤᠳᠤᠯᠠᠵᠤ ᠦᠨᠡᠮᠯᠡᠯ  ᠤᠯᠭᠤᠭᠠᠳ᠂ 16.6 ᠲᠦᠮᠡᠨ ᠲᠠᠷᠢᠶᠠᠴᠢᠨ ᠤ ᠰᠡᠳᠬᠢᠯ ᠰᠠᠨᠠᠭ᠎ᠠ ᠶᠢ  ᠠᠮᠤᠷᠵᠢᠭᠤᠯᠵᠠᠢ᠃  ᠪᠡᠭᠡᠵᠢᠩ ᠲᠢᠶᠠᠨᠵᠢᠨ ᠤ ᠡᠷᠬᠢᠨ ᠲᠤᠭᠤᠷᠢᠨ ᠤ ᠡᠯᠡᠰᠦᠨ ᠤ ᠡᠬᠢ ᠶᠢ ᠵᠠᠰᠠᠬᠤ ᠵᠡᠷᠭᠡ ᠠᠮᠢ ᠠᠬᠤᠢ   ᠶᠢᠨ ᠪᠦᠳᠦᠭᠡᠨ ᠪᠠᠶᠢᠭᠤᠯᠤᠯᠳᠠ ᠶᠢᠨ ᠢᠨᠵᠧᠨᠧᠷᠢᠩ   ᠢ ᠨᠠᠷᠢᠨ ᠨᠢᠮᠪᠠᠢ ᠵᠤᠬᠢᠶᠠᠨ ᠪᠠᠶᠢᠭᠤᠯᠵᠤ ᠭᠡᠷᠡᠭᠵᠢᠬᠦᠯᠦᠨ᠂ 46.12 ᠲᠦᠮᠡᠨ ᠮᠤ᠋ ᠤᠢ ᠰᠢᠭᠤᠢ ᠶᠢᠨ ᠶᠡᠷᠦᠩᠬᠡᠶᠢᠯᠡᠭᠰᠡᠨ ᠪᠦᠳᠦᠭᠡᠨ ᠪᠠᠶᠢᠭᠤᠯᠤᠯᠳᠠ ᠶᠢ ᠬᠢᠵᠦ᠂  ᠤᠢ ᠮᠤᠳᠤᠨ ᠤ ᠪᠦᠷᠬᠦᠴᠡ 20.3 % ᠳᠤ ᠬᠦᠷᠦᠭᠰᠡᠨ ᠪᠠᠶᠢᠨ᠎ᠠ᠃  ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠢᠨᠠᠨ ᠵᠦᠪᠰᠢᠶᠡᠷᠡᠬᠦ  ᠪᠤᠭᠤᠮᠳᠠ ᠶᠢ ᠴᠢᠩᠭ᠎ᠠ ᠰᠠᠬᠢᠵᠤ᠂  ᠦᠢᠯᠡᠳᠪᠦᠷᠢᠯᠡᠯ ᠤᠨ ᠴᠢᠳᠠᠪᠤᠷᠢ   ᠪᠠᠷ ᠬᠤᠴᠤᠷᠤᠩᠭᠤᠢ  ᠦᠢᠯᠡᠳᠪᠦᠷᠢ ᠠᠭᠤᠷᠬᠠᠢ ᠶᠢ ᠰᠢᠭᠰᠢᠨ  ᠴᠡᠪᠡᠷᠯᠡᠵᠦ᠂  ᠡᠨᠧᠷᠬᠢ ᠶᠢᠨ ᠬᠤᠷᠤᠭᠳᠠᠯ᠂  ᠤᠰᠤ ᠭᠡᠷᠡᠭᠯᠡᠬᠦ ᠬᠡᠮᠵᠢᠶ᠎ᠡ᠂ ᠪᠤᠬᠢᠷᠳᠤᠯ ᠭᠠᠳᠠᠭᠰᠢᠯᠠᠭᠤᠯᠤᠯᠳᠠ ᠵᠡᠷᠭᠡ ᠵᠢᠭᠠᠯᠳᠠ ᠲᠤᠭ᠎ᠠ ᠶᠢ ᠤᠯᠠᠮ ᠨᠢᠬᠡ ᠠᠯᠬᠤᠮ ᠲᠤᠷᠤᠭᠰᠢᠯᠠᠭᠤᠯᠵᠤ᠂  ᠪᠤᠤᠴᠠᠩ ᠪᠠᠯᠭᠠᠰᠤᠨ ᠤ ᠪᠤᠬᠢᠷ ᠤᠰᠤ ᠰᠢᠢᠳᠪᠦᠷᠢᠯᠡᠬᠦ ᠦᠢᠯᠡᠳᠪᠦᠷᠢ᠂ ᠲᠠᠯ᠎ᠠ ᠨᠤᠳᠤᠭ ᠠᠷᠢᠬᠢ ᠨᠡᠷᠡᠬᠦ ᠺᠤᠮᠫᠠᠨᠢ ᠶᠢᠨ ᠪᠤᠬᠢᠷ ᠤᠰᠤ ᠰᠢᠢᠳᠪᠦᠷᠢᠯᠡᠬᠦ ᠦᠢᠯᠡᠳᠪᠦᠷᠢ ᠨᠢ ᠤᠯᠤᠰ ᠤᠨ ᠪᠠᠷᠢᠮᠵᠢᠶ᠎ᠠ ᠪᠠᠷ ᠪᠤᠬᠢᠷᠳᠤᠯ ᠭᠠᠳᠠᠭᠰᠢᠯᠠᠭᠤᠯᠬᠤ ᠪᠤᠯᠵᠠᠢ᠃  ᠵᠠᠮ ᠬᠠᠷᠢᠯᠴᠠᠭᠠᠨ ᠤ ᠲᠦᠬᠦᠭᠡᠷᠦᠮᠵᠢ ᠡᠳᠦᠷ ᠠᠴᠠ ᠡᠳᠦᠷ ᠲᠡᠬᠦᠯᠳᠡᠷᠵᠢᠵᠦ᠂ ᠵᠠᠰᠠᠮᠠᠯ ᠵᠠᠮ ᠤᠨ ᠶᠡᠷᠦᠩᠬᠡᠢ ᠤᠷᠳᠤ 1384 ᠺᠢᠯᠤᠮᠧᠲᠷ  ᠲᠤ ᠬᠦᠷᠴᠦ᠂  ᠰᠢᠯᠢᠩᠬᠤᠳᠠ ᠠᠴᠠ ᠴᠢᠭᠤᠯᠤᠯᠳᠤ ᠬᠠᠭᠠᠯᠭ᠎ᠠ ᠬᠦᠷᠬᠦ ᠬᠤᠷᠳᠤᠨ ᠤ ᠵᠠᠮ᠂ 222 ᠱᠤᠭᠤᠮ ᠤᠨ ᠪᠤᠤᠴᠠᠩ ᠠᠴᠠ ᠬᠦᠶᠤᠸᠠᠨ ᠬᠦᠷᠬᠦ ᠵᠠᠰᠠᠮᠠᠯ ᠵᠠᠮ ᠪᠠᠶᠢᠭᠤᠯᠤᠭᠳᠠᠨ ᠲᠡᠷᠭᠡ ᠨᠡᠪᠳᠡᠷᠡᠵᠦ᠂  ᠪᠤᠤ ᠴᠢ᠂ ᠪᠤᠤ ᠬᠤᠩ᠂  ᠪᠤᠤ ᠮᠤ᠋᠂  ᠴᠢᠶᠠᠨ ᠫᠤᠤ ᠲᠦᠷᠪᠡᠨ ᠵᠤᠷᠪᠤᠰ  ᠰᠤᠮᠤ ᠰᠢᠶᠠᠩ ᠪᠠᠯᠭᠠᠰᠤ ᠳᠤ ᠨᠡᠪᠳᠡᠷᠡᠬᠦ  ᠵᠠᠰᠠᠮᠠᠯ ᠵᠠᠮ ᠤᠨ ᠪᠦᠳᠦᠭᠡᠨ ᠪᠠᠶᠢᠭᠤᠯᠤᠯᠳᠠ ᠪᠦᠬᠦ ᠲᠠᠯᠠᠪᠠᠷ  ᠡᠬᠢᠯᠡᠭᠰᠡᠨ ᠤ ᠬᠠᠮᠳᠤ᠂ 608 ᠺᠢᠯᠤᠮᠧᠲᠷ ᠭᠠᠴᠠᠭ᠎ᠠ ᠲᠤᠰᠬᠤᠨ ᠳᠤ ᠨᠡᠪᠳᠡᠷᠡᠬᠦ  ᠵᠠᠰᠠᠮᠠᠯ ᠵᠠᠮ   ᠢ ᠪᠠᠶᠢᠭᠤᠯᠵᠤ᠂ ᠭᠠᠴᠠᠭ᠎ᠠ ᠲᠤᠰᠬᠤᠨ ᠳᠤ ᠵᠠᠰᠠᠮᠠᠯ ᠵᠠᠮ ᠨᠡᠪᠳᠡᠷᠡᠬᠦ ᠨᠤᠷᠮ᠎ᠠ 100 %  ᠳᠤ ᠬᠦᠷᠦᠭᠰᠡᠨ ᠪᠠᠶᠢᠨ᠎ᠠ᠃  ᠤᠰᠤᠨ ᠠᠰᠢᠭᠯᠠᠯᠳᠠ ᠶᠢᠨ ᠪᠦᠳᠦᠭᠡᠨ ᠪᠠᠶᠢᠭᠤᠯᠤᠯᠳᠠ ᠤᠯᠠᠮ ᠨᠢᠬᠡ ᠠᠯᠬᠤᠮ ᠴᠢᠩᠭᠠᠷᠠᠨ᠂ ᠠᠶᠤᠯᠬᠦᠢ ᠤᠰᠤ ᠤᠮᠳᠠ ᠶᠢᠨ ᠢᠨᠵᠧᠨᠧᠷᠢᠩ 70 ᠰᠠᠭᠤᠷᠢ ᠶᠢ ᠭᠡᠷᠡᠭᠵᠢᠬᠦᠯᠵᠦ᠂ 1.97 ᠲᠦᠮᠡᠨ ᠬᠦᠮᠦᠨ᠂ 10.7 ᠲᠦᠮᠡᠨ ᠮᠠᠯ ᠤᠨ ᠤᠤᠭᠤᠬᠤ ᠤᠰᠤᠨ ᠤ ᠠᠰᠠᠭᠤᠳᠠᠯ ᠢ ᠰᠢᠢᠳᠪᠦᠷᠢᠯᠡᠭᠰᠡᠨ ᠪᠦᠬᠡᠳ 3 ᠵᠤᠷᠪᠤᠰ ᠭᠤᠤᠯ ᠤᠨ 20 ᠺᠢᠯᠤᠮᠧᠲᠷ ᠭᠤᠯᠳᠤᠷᠢᠯ ᠢ ᠵᠠᠰᠠᠵᠤ᠂ 4 ᠰᠠᠭᠤᠷᠢ ᠤᠰᠤᠨ ᠴᠦᠬᠦᠷᠦᠮ ᠢ ᠪᠠᠬᠢᠯᠡᠨ ᠵᠠᠰᠠᠵᠠᠢ᠃  
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号