ᠵᠠᠰᠠᠭ   ᠤᠨ  ᠣᠷᠳᠣᠨ   ᠤ  ᠠᠵᠢᠯ   ᠤᠨ  ᠢᠯᠡᠳᠬᠡᠯ
ᠨᠡᠶᠢᠲᠡᠯᠡᠭᠰᠡᠨ ᠴᠠᠭ᠄
2018/1/17
ᠲᠠᠶᠢᠹᠤᠰᠧ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ   ᠤᠨᠶᠡᠭᠡ  ᠬᠤᠷᠠᠯ   ᠤᠨ  ᠨᠢᠬᠡᠳᠦᠭᠡᠷ  ᠤᠳᠠᠭᠠᠨ   ᠤ  ᠬᠤᠷᠠᠯᠳᠤᠭᠠᠨ   ᠤ  ᠪᠢᠴᠢᠭ  ᠮᠠᠲ᠋ᠧᠷᠢᠶᠠᠯ  ︵16︶                                                                                                              ᠵᠠᠰᠠᠭ   ᠤᠨ   ᠣᠷᠳᠣᠨ   ᠤ   ᠠᠵᠢᠯ   ᠤᠨ   ᠢᠯᠡᠳᠬᠡᠯ                                                                          2018 ᠣᠨ ᠤ 1 ᠰᠠᠷᠠᠶᠢᠨ 6   ᠤ ᠡᠳᠦᠷ   ᠤᠨ ᠲᠠᠶᠢᠹᠤᠰᠧ ᠬᠤᠰᠢᠭᠤᠨ ᠤ ᠠᠷᠪᠠᠨ  ᠲᠠᠪᠤᠳᠤᠭᠠᠷ  ᠬᠤᠭᠤᠴᠠᠭᠠᠨ ᠤ                                                                          ᠠᠷᠠᠳ   ᠤᠨ  ᠲᠥᠯᠥᠭᠡᠯᠡᠭᠴᠢᠳ ᠤᠨ  ᠶᠡᠭᠡ  ᠬᠤᠷᠠᠯ   ᠤᠨ  ᠨᠢᠬᠡᠳᠦᠭᠡᠷ   ᠤᠳᠠᠭᠠᠨ   ᠤ  ᠬᠤᠷᠠᠯᠳᠤᠭᠠᠨ  ᠳᠡᠭᠡᠷ᠎ᠡ                                                                                                                                                                                              ᠬᠡᠤ  ᠴᠧᠩ  ᠳ᠋ᠦᠩ ᠲᠦᠯᠦᠭᠡᠯᠡᠭᠴᠢᠳ ᠡ  ᠄       ᠳᠣᠣᠷ᠎ᠠ  ᠪᠢ  ᠬᠤᠰᠢᠭᠤ  ᠵᠠᠰᠠᠭ   ᠤᠨ ᠣᠷᠳᠣᠨ   ᠢ ᠲᠦᠯᠦᠭᠡᠯᠡᠵᠦ  ᠶᠡᠭᠡ  ᠬᠤᠷᠠᠯ   ᠳᠤ  ᠠᠵᠢᠯ ᠤᠨ  ᠢᠯᠡᠳᠭᠡᠯ  ᠬᠢᠶ᠎ᠡ  ᠂  ᠬᠢᠨᠠᠨ  ᠵᠥᠪᠯᠡᠬᠦ  ᠪᠣᠯᠪᠠᠤ  ᠂ ᠮᠦᠨ ᠴᠤ  ᠤᠯᠤᠰ  ᠲᠥᠷᠥ   ᠶᠢᠨ  ᠵᠥᠪᠯᠡᠯᠭᠡᠨ   ᠤ  ᠭᠡᠰᠢᠭᠦᠳ  ᠪᠣᠯᠣᠨ  ᠬᠤᠷᠠᠯ   ᠳᠤ  ᠰᠤᠯᠨ ᠣᠷᠣᠯᠴᠠᠭᠰᠠᠨ  ᠨᠦᠬᠦᠳ   ᠠᠴᠠ  ᠰᠠᠨᠠᠯ   ᠢᠶᠠᠨ ᠲᠤᠷᠠᠳᠬᠤ ᠶᠢ ᠬᠦᠰᠡᠵᠦ ᠪᠠᠶᠢᠨ᠎ᠠ  ᠃      ᠨᠢᠭᠡ  ᠂  ᠦᠩᠭᠡᠷᠡᠬᠦ ᠲᠠᠪᠤᠨ ᠵᠢᠯ ᠤᠨ ᠠᠵᠢᠯ ᠤᠨ ᠡᠷᠬᠢᠴᠡᠬᠦᠯᠦᠯ        ᠠᠷᠪᠠᠨ ᠲᠦᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠤᠰᠢᠶᠠᠯ ᠡᠬᠦᠷᠭᠡᠯᠡᠭᠰᠡᠨ ᠲᠠᠪᠤᠨ ᠵᠢᠯ ᠪᠤᠯ ᠲᠠᠶᠢᠹᠤᠰᠧ ᠬᠤᠰᠢᠭᠤᠨ ᠤ ᠬᠦᠭᠵᠢᠯᠳᠡ ᠶᠢᠨ ᠠᠶᠠᠨ ᠵᠠᠮ ᠳᠠᠬᠢ ᠲᠤᠶᠢᠯ  ᠤᠨ ᠴᠢᠬᠤᠯᠠ ᠲᠠᠪᠤᠨ ᠵᠢᠯ ᠪᠤᠯᠤᠨ᠎ᠠ᠃ ᠲᠠᠪᠤᠨ ᠵᠢᠯ ᠤᠨ ᠲᠤᠷᠰᠢ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ  ᠤᠨ ᠵᠠᠬᠢᠷᠭ᠎ᠠ ᠬᠢᠭᠡᠳ ᠬᠤᠰᠢᠭᠤ ᠨᠠᠮ ᠤᠨ ᠬᠤᠷᠢᠶᠠᠨ ᠤ ᠡᠷᠡᠰ ᠪᠠᠳᠤ ᠤᠳᠤᠷᠢᠳᠤᠯᠭ᠎ᠠ  ᠂  ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠬᠡᠨ ᠤ ᠬᠢᠨᠠᠯᠳᠠ ᠪᠠ ᠲᠡᠮᠵᠢᠯᠬᠡ ᠲᠤᠤᠷ᠎ᠠ᠂  ᠪᠦᠬᠦ ᠬᠤᠰᠢᠭᠤ ᠲᠠᠶᠠᠭᠠᠷ ᠪᠦᠯᠬᠦᠮᠳᠡᠨ ᠨᠢᠬᠳᠠᠷᠠᠵᠤ ᠬᠠᠳᠠᠭᠤᠵᠢᠯᠳᠠᠢ ᠲᠡᠮᠡᠴᠡᠵᠦ ᠪᠠᠶᠢᠭᠠᠳ᠂ ᠠᠷᠪᠠᠨ ᠲᠦᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠲᠡᠭᠡᠷ᠎ᠡ ᠲᠤᠭᠳᠠᠭᠰᠠᠨ ᠡᠯ᠎ᠡ ᠲᠦᠷᠦᠯ ᠤᠨ ᠡᠬᠦᠷᠭᠡ ᠬᠠᠷᠠᠯᠳᠠ ᠶᠢ ᠠᠮᠵᠢᠯᠳᠠᠳᠠᠢ ᠪᠡᠶᠡᠯᠡᠬᠦᠯᠵᠦ᠂ ᠲᠠᠶᠢᠹᠤᠰᠧ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠰᠢᠨ᠎ᠡ ᠬᠡᠪ ᠪᠠᠶᠢᠳᠠᠯ ᠢ ᠡᠬᠦᠳᠦᠭᠰᠡᠨ ᠪᠠᠶᠢᠨ᠎ᠠ᠃          — —   ᠬᠦᠭᠵᠢᠬᠦᠯᠬᠦ  ᠲᠡᠷᠢᠬᠦᠨ ᠡᠬᠦᠷᠭᠡ ᠶᠢ  ᠴᠢᠩᠭ᠎ᠠ ᠠᠳᠬᠤᠵᠤ᠂ ᠠᠵᠤ ᠠᠬᠤᠢ ᠶᠢᠨ ᠶᠡᠷᠦᠩᠬᠡᠶᠢᠯᠡᠭᠰᠡᠨ ᠪᠤᠳᠠᠳᠤ ᠬᠦᠴᠦᠨ ᠶᠡᠭᠡ ᠬᠡᠮᠵᠢᠶ᠎ᠡ ᠪᠠᠷ ᠴᠢᠩᠭᠠᠷᠠᠪᠠ᠃   ᠭᠤᠤᠯ ᠪᠤᠯᠬᠤ ᠠᠵᠤ ᠠᠬᠤᠢ ᠶᠢᠨ ᠵᠢᠭᠠᠯᠳᠠ ᠲᠤᠭᠠᠨ ᠤ ᠨᠡᠮᠡᠭᠳᠡᠯ ᠤᠨ ᠬᠤᠷᠳᠤᠴᠠ ᠲᠤᠭᠳᠠᠭᠤᠨ ᠤ ᠲᠤᠮᠳᠠ  ᠲᠡᠭᠡᠭᠰᠢᠯᠡᠵᠦ᠂ ᠣᠷᠣᠨ ᠨᠤᠲᠤᠭ ᠤᠨ ᠦᠢᠯᠡᠳᠪᠦᠷᠢᠯᠡᠯ   ᠤᠨ ᠶᠡᠷᠦᠩᠬᠡᠢ  ᠥᠷᠲᠡᠭ ᠵᠢᠯ ᠳᠤ 8.5 % ᠪᠠᠷ ᠨᠡᠮᠡᠭᠳᠡᠨ᠂ ᠪᠦᠬᠦ ᠨᠡᠶᠢᠬᠡᠮ ᠤᠨ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠵᠢᠯ ᠳᠤ 9.8 % ᠪᠠᠷ ᠨᠡᠮᠡᠭᠳᠡᠵᠦ᠂  ᠨᠡᠶᠢᠳᠡ ᠶᠢᠨ ᠡᠳ᠋   ᠤᠨ  ᠵᠠᠰᠠᠭ   ᠤᠨ ᠲᠦᠰᠦᠪ ᠤᠨ ᠣᠷᠣᠯᠭ᠎ᠠ ᠵᠢᠯ ᠳᠤ 10 % ᠪᠠᠷ ᠨᠡᠮᠡᠭᠳᠡᠨ᠂   ᠨᠡᠶᠢᠬᠡᠮ ᠤᠨ ᠭᠡᠷᠡᠭᠯᠡᠭᠡᠨ ᠤ ᠪᠤᠳᠠᠰ ᠤᠨ ᠵᠢᠵᠢᠭᠯᠡᠨ ᠪᠤᠷᠤᠯᠠᠭᠤᠯᠭ᠎ᠠ ᠶᠢᠨ ᠬᠡᠮᠵᠢᠶ᠎ᠡ ᠵᠢᠯ ᠳᠤ 10 % ᠪᠠᠷ ᠨᠡᠮᠡᠭᠳᠡᠵᠦ᠂  ᠬᠤᠳᠠ  ᠬᠦᠳᠡᠭᠡ ᠶᠢᠨ ᠪᠠᠶᠢᠩᠭᠤ ᠰᠠᠭᠤᠭ᠎ᠠ  ᠰᠠᠭᠤᠭᠠᠯᠢ ᠠᠷᠠᠳ ᠤᠨ ᠬᠦᠮᠦᠨ ᠳᠤᠮᠳᠠᠴᠢ ᠲᠤᠬᠢᠷᠠᠭᠤᠯᠵᠤ ᠪᠤᠯᠬᠤᠶᠢᠴᠠ ᠤᠷᠤᠯᠭ᠎ᠠ ᠵᠢᠯ ᠳᠤ ᠲᠤᠰᠪᠤᠷᠢ 12 %  ᠪᠠ 9 % ᠪᠠᠷ  ᠨᠡᠮᠡᠭᠳᠡᠪᠡ᠃  ᠲᠠᠪᠤᠨ ᠵᠢᠯ ᠳᠤ᠂ ᠭᠤᠤᠯᠳᠠᠯᠭᠠᠳᠠᠢ ᠲᠦᠷᠦᠯ ᠵᠦᠢᠯ 356 ᠶᠢ ᠭᠡᠷᠡᠭᠵᠢᠬᠦᠯᠵᠦ᠂ ᠡᠬᠦᠨ ᠤ ᠲᠤᠳᠤᠷ᠎ᠠ ᠳ᠋ᠦᠩᠰᠢᠭᠤᠷ ᠲᠦᠬᠦᠷᠢᠭ ᠠᠴᠠ ᠲᠡᠭᠡᠭᠰᠢ ᠪᠡᠯᠡ ᠤᠷᠤᠭᠤᠯᠤᠯᠳᠠ ᠲᠠᠢ ᠲᠦᠷᠦᠯ ᠵᠦᠢᠯ 48  ᠪᠠᠶᠢᠵᠤ᠂  ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ 160.2 ᠳ᠋ᠦᠩᠰᠢᠭᠤᠷ ᠲᠦᠬᠦᠷᠢᠭ ᠲᠤ  ᠬᠦᠷᠦᠭᠡᠳ᠂  ᠲᠦᠷᠦ ᠶᠢᠨ ᠪᠤᠳᠤᠯᠭ᠎ᠠ ᠳᠤ ᠨᠡᠶᠢᠴᠡᠭᠰᠡᠨ᠂ ᠪᠤᠳᠠᠳᠤ ᠬᠦᠴᠦᠨ ᠢᠶᠠᠷ ᠴᠢᠩᠭ᠎ᠠ᠂ ᠠᠵᠤ ᠦᠢᠯᠡᠰ ᠤᠨ ᠬᠡᠯᠬᠢᠶᠡᠰᠦᠯᠡᠯ ᠤᠷᠳᠤ᠂ ᠨᠦᠯᠦᠬᠡᠯᠡᠨ ᠲᠠᠶᠢᠴᠢᠯᠠᠬᠤ ᠦᠢᠯᠡᠳᠦᠯ ᠢᠶᠠᠷ ᠰᠠᠶᠢᠨ ᠨᠢᠬᠡ  ᠪᠦᠯᠦᠭ ᠭᠤᠤᠯᠳᠠᠯᠭᠠᠳᠠᠢ ᠲᠦᠷᠦᠯ ᠵᠦᠢᠯ ᠪᠦᠳᠦᠭᠡᠨ ᠪᠠᠶᠢᠭᠤᠯᠤᠯᠳᠠ ᠡᠬᠢᠯᠡᠬᠦ ᠪᠤᠶᠤ ᠦᠢᠯᠡᠳᠪᠦᠷᠢᠯᠡᠯ ᠡᠬᠢᠯᠡᠵᠦ᠂  ᠮᠢᠬ᠎ᠠ᠂ ᠠᠷᠢᠬᠢ᠂ ᠲᠤᠰᠤ᠂ ᠦᠨᠳᠡᠭᠡ᠂ ᠨᠤᠭᠤᠭ᠎ᠠ᠂ ᠡᠮ  ᠂ ᠵᠤᠭᠠᠴᠠᠯ ᠵᠡᠷᠭᠡ ᠤᠷᠤᠨ ᠨᠤᠳᠤᠭ ᠤᠨ ᠤᠨᠴᠠᠯᠢᠭᠳᠤ ᠠᠵᠤ ᠦᠢᠯᠡᠰ ᠠᠩᠬᠠᠨ ᠤ ᠭᠡᠪᠴᠢᠶᠡᠵᠢᠯ ᠳᠡᠭᠡᠨ ᠤᠷᠤᠵᠤ᠂  ᠠᠵᠤ ᠦᠢᠯᠡᠰ ᠤᠨ ᠪᠠᠳᠤ ᠰᠠᠭᠤᠷᠢ ᠶᠢ ᠲᠡᠪᠢᠰᠦᠨ᠂  ᠬᠦᠷᠦᠯᠴᠡᠭᠡ ᠲᠠᠢ ᠵᠠᠯᠭᠠᠮᠵᠢ ᠡᠳ᠋ ᠪᠠᠶᠠᠯᠢᠭ ᠤᠨ ᠡᠬᠢ ᠰᠤᠷᠪᠤᠯᠵᠢ   ᠶᠢ  ᠪᠤᠶᠢᠵᠢᠭᠤᠯᠤᠭᠰᠠᠨ ᠪᠠᠶᠢᠨ᠎ᠠ᠃ ᠪᠡᠭᠡᠵᠢᠩ ᠲᠢᠶᠠᠨᠵᠢᠨ ᠾᠧᠪᠸᠢ   ᠯᠦᠭᠡ ᠬᠠᠮᠳᠤᠷᠠᠨ ᠠᠵᠢᠯᠯᠠᠬᠤ ᠲᠡᠦᠬᠡᠨ ᠠᠵᠠ ᠲᠤᠬᠢᠶᠠᠯ ᠢ  ᠡᠵᠡᠮᠳᠡᠨ᠂ ᠪᠡᠭᠡᠵᠢᠩ  ᠂ ᠱᠧᠩᠵᠧᠨ᠂ ᠾᠧᠪᠸᠢ ᠵᠡᠷᠭᠡ ᠭᠠᠵᠠᠷ ᠤᠷᠤᠨ ᠲᠠᠢ ᠤᠯᠠᠨ ᠲᠡᠰ ᠲᠠᠪᠬᠤᠷᠭ᠎ᠠ ᠶᠢᠨ᠂ ᠪᠦᠬᠦ ᠤᠷᠤᠨ ᠪᠦᠰᠡ ᠶᠢᠨ ᠵᠤᠯᠭᠠᠯᠴᠠᠭ᠎ᠠ ᠬᠢᠵᠦ᠂ ᠲᠤᠮᠤ ᠲᠤᠭ᠎ᠠ ᠪᠠᠷᠢᠮᠳᠠ ᠶᠢᠨ ᠬᠦᠮᠦᠷᠭᠡ  ᠂ ᠠᠮᠢᠳᠤ ᠪᠤᠳᠠᠰ ᠤᠨ ᠰᠢᠨᠵᠢᠯᠡᠭᠡ ᠮᠡᠷᠭᠡᠵᠢᠯ ᠵᠢᠴᠢ ᠰᠢᠨ᠎ᠡ ᠬᠡᠯᠪᠡᠷᠢ ᠶᠢᠨ ᠮᠠᠲ᠋ᠧᠷᠢᠶᠠᠯ᠂  ᠪᠤᠬᠢᠷᠳᠤᠯ ᠦᠬᠡᠢ ᠲᠦᠬᠦᠭᠡᠷᠦᠮᠵᠢ᠂ ᠴᠠᠭᠠᠰᠤ ᠰᠦᠯᠢᠶᠤᠤ ᠶᠢᠨ ᠪᠦᠳᠦᠭᠡᠭᠳᠡᠬᠦᠨ ᠦᠢᠯᠡᠳᠪᠦᠷᠢᠯᠡᠬᠦ ᠵᠡᠷᠭᠡ ᠨᠢᠬᠡ ᠪᠦᠯᠦᠭ ᠭᠤᠤᠯᠳᠠᠯᠭᠠᠳᠠᠢ ᠲᠦᠷᠦᠯ ᠵᠦᠢᠯ   ᠢ ᠨᠤᠳᠤᠭᠰᠢᠭᠤᠯᠤᠭᠠᠳ ᠂ ᠤᠯᠠᠨ ᠡᠰᠢᠴᠢᠯᠡᠯ ᠢᠶᠠᠷ ᠬᠦᠭᠵᠢᠵᠦ᠂ ᠤᠯᠠᠨ ᠲᠤᠶᠢᠯ ᠢᠶᠠᠷ ᠲᠤᠯᠭᠠᠭᠤᠷᠢᠯᠠᠭᠰᠠᠨ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮᠵᠢ ᠶᠢ ᠠᠩᠬ᠎ᠠ ᠠᠯᠬᠤᠮ ᠡᠬᠦᠳᠦᠨ ᠪᠠᠶᠢᠭᠤᠯᠪᠠ᠃        — — ᠬᠠᠩᠭᠠᠯᠭ᠎ᠠ ᠶᠢᠨ ᠲᠠᠯ᠎ᠠ ᠶᠢᠨ ᠪᠦᠷᠢᠯᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠲᠦᠯᠬᠢᠨ ᠠᠬᠢᠭᠤᠯᠵᠤ᠂ ᠠᠵᠤ ᠦᠢᠯᠡᠰ ᠤᠨ ᠬᠦᠭᠵᠢᠯᠳᠡ ᠶᠢᠨ ᠶᠠᠰᠤ ᠴᠢᠨᠠᠷ ᠦᠷᠬᠦᠯᠵᠢᠯᠡᠨ  ᠰᠠᠶᠢᠵᠢᠷᠠᠪᠠ᠃ ᠰᠢᠨ᠎ᠡ ᠬᠦᠭᠵᠢᠯᠳᠡ ᠶᠢᠨ ᠤᠶᠢᠯᠠᠭᠠᠭᠳᠠᠬᠤᠨ ᠢ ᠢᠳᠡᠪᠬᠢᠳᠡᠢ ᠲᠤᠤᠱᠯᠠᠭᠤᠯᠵᠤ᠂  ᠬᠦᠭᠵᠢᠯᠳᠡ ᠶᠢᠨ ᠰᠡᠳᠬᠢᠴᠡ ᠪᠠᠨ ᠰᠢᠯᠤᠭᠤᠳᠬᠠᠵᠤ᠂  ᠬᠦᠭᠵᠢᠯᠳᠡ ᠶᠢᠨ ᠬᠡᠯᠪᠡᠷᠢ ᠶᠢ ᠬᠤᠪᠢᠷᠠᠭᠤᠯᠤᠨ᠂ ᠪᠦᠷᠢᠯᠳᠦᠴᠡ ᠶᠢᠨ ᠲᠤᠬᠢᠷᠠᠭᠤᠯᠤᠯᠳᠠ ᠶᠢ ᠠᠬᠢᠭᠤᠯᠤᠭᠠᠳ ᠮᠡᠳᠡᠭᠳᠡᠮ᠎ᠡ ᠠᠮᠵᠢᠯᠳᠠ ᠤᠯᠤᠭᠰᠠᠨ ᠪᠠᠶᠢᠨ᠎ᠠ᠃ ᠤᠨᠴᠠᠯᠢᠭᠳᠤ ᠲᠠᠷᠢᠶᠠᠯᠠᠩ ᠮᠠᠯ ᠠᠵᠤ ᠠᠬᠤᠢ ᠦᠳᠳᠡᠷ ᠲᠦᠷᠭᠡᠨ ᠬᠦᠭᠵᠢᠭᠰᠡᠨ᠃  ᠲᠠᠷᠢᠵᠤ ᠤᠷᠭᠤᠭᠤᠯᠬᠤ ᠦᠢᠯᠡᠰ ᠨᠢ ᠭᠧ ᠷᠦᠢ ᠳ᠋ᠧ᠂ ᠱᠧᠩ ᠲᠠᠢ ᠡᠯ᠂ ᠪᠠᠢ ᠾᠦᠢ ᠱᠧᠩ  ᠂  ᠴᠠᠩ ᠱᠧᠩ᠂  ᠂ ᠬᠤᠩ ᠵᠢᠩ ᠶᠤᠸᠠᠨ ᠵᠡᠷᠭᠡ ᠭᠤᠤᠯᠳᠠᠯᠭᠠᠳᠠᠢ ᠲᠤᠯᠤᠭᠠᠶᠢᠯᠠᠭᠴᠢ ᠠᠵᠤ ᠠᠬᠤᠶᠢᠯᠠᠯ   ᠳᠤ ᠲᠦᠰᠢᠭᠯᠡᠨ᠂ ᠬᠢᠳᠠᠳ ᠡᠮ ᠤᠨ ᠮᠠᠲ᠋ᠧᠷᠢᠶᠠᠯ᠂ ᠤᠷᠭᠠᠨᠢᠭ ᠢᠳᠡᠰᠢᠨ ᠨᠤᠭᠤᠭ᠎ᠠ᠂  ᠦᠷ᠎ᠡ ᠶᠢᠨ ᠲᠦᠮᠦᠰᠦ᠂ ᠲᠤᠰᠤᠯᠢᠭ ᠲᠠᠷᠢᠮᠠᠯ᠂ ᠰᠢᠬᠢᠷ ᠯᠤᠤᠪᠠᠩ᠂  ᠡᠪᠡᠰᠦ ᠪᠤᠷᠳᠤᠭ᠎ᠠ ᠲᠠᠷᠢᠬᠤ ᠲᠠᠯᠠᠪᠠᠢ ᠶᠢ ᠲᠠᠰᠤᠷᠠᠯᠳᠠ ᠦᠬᠡᠢ ᠦᠷᠭᠡᠳᠭᠡᠨ᠂ ︽ᠭᠠᠭᠴᠠ ᠲᠦᠮᠦᠰᠦ ᠪᠠᠷ ᠭᠤᠤᠯᠯᠠᠬᠤ︾ ᠪᠠᠶᠢᠳᠠᠯ ᠢ ᠲᠦᠷᠭᠡᠨ ᠬᠤᠪᠢᠷᠠᠭᠤᠯᠤᠭᠠᠳ᠂ ᠲᠠᠷᠢᠶᠠᠯᠠᠩ ᠤᠨ ᠦᠷ᠎ᠡ ᠠᠰᠢᠭ   ᠤᠨ ᠨᠡᠮᠡᠭᠳᠡᠯ  ᠪᠠ ᠲᠠᠷᠢᠶᠠᠴᠢᠳ ᠤᠨ ᠠᠰᠢᠭ ᠤᠷᠤᠯᠭ᠎ᠠ ᠶᠢᠨ ᠨᠡᠮᠡᠭᠳᠡᠯ ᠢ ᠬᠦᠴᠦᠳᠡᠢ  ᠠᠬᠢᠭᠤᠯᠪᠠ᠃  ᠡᠬᠡᠯᠵᠢᠯᠡᠨ ᠲᠠᠷᠢᠬᠤ ᠲᠤᠷᠰᠢᠯᠳᠠ ᠶᠢᠨ ᠴᠡᠭ ᠤᠨ ᠠᠵᠢᠯ ᠢ ᠡᠬᠢᠯᠡᠬᠦᠯᠵᠦ᠂ ᠤᠰᠤ᠂ ᠪᠤᠷᠳᠤᠭᠤᠷ᠂ ᠡᠮ ᠢ ᠬᠢᠵᠠᠭᠠᠷᠯᠠᠨ᠂ ︽ᠰᠦᠷᠴᠢᠨ ᠤᠰᠤᠯᠠᠬᠤ   ᠠᠴᠠ ᠲᠤᠰᠤᠯᠠᠭᠤᠯᠤᠨ ᠤᠰᠤᠯᠠᠬᠤ︾  ᠦᠬᠡᠷᠡᠴᠢᠯᠡᠯᠳᠡ ᠶᠢᠨ ᠠᠵᠢᠯ ᠠᠩᠬᠠᠨ ᠤ ᠠᠮᠵᠢᠯᠳᠠ ᠪᠠᠨ ᠤᠯᠵᠠᠢ᠃  ᠰᠠᠶᠢᠨ ᠡᠬᠦᠯᠳᠡᠷ ᠤᠨ ᠮᠢᠬᠠᠨ ᠤ ᠦᠬᠡᠷ ᠤᠨ ᠠᠵᠤ ᠦᠢᠯᠡᠰ ᠢ ᠢᠳᠡᠪᠬᠢᠳᠡᠢ ᠬᠦᠭᠵᠢᠬᠦᠯᠵᠦ᠂  ᠵᠤᠨ ᠤ ᠲᠤᠭᠠᠯᠠᠯᠭ᠎ᠠ ᠳᠤ 27.7 ᠲᠦᠮᠡᠨ ᠮᠠᠯ ᠪᠦᠷᠢᠳᠭᠡᠭᠰᠡᠨ ᠪᠤᠯ ᠡᠬᠦᠨ ᠤ ᠲᠤᠳᠤᠷ᠎ᠠ  ᠪᠤᠳᠠ ᠮᠠᠯ 9.4 ᠲᠦᠮᠡ ᠳᠤ ᠬᠦᠷᠦᠭᠰᠡᠨ ᠪᠠᠶᠢᠨ᠎ᠠ᠃  ᠵᠦᠩ ᠰᠢᠤᠢ ᠷᠦᠩ ᠲᠠᠢ᠂ ᠡᠤ ᠹᠧᠩ ᠬᠤᠶᠠᠷ ᠠᠵᠤ ᠠᠬᠤᠶᠢᠯᠠᠯ ᠤᠨ ᠬᠤᠶᠠᠷ ᠮᠢᠩᠭ᠎ᠠ ᠠᠴᠠ ᠲᠡᠭᠡᠭᠰᠢ ᠲᠤᠯᠤᠭᠠᠢ ᠮᠢᠬᠠᠨ ᠤ ᠦᠬᠡᠷ ᠦᠷᠡᠵᠢᠬᠦᠯᠬᠦ ᠪᠠ ᠪᠤᠷᠳᠤᠨ ᠲᠠᠷᠭᠤᠯᠠᠭᠤᠯᠬᠤ ᠲᠠᠯᠠᠪᠠᠢ ᠵᠠᠯᠭ᠎ᠠ ᠪᠠᠷ ᠠᠵᠢᠯ ᠢᠶᠠᠨ ᠡᠬᠢᠯᠡᠬᠦᠯᠵᠦ᠂  ᠭᠠᠳᠠᠭᠠᠳᠤ ᠠᠴᠠ ᠤᠷᠤᠭᠤᠯᠤᠭᠰᠠᠨ ᠠᠩᠬᠢᠰ ᠬᠠᠷ᠎ᠠ ᠦᠬᠡᠷ 5719 ᠲᠤᠯᠤᠭᠠᠢ᠂  ᠰᠢᠮᠧᠨ᠋ᠲ᠋ᠠᠷ ᠦᠬᠡᠷ 3700 ᠲᠤᠯᠤᠭᠠᠢ᠂ ᠡᠷᠯᠢᠰᠵᠢᠬᠦᠯᠦᠭᠰᠡᠨ ᠶᠠᠫᠤᠨ ᠡᠬᠦᠯᠳᠡᠷ ᠤᠨ ᠬᠠᠷ᠎ᠠ ᠦᠬᠡᠷ 1200 ᠲᠤᠯᠤᠭᠠᠢ ᠮᠠᠯᠵᠢᠵᠤ᠂  ᠪᠦᠬᠦ ᠠᠶᠢᠮᠠᠭ   ᠲᠠᠭᠠᠨ ᠰᠠᠶᠢᠨ ᠡᠬᠦᠯᠳᠡᠷ ᠤᠨ ᠮᠢᠬᠠᠨ ᠤ ᠦᠬᠡᠷ ᠤᠨ ᠲᠤᠭ᠎ᠠ ᠲᠤᠯᠤᠭᠠᠢ ᠬᠠᠮᠤᠭ ᠲᠦᠷᠭᠡᠨ ᠨᠡᠮᠡᠭᠳᠡᠭᠰᠡᠨ ᠭᠠᠵᠠᠷ ᠤᠷᠤᠨ ᠪᠤᠯᠵᠠᠢ᠃  3.75 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠳᠠ ᠲᠠᠢ ᠳ᠋ᠧ ᠴᠢᠩ ᠶᠤᠸᠠᠨ ᠲᠠᠬᠢᠶ᠎ᠠ ᠲᠡᠵᠢᠬᠡᠬᠦ ᠠᠵᠤ ᠦᠢᠯᠡᠰ ᠢ ᠲᠦᠷᠭᠡᠳᠭᠡᠨ ᠬᠦᠭᠵᠢᠬᠦᠯᠵᠦ᠂  ᠡᠨᠡ  ᠵᠢᠯ ᠳᠤ ᠦᠢᠯᠡᠳᠪᠦᠷᠢᠯᠡᠯ ᠡᠬᠢᠯᠡᠬᠦᠯᠬᠦ ᠪᠠᠷ ᠪᠠᠶᠢᠨ᠎ᠠ  ᠃  ᠪᠦᠬᠦ ᠬᠤᠰᠢᠭᠤᠨ ᠳᠤ ᠲᠠᠷᠢᠶᠠᠯᠠᠩ ᠮᠠᠯ ᠠᠵᠤ ᠠᠬᠤᠢ ᠶᠢᠨ ᠲᠤᠯᠤᠭᠠᠶᠢᠯᠠᠭᠴᠢ ᠠᠵᠤ ᠠᠬᠤᠶᠢᠯᠠᠯ 7  ᠂ ᠲᠦᠷᠢᠮᠵᠢᠭᠰᠡᠨ ᠲᠤᠰᠬᠠᠢ ᠬᠤᠷᠰᠢᠶᠠᠵᠢᠯ 300᠂  ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ 190 ᠪᠤᠯᠤᠨ ᠬᠦᠭᠵᠢᠵᠦ᠂  ᠠᠵᠤ ᠦᠢᠯᠡᠰᠵᠢᠯᠳᠡ ᠶᠢᠨ ᠬᠢᠷᠢ ᠲᠦᠪᠰᠢᠨ ᠶᠡᠭᠡ ᠬᠡᠮᠵᠢᠶ᠎ᠡ ᠪᠠᠷ ᠲᠡᠭᠡᠭᠰᠢᠯᠡᠵᠡᠢ᠃  ᠠᠵᠤ ᠦᠢᠯᠡᠳᠪᠦᠷᠢ ᠶᠢᠨ ᠠᠵᠤ ᠠᠬᠤᠢ ᠲᠡᠦᠬᠡᠳᠦ ᠴᠢᠨᠠᠷᠳᠠᠢ ᠲᠠᠪᠠᠯᠳᠠ ᠶᠢ  ᠪᠡᠶᠡᠯᠡᠬᠦᠯᠦᠭᠰᠡᠨ  ᠃ ᠪᠤᠤᠴᠠᠩ ᠤᠨ ᠲᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠤᠷᠤᠨ ᠲᠤᠭᠤᠷᠢᠭ ᠪᠠ ᠲᠤᠮᠳᠠ ᠪᠠᠭ᠎ᠠ ᠠᠵᠤ ᠠᠬᠤᠶᠢᠯᠠᠯ ᠤᠨ ᠦᠢᠯᠡᠰ ᠪᠦᠳᠦᠭᠡᠬᠦ ᠤᠷᠤᠨ ᠲᠤᠭᠤᠷᠢᠭ ᠤᠨ ᠦᠨᠳᠦᠰᠦᠨ ᠪᠦᠳᠦᠭᠡᠨ ᠪᠠᠶᠢᠭᠤᠯᠤᠯᠳᠠ ᠳᠤ ᠨᠡᠶᠢᠳᠡ 6.3  ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ᠂  ᠨᠡᠶᠢᠳᠡ 32 ᠠᠵᠤ ᠠᠬᠤᠶᠢᠯᠠᠯ ᠤᠷᠤᠵᠤ ᠰᠠᠭᠤᠷᠢᠰᠢᠭᠠᠳ᠂ ᠤᠷᠤᠨ ᠲᠤᠭᠤᠷᠢᠭ ᠤᠨ ᠠᠵᠤ ᠦᠢᠯᠡᠰ ᠤᠨ ᠲᠦᠪᠯᠡᠷᠡᠯ ᠤᠨ ᠦᠷ᠎ᠡ ᠠᠰᠢᠭ ᠪᠠ ᠲᠠᠭᠠᠭᠠᠴᠠ ᠴᠢᠳᠠᠪᠤᠷᠢ ᠲᠠᠰᠤᠷᠠᠯᠳᠠ ᠦᠬᠡᠢ ᠴᠢᠩᠭᠠᠷᠠᠭᠰᠠᠨ ᠪᠠᠶᠢᠨ᠎ᠠ᠃ ᠲᠠᠯ᠎ᠠ ᠨᠤᠳᠤᠭ ᠠᠷᠢᠬᠢ ᠨᠡᠷᠡᠬᠦ ᠺᠤᠮᠫᠠᠨᠢ ᠶᠢᠨ ᠦᠷᠭᠡᠳᠭᠡᠨ ᠪᠠᠶᠢᠭᠤᠯᠵᠤ ᠦᠢᠯᠡᠳᠪᠦᠷᠢ  ᠪᠠᠨ ᠨᠡᠬᠦᠯᠬᠡᠬᠦ ᠠᠵᠢᠯ ᠤᠷᠤᠭᠰᠢᠳᠠᠢ ᠶᠠᠪᠤᠭᠳᠠᠵᠤ  ᠠᠰᠢᠭᠯᠠᠯᠳᠠ ᠳᠤ ᠤᠷᠤᠭᠠᠳ᠂ ︽ᠲᠠᠯ᠎ᠠ ᠶᠢᠨ ᠸᠠᠩ︾ ᠰᠢᠷᠢᠰ ᠬᠠᠷ᠎ᠠ ᠠᠷᠢᠬᠢ ᠨᠢ ᠫᠠᠨᠠᠮᠠ ᠶᠢᠨ ᠤᠯᠠᠨ ᠤᠯᠤᠰ ᠤᠨ ᠦᠵᠡᠰᠬᠦᠯᠡᠩ ᠤᠨ ᠠᠯᠳᠠᠨ ᠱᠠᠩᠨᠠᠯ  ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠶᠢᠨ ᠶᠠᠰᠤ ᠴᠢᠨᠠᠷ ᠤᠨ ᠱᠠᠩᠨᠠᠯ ᠬᠢᠭᠡᠳ ᠠᠶᠢᠮᠠᠭ ᠤᠨ ᠲᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠲᠤᠰᠴᠤ᠂  2017 ᠤᠨ ᠳᠤ ᠲᠤᠰᠢᠶᠠᠭᠰᠠᠨ ᠭᠠᠶᠢᠯᠢ ᠳ᠋ᠦᠩᠰᠢᠭᠤᠷ ᠲᠦᠬᠦᠷᠢᠭ ᠲᠠᠪᠠᠵᠠᠢ᠃ ᠬᠤᠩ ᠵᠢᠩ ᠶᠤᠸᠠᠨ ᠲᠤᠰᠤᠨ ᠤ ᠺᠤᠮᠫᠠᠨᠢ ᠶᠢᠨ ᠮᠡᠷᠭᠡᠵᠢᠯ ᠤᠨ ᠦᠬᠡᠷᠡᠴᠢᠯᠡᠯᠳᠡ ᠪᠡ ᠦᠢᠯᠡᠳᠪᠦᠷᠢ ᠨᠡᠬᠦᠯᠬᠡᠬᠦ ᠲᠦᠷᠦᠯ ᠵᠦᠢᠯ ᠠᠮᠵᠢᠯᠳᠠᠳᠠᠢ ᠶᠠᠪᠤᠭᠳᠠᠵᠤ  ᠠᠰᠢᠭᠯᠠᠯᠳᠠ ᠳᠤ ᠤᠷᠤᠭᠠᠳ᠂ ︽ᠬᠤᠩ ᠵᠢᠩ ᠶᠤᠸᠠᠨ︾ ᠲᠡᠮᠳᠡᠭᠳᠦ ᠶᠠᠮᠠ  ᠶᠢᠨ ᠦᠷ᠎ᠡ ᠶᠢᠨ ᠲᠤᠰᠤ ᠨᠢ  ᠪᠦᠬᠦ ᠤᠯᠤᠰ ᠤᠨ ᠲᠤᠯᠤᠳᠤᠭᠠᠷ᠂ ᠨᠠᠢᠮᠠᠳᠤᠭᠠᠷ ᠬᠤᠭᠤᠴᠠᠭᠠᠨ ᠤ  ᠲᠡᠯᠡᠬᠡᠢ ᠶᠢᠨ ᠢᠳᠡᠰᠢᠨ ᠲᠤᠰᠤᠨ ᠤ ᠠᠵᠤ ᠦᠢᠯᠡᠰ ᠤᠨ ᠦᠵᠡᠰᠬᠦᠯᠡᠩ ᠤᠨ ᠠᠯᠳᠠᠨ ᠱᠠᠩᠨᠠᠯ ᠬᠢᠭᠡᠳ ᠠᠶᠢᠮᠠᠭ ᠤᠨ ᠲᠠᠷᠤᠭ᠎ᠠ  ᠶᠢᠨ ᠶᠠᠰᠤ ᠴᠢᠨᠠᠷ ᠤᠨ ᠱᠠᠩᠨᠠᠯ ᠢ ᠲᠤᠰᠴᠤ᠂  ᠦᠪᠡᠷᠳᠡᠭᠡᠨ ᠵᠠᠰᠠᠬᠤ ᠤᠷᠤᠨ ᠤ ᠠᠮᠤ ᠪᠤᠳᠠᠭ᠎ᠠ ᠲᠤᠰᠤᠨ ᠤ ᠦᠢᠯᠡᠰ ᠤᠨ 20 ᠬᠦᠴᠦᠷᠭᠡᠭ ᠠᠵᠤ ᠠᠬᠤᠶᠢᠯᠠᠯ   ᠤᠨ ᠨᠢᠬᠡ ᠪᠤᠯᠪᠠ᠃  ᠺᠧ ᠲᠠᠢ ᠯᠦᠩ ᠳ᠋ᠠ ᠤᠷᠴᠢᠨ ᠲᠤᠭᠤᠷᠢᠨ ᠤ ᠬᠠᠮᠠᠭᠠᠯᠠᠯᠳᠠ ᠶᠢᠨ ᠰᠢᠨᠵᠢᠯᠡᠭᠡ ᠮᠡᠷᠭᠡᠵᠢᠯ ᠤᠨ ᠺᠤᠮᠫᠠᠨᠢ ᠨᠢ ᠭᠡᠪᠴᠢᠶᠡᠵᠢᠯ ᠠᠴᠠ ᠲᠡᠭᠡᠭᠰᠢᠬᠢ ᠠᠵᠤ ᠠᠬᠤᠶᠢᠯᠠᠯ   ᠤᠨ ᠡᠩᠨᠡᠬᠡᠨ ᠳᠤ ᠤᠷᠤᠵᠤ᠂ ᠭᠠᠶᠢᠯᠢ ᠶᠢᠨ ᠤᠷᠤᠯᠭ᠎ᠠ ᠮᠢᠩᠭᠠᠨ ᠲᠦᠮᠡ   ᠶᠢ  ᠰᠢᠪᠳᠤᠯᠤᠭᠠᠳ᠂ ᠭᠧ ᠷᠦᠢ ᠳ᠋ᠧ ᠲᠦᠮᠦᠰᠦᠨ ᠤ ᠦᠢᠯᠡᠰ ᠤᠨ ᠺᠤᠮᠫᠠᠨᠢ ᠲᠠᠢ ᠬᠠᠮᠳᠤ ᠳᠠᠭᠠᠨ ᠤᠯᠤᠰ ᠤᠨ ᠲᠡᠭᠡᠳᠦ ᠰᠢᠨ᠎ᠡ ᠮᠡᠷᠭᠡᠵᠢᠯᠳᠦ ᠠᠵᠤ ᠠᠬᠤᠶᠢᠯᠠᠯ ᠪᠤᠯᠵᠤ᠂ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠢᠶᠠᠨ ᠡᠨᠡ  ᠵᠢᠯ ᠡᠬᠢᠯᠡᠬᠦ ᠬᠡᠵᠦ ᠪᠠᠶᠢᠭ᠎ᠠ᠃ ᠴᠦᠬᠦᠷᠡᠰᠢ ᠦᠬᠡᠢ ᠴᠢᠷᠮᠠᠶᠢᠯᠭ᠎ᠠ ᠪᠠᠷ ᠲᠠᠮᠵᠢᠭᠠᠳ᠂ ᠮᠠᠨ ᠤ ᠬᠤᠰᠢᠭᠤ ᠨᠢ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠠᠷᠭ᠎ᠠ ᠪᠠᠷ ᠤᠷᠢᠵᠤ  ᠨᠤᠳᠤᠭᠰᠢᠭᠤᠯᠤᠭᠰᠠᠨ ᠠᠵᠤ ᠠᠬᠤᠶᠢᠯᠠᠯ ᠤᠨ ᠲᠤᠭ᠎ᠠ ᠪᠦᠬᠦ ᠠᠶᠢᠮᠠᠭ  ᠲᠠᠭᠠᠨ ᠬᠠᠮᠤᠭ ᠠᠷᠪᠢᠨ ᠭᠠᠵᠠᠷ ᠤᠷᠤᠨ ᠤ ᠨᠢᠬᠡ ᠪᠤᠯᠵᠤ᠂  5  ᠳ᠋ᠦᠩᠰᠢᠭᠤᠷ ᠲᠦᠬᠦᠷᠢᠭ ᠤᠨ ᠪᠡᠯᠡ  ᠤᠷᠤᠭᠤᠯᠤᠯᠳᠠ ᠲᠠᠢ ᠪᠡᠭᠡᠵᠢᠩ ᠤᠨ ᠱᠧᠩ ᠲᠠᠢ ᠡᠯ ᠡᠮ ᠤᠨ ᠮᠠᠲ᠋ᠧᠷᠢᠶᠠᠯ ᠨᠠᠷᠢᠯᠢᠭ ᠡᠳ᠋ᠰᠢᠬᠦᠯᠬᠦ ᠲᠦᠷᠦᠯ ᠵᠦᠢᠯ   ᠤᠨ ᠨᠢᠬᠡᠳᠦᠭᠡᠷ ᠬᠤᠭᠤᠴᠠᠭᠠᠨ ᠤ ᠢᠨᠵᠧᠨᠧᠷᠢᠩ  ᠲᠡᠬᠦᠰᠴᠦ  ᠦᠢᠯᠡᠳᠪᠦᠷᠢᠯᠡᠯ  ᠡᠬᠢᠯᠡᠭᠰᠡᠨ ᠪᠦᠬᠡᠳ ᠬᠤᠶᠠᠳᠤᠭᠠᠷ ᠬᠤᠭᠤᠴᠠᠭᠠᠨ ᠤ ᠪᠦᠳᠦᠬᠡᠨ ᠪᠠᠶᠢᠭᠤᠯᠤᠯᠳᠠ   ᠪᠠᠨ ᠡᠬᠢᠯᠡᠬᠦᠯᠵᠦ᠂   5  ᠳ᠋ᠦᠩᠰᠢᠭᠤᠷ ᠲᠦᠬᠦᠷᠢᠭ ᠤᠨ ᠪᠡᠯᠡ  ᠤᠷᠤᠭᠤᠯᠤᠯᠳᠠ ᠲᠠᠢ ᠡᠤ ᠹᠧᠩ  ᠺᠤᠮᠫᠠᠨᠢ ᠶᠢᠨ ᠮᠢᠬᠠᠨ ᠤ ᠦᠬᠡᠷ ᠤᠨ ᠠᠵᠤ ᠦᠢᠯᠡᠰ ᠤᠨ ᠨᠢᠬᠡ ᠴᠤᠭᠴᠠᠵᠢᠭᠰᠠᠨ ᠲᠦᠷᠦᠯ ᠵᠦᠢᠯ  ᠂ 6  ᠳ᠋ᠦᠩᠰᠢᠭᠤᠷ ᠲᠦᠬᠦᠷᠢᠭ ᠤᠨ ᠪᠡᠯᠡ  ᠤᠷᠤᠭᠤᠯᠤᠯᠳᠠ ᠲᠠᠢ  ᠪᠠᠢ ᠾᠦᠢ ᠱᠧᠩ ᠰᠢᠬᠢᠷ  ᠤᠨ ᠦᠢᠯᠡᠳᠪᠦᠷᠢ   ᠶᠢᠨ ᠲᠦᠷᠦᠯ ᠵᠦᠢᠯ᠂ 5  ᠳ᠋ᠦᠩᠰᠢᠭᠤᠷ ᠲᠦᠬᠦᠷᠢᠭ ᠤᠨ ᠪᠡᠯᠡ  ᠤᠷᠤᠭᠤᠯᠤᠯᠳᠠ ᠲᠠᠢ  ᠵᠦᠩ ᠴᠧ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠦᠷᠦᠯ ᠵᠦᠢᠯ᠂  2  ᠳ᠋ᠦᠩᠰᠢᠭᠤᠷ ᠲᠦᠬᠦᠷᠢᠭ ᠤᠨ ᠪᠡᠯᠡ  ᠤᠷᠤᠭᠤᠯᠤᠯᠳᠠ ᠲᠠᠢ  ᠰᠢᠶᠦ᠋ᠩ ᠰᠢᠶᠠᠨ ᠤ  ᠴᠠᠭᠠᠰᠤ ᠰᠦᠯᠢᠶᠤᠤ ᠪᠦᠳᠦᠭᠡᠭᠳᠡᠬᠦᠨ ᠤ ᠲᠦᠷᠦᠯ ᠵᠦᠢᠯ᠂  3  ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠳᠠ ᠲᠠᠢ  ᠵᠦᠩ  ᠪᠧᠨ ᠼᠦᠩ ᠡᠬᠦᠯᠡᠨ ᠪᠤᠳᠤᠯᠳᠠ ᠶᠢᠨ ᠲᠦᠪ ᠤᠨ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ᠂ 4.6  ᠳ᠋ᠦᠩᠰᠢᠭᠤᠷ ᠲᠦᠬᠦᠷᠢᠭ ᠤᠨ ᠪᠡᠯᠡ  ᠤᠷᠤᠭᠤᠯᠤᠯᠳᠠ ᠲᠠᠢ  ᠱᠧᠩᠵᠧᠨ ᠤ ᠢᠯᠴᠢ ᠴᠠᠬᠢᠯᠭᠠᠨ ᠤ ᠬᠠᠮ ᠦᠢᠯᠡᠳᠪᠦᠷᠢᠯᠡᠯ ᠤᠨ ᠲᠦᠷᠦᠯ ᠵᠦᠢᠯ   ᠨᠢ ᠪᠦᠳᠦᠬᠡᠨ ᠪᠠᠶᠢᠭᠤᠯᠤᠯᠳᠠ ᠪᠠᠨ ᠲᠦᠷᠭᠡᠳᠭᠡᠵᠦ᠂ ᠡᠨᠡ  ᠵᠢᠯ ᠵᠠᠯᠭ᠎ᠠ ᠪᠠᠷ ᠦᠢᠯᠡᠳᠪᠦᠷᠢᠯᠡᠯ ᠡᠬᠢᠯᠡᠨ᠂ ᠪᠦᠬᠦ ᠬᠤᠰᠢᠭᠤᠨ ᠤ ᠠᠵᠤ ᠠᠬᠤᠢ ᠶᠢᠨ ᠨᠡᠮᠡᠭᠳᠡᠯ ᠤᠨ ᠭᠤᠤᠯ ᠵᠠᠯᠠᠭᠤᠷ ᠪᠤᠯᠬᠤ ᠪᠠᠷ ᠪᠠᠶᠢᠨ᠎ᠠ᠃ ᠰᠢᠨ᠎ᠡ ᠪᠠᠷ ᠬᠢᠨᠠᠨ ᠵᠦᠪᠰᠢᠶᠡᠷᠡᠭᠰᠡᠨ 85 ᠲᠦᠮᠡᠨ ᠺᠢᠯᠤᠸᠠᠲ ᠤᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠭᠤ ᠲᠦᠷᠦᠯ ᠵᠦᠢᠯ᠂ 4 ᠲᠦᠮᠡᠨ ᠺᠢᠯᠤᠸᠠᠲ ᠤᠨ ᠭᠡᠷᠡᠯ ᠸᠤᠯᠲ ᠪᠠᠷ ᠶᠠᠳᠠᠭᠤ ᠶᠢ ᠳᠡᠳᠬᠦᠬᠦ ᠲᠦᠷᠦᠯ ᠵᠦᠢᠯ᠂  ᠵᠠᠭᠤᠨ ᠲᠦᠮᠡᠨ ᠺᠢᠯᠤᠸᠠᠲ  ᠤᠨ ᠰᠢᠨ᠎ᠡ ᠡᠨᠧᠷᠬᠢ ᠶᠢᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ   ᠨᠢ ᠪᠦᠬᠦ ᠲᠠᠯᠠᠪᠠᠷ ᠡᠬᠢᠯᠡᠪᠡ᠃  ᠭᠤᠷᠪᠠᠳᠤᠭᠠᠷ ᠠᠵᠤ ᠦᠢᠯᠡᠰ ᠤᠨ ᠪᠠᠶᠢᠷᠢ ᠰᠠᠭᠤᠷᠢ ᠡᠳᠦᠷ ᠢᠷᠡᠬᠦᠶ᠎ᠡ ᠲᠡᠭᠡᠭᠰᠢᠯᠡᠵᠦ ᠢᠷᠡᠭᠰᠡᠨ᠃  ︽ᠬᠠᠭᠠᠨ ᠤ ᠠᠳᠤᠭᠤᠨ ᠰᠤᠶᠤᠯ︾ ᠢ ᠬᠦᠭᠵᠢᠬᠦᠯᠬᠦ ᠪᠠᠷ ᠭᠤᠤᠯ ᠰᠡᠳᠦᠪ ᠪᠤᠯᠭᠠᠵᠤ᠂  ᠵᠤᠭᠠᠴᠠᠯ  ᠤᠨ ᠦᠢᠯᠡᠰ ᠢ ᠤᠯᠠᠮᠵᠢᠯᠠᠯᠳᠤ ᠵᠤᠭᠠᠴᠠᠯ ᠠᠴᠠ ᠪᠦᠬᠦ ᠤᠷᠤᠨ ᠪᠦᠰᠡ ᠶᠢᠨ ᠵᠤᠭᠠᠴᠠᠯ᠂ ᠲᠦᠷᠪᠡᠨ ᠤᠯᠠᠷᠢᠯ ᠤᠨ ᠵᠤᠭᠠᠴᠠᠯ ᠲᠡᠰᠢ ᠬᠦᠭᠵᠢᠬᠦᠯᠦᠨ᠂ ᠬᠦᠨᠪᠤᠯᠠᠭ ᠤᠨ ᠲᠠᠯ᠎ᠠ ᠨᠤᠳᠤᠭ ᠤᠨ ᠵᠤᠭᠠᠴᠠᠯ ᠢᠶᠠᠷ ᠭᠤᠤᠯ ᠪᠤᠯᠭᠠᠭᠰᠠᠨ᠂ ᠡᠮᠦᠨ᠎ᠡ ᠭᠡᠰᠡᠭ   ᠤᠨ ᠴᠠᠬᠠᠷ ᠰᠤᠶᠤᠯ ᠢᠷᠭᠡᠨᠰᠢᠯ ᠤᠨ ᠵᠤᠭᠠᠴᠠᠯ  ᠂ ᠬᠤᠶᠢᠳᠤ ᠭᠡᠰᠡᠭ ᠤᠨ ᠲᠠᠷᠢᠶᠠᠯᠠᠬᠤ ᠰᠤᠶᠤᠯ ᠢᠷᠭᠡᠨᠰᠢᠯ ᠤᠨ ᠵᠤᠭᠠᠴᠠᠯ  ᠬᠢᠭᠡᠳ ᠭᠤᠷᠪᠠᠨ ᠵᠤᠷᠪᠤᠰ ᠵᠤᠭᠠᠴᠠᠯ ᠤᠨ ᠵᠠᠮ ᠱᠤᠭᠤᠮ ᠢᠶᠠᠷ ᠬᠤᠯᠪᠤᠭᠠᠰᠤ ᠪᠤᠯᠭᠠᠭᠰᠠᠨ ᠵᠤᠭᠠᠴᠠᠯ ᠤᠨ ᠬᠦᠭᠵᠢᠯᠳᠡ ᠶᠢᠨ ᠭᠡᠪ ᠪᠠᠶᠢᠳᠠᠯ  ᠦᠨᠳᠦᠰᠦᠨ ᠳᠡᠭᠡᠨ ᠪᠦᠷᠢᠯᠳᠦᠭᠰᠡᠨ ᠪᠠᠶᠢᠨ᠎ᠠ᠃ ᠪᠡᠭᠡᠵᠢᠩ ᠤᠨ ᠬᠦᠸᠧ ᠮᠠ ᠰᠢᠨᠵᠢᠯᠡᠭᠡ ᠮᠡᠷᠭᠡᠵᠢᠯ ᠤᠨ ᠺᠤᠮᠫᠠᠨᠢ ᠶᠢ  ᠤᠷᠢᠵᠤ ᠤᠷᠤᠭᠤᠯᠤᠨ᠂  ︽ᠬᠠᠭᠠᠨ ᠤ ᠠᠳᠤᠭᠤᠨ ᠵᠤᠰᠠᠭᠠᠯ ︾ ᠦᠵᠡᠮᠵᠢ ᠶᠢᠨ ᠤᠷᠤᠨ ᠳᠤ ᠪᠦᠬᠦ ᠲᠠᠯ᠎ᠠ ᠶᠢᠨ ᠦᠬᠡᠷᠡᠴᠢᠯᠡᠯᠳᠡ ᠬᠢᠵᠦ᠂ ︽ᠪᠦᠷᠳᠡ ᠴᠢᠨ᠋ᠸ᠎ᠠ︾ ᠦᠵᠡᠮᠵᠢ ᠶᠢᠨ ᠤᠷᠤᠨ ᠢ ᠪᠠᠶᠢᠭᠤᠯᠤᠨ ᠠᠰᠢᠭᠯᠠᠯᠳᠠ ᠳᠤ ᠤᠷᠤᠭᠤᠯᠵᠤ᠂  ᠮᠠᠯᠴᠢᠨ ᠲᠠᠷᠢᠶᠠᠴᠢᠨ ᠡᠷᠦᠬᠡ ᠶᠢᠨ ᠵᠤᠭᠠᠴᠠᠯ ᠵᠤᠬᠢᠬᠤ ᠬᠡᠮᠵᠢᠶ᠎ᠡ ᠪᠠᠷ ᠭᠡᠪᠴᠢᠶᠡᠵᠢᠨ᠂  ᠴᠢᠶᠤᠤ ᠵᠢᠶᠠ ᠶᠢᠩ ᠽᠢ᠂  ᠪᠢᠶᠠᠨ ᠴᠢᠶᠠᠩ ᠵᠡᠷᠭᠡ ᠭᠠᠴᠠᠭ᠎ᠠ ᠲᠤᠰᠬᠤᠨ ᠢᠶᠠᠷ ᠭᠤᠤᠯ ᠪᠤᠯᠭᠠᠭᠰᠠᠨ ᠵᠤᠭᠠᠴᠠᠯ ᠤᠨ ᠭᠠᠴᠠᠭ᠎ᠠ ᠲᠤᠰᠬᠤᠨ ᠤ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠦ᠂  ᠬᠠᠭᠠᠨ ᠤ ᠠᠳᠤᠭᠤᠨ ᠤ ᠵᠢᠵᠢᠭ ᠪᠠᠯᠭᠠᠰᠤ᠂  ᠬᠠᠨ᠎ᠠ ᠬᠠᠳᠠ ᠶᠢᠨ ᠦᠵᠡᠮᠵᠢ ᠶᠢᠨ ᠤᠷᠤᠨ ᠵᠡᠷᠭᠡ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠵᠤᠭᠠᠴᠠᠯ ᠤᠨ ᠲᠦᠷᠦᠯ ᠵᠦᠢᠯ ᠢ ᠠᠯᠬᠤᠮ ᠲᠠᠷᠠᠭ᠎ᠠ ᠲᠠᠢ ᠲᠦᠯᠬᠢᠨ ᠠᠬᠢᠭᠤᠯᠪᠠ᠃  ᠲᠦᠷᠪᠡᠳᠦᠭᠡᠷ ᠬᠤᠭᠤᠴᠠᠭᠠᠨ ᠤ  ᠲᠤᠮᠳᠠᠳᠤ ᠤᠯᠤᠰ ᠤᠨ ᠲᠠᠯ᠎ᠠ ᠨᠤᠳᠤᠭ ᠤᠨ ᠬᠠᠭᠠᠨ ᠤ ᠠᠳᠤᠭᠤᠨ ᠰᠤᠶᠤᠯ ᠤᠨ ᠨᠠᠶᠢᠷ᠂ ᠬᠦᠢᠯᠡᠰᠦᠨ ᠴᠡᠴᠡᠭ ᠤᠨ ᠵᠢᠭᠤᠯᠴᠢᠯᠠᠯ ᠤᠨ ᠨᠠᠶᠢᠷ᠂᠂ ᠲᠠᠯ᠎ᠠ ᠨᠤᠳᠤᠭ ᠤᠨ ᠮᠦᠩᠬᠦᠨ ᠡᠪᠦᠯ ᠤᠨ ᠨᠠᠭᠠᠳᠤᠮ ᠵᠡᠷᠭᠡ ᠴᠢᠬᠤᠯᠠ ᠶᠡᠭᠡ  ᠨᠠᠶᠢᠷ ᠨᠠᠭᠠᠳᠤᠮ ᠢ ᠠᠮᠵᠢᠯᠳᠠᠳᠠᠢ ᠡᠷᠬᠢᠯᠡᠭᠰᠡᠨ ᠪᠠᠶᠢᠨ᠎ᠠ᠃ ᠤᠷᠢᠳ ᠬᠤᠵᠢᠳ ︽ᠪᠦᠬᠦ ᠤᠯᠤᠰ ᠤᠨ ᠵᠠᠭᠤᠨ ᠰᠢᠯᠢᠳᠡᠭ ᠴᠡᠪᠡᠷ ᠠᠮᠢᠰᠬᠤᠯᠳᠤ ᠵᠢᠵᠢᠭ ᠬᠤᠳᠠ︾᠂ ︽ᠪᠦᠬᠦ ᠤᠯᠤᠰ ᠤᠨ ᠰᠤᠶᠤᠯ ᠢᠷᠭᠡᠨᠰᠢᠯ ᠠᠮᠢ ᠠᠬᠤᠢ ᠶᠢᠨ ᠵᠢᠭᠤᠯᠴᠢᠯᠠᠯ ᠤᠨ ᠰᠠᠭᠤᠷᠢᠨ ᠭᠠᠵᠠᠷ︾ ᠢᠶᠠᠷ ᠴᠤᠯᠠᠯᠠᠭᠳᠠᠵᠤ᠂  ᠬᠤᠰᠢᠭᠤ ᠨᠤᠳᠤᠭ  ᠤᠨ ᠨᠡᠷ᠎ᠡ ᠨᠦᠯᠦᠬᠡ ᠶᠢ ᠤᠯᠠᠮ ᠴᠢᠨᠠᠭᠰᠢᠳᠠ ᠦᠷᠭᠡᠳᠭᠡᠵᠡᠢ᠃  ᠢ ᠳ᠋ᠦ᠋᠂  ᠽᠦᠩ ᠴᠤᠸᠠᠩ᠂ ᠯᠧ ᠼᠦᠨ ᠲᠤᠤ ᠵᠡᠷᠭᠡ ᠡᠯᠧᠺᠲᠷᠤᠨ ᠬᠤᠳᠠᠯᠳᠤᠭᠠᠨ ᠤ ᠠᠵᠤ ᠠᠬᠤᠶᠢᠯᠠᠯ ᠲᠦᠷᠭᠡᠨ ᠬᠦᠭᠵᠢᠵᠦ᠂ ᠡᠵᠡᠩᠨᠡᠯᠳᠡ ᠶᠢᠨ ᠤᠷᠤᠯᠭ᠎ᠠ 5000 ᠲᠦᠮᠡᠨ ᠲᠦᠬᠦᠷᠢᠭ ᠰᠢᠪᠳᠤᠯᠵᠤ᠂  ᠪᠦᠬᠦ ᠠᠶᠢᠮᠠᠭ   ᠲᠤ ᠴᠤᠷ ᠤᠨ ᠭᠠᠭᠴᠠ ᠦᠪᠡᠷᠳᠡᠭᠡᠨ ᠵᠠᠰᠠᠬᠤ ᠤᠷᠤᠨ ᠤ ᠲᠡᠰ ᠤᠨ ᠡᠯᠧᠺᠲᠷᠤᠨ ᠬᠤᠳᠠᠯᠳᠤᠭᠠᠨ ᠤ ᠶᠠᠪᠤᠳᠠᠯ ᠢ ᠬᠦᠳᠡᠭᠡ ᠲᠤᠰᠬᠤᠨ ᠳᠤ ᠤᠷᠤᠭᠤᠯᠤᠭᠰᠠᠨ ︽ᠬᠤᠤᠰ ᠵᠢᠱᠢᠶ᠎ᠡ︾ ᠶᠢᠨ ᠬᠤᠰᠢᠭᠤ ᠪᠤᠯᠪᠠ᠃  ᠡᠯ᠎ᠡ ᠲᠦᠷᠦᠯ ᠤᠨ ᠮᠦᠩᠬᠦᠨ ᠬᠦᠢᠯᠬᠡᠬᠡᠨ ᠤ ᠪᠠᠶᠢᠭᠤᠯᠤᠮᠵᠢ ᠶᠢᠨ ᠡᠵᠡᠩᠨᠡᠯᠳᠡ ᠶᠢᠨ ᠴᠡᠭ 26 ᠡᠷᠦᠬᠡ ᠳᠤ ᠬᠦᠷᠴᠦ᠂ ᠬᠠᠳᠠᠭᠠᠯᠠᠮᠵᠢ ᠪᠠ ᠵᠢᠬᠡᠯᠡᠯᠬᠡ ᠶᠢᠨ ᠦᠯᠡᠳᠡᠪᠦᠷᠢ ᠲᠤᠰᠪᠤᠷᠢ 56.9  ᠳ᠋ᠦᠩᠰᠢᠭᠤᠷ ᠲᠦᠬᠦᠷᠢᠭ ᠪᠠ 30.7 ᠳ᠋ᠦᠩᠰᠢᠭᠤᠷ ᠲᠦᠬᠦᠷᠢᠭ ᠲᠤ ᠬᠦᠷᠴᠦ᠂ 2012 ᠤᠨ ᠠᠴᠠ ᠲᠠᠬᠢᠨ ᠢᠶᠠᠷ  ᠨᠡᠮᠡᠭᠳᠡᠪᠡ᠃  ᠲᠠᠶᠢᠹᠤᠰᠧ ᠬᠦᠳᠡᠭᠡ ᠲᠤᠰᠬᠤᠨ ᠤ ᠬᠤᠳᠠᠯᠳᠤᠭᠠᠨ ᠤ ᠪᠠᠩᠬᠢ ᠨᠢ 2017 ᠤᠨ ᠳᠤ ᠠᠶᠢᠮᠠᠭ ᠤᠨ ᠲᠠᠷᠤᠭ᠎ᠠ ᠶᠢᠨ ᠶᠠᠰᠤ ᠴᠢᠨᠠᠷ ᠶᠢᠨ ᠱᠠᠩᠨᠠᠯ ᠢ ᠲᠤᠰᠴᠠᠢ᠃        — —  ᠨᠢᠬᠡᠳᠦᠯᠳᠡᠢ ᠲᠦᠯᠦᠪᠯᠡᠵᠦ ᠨᠡᠶᠢᠳᠡ ᠳᠤᠨᠢ ᠬᠠᠷᠠᠭᠠᠯᠵᠠᠬᠤ ᠶᠢ ᠪᠠᠷᠢᠮᠳᠠᠯᠠᠨ᠂ ᠬᠤᠳᠠ ᠬᠦᠳᠡᠭᠡ  ᠶᠢᠨ ᠦᠩᠬᠡ ᠲᠦᠷᠬᠦ ᠪᠦᠷᠢᠮᠦᠰᠦᠨ ᠰᠢᠨᠡᠳᠪᠡ᠃  ᠪᠤᠤᠴᠠᠩ ᠪᠠᠯᠭᠠᠰᠤᠨ ᠤ ᠰᠢᠨ᠎ᠡ ᠬᠠᠭᠤᠴᠢᠨ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢ  ᠬᠦᠴᠦᠳᠡᠢ ᠲᠦᠯᠬᠢᠨ ᠠᠬᠢᠭᠤᠯᠵᠤ᠂  ᠬᠤᠳᠠ ᠪᠠᠯᠭᠠᠰᠤ ᠪᠠ ᠬᠦᠳᠡᠭᠡ ᠲᠤᠰᠬᠤᠨ ᠤ  ᠵᠡᠷᠭᠡᠪᠡᠷ ᠬᠦᠭᠵᠢᠬᠦ ᠶᠢ ᠠᠬᠢᠭᠤᠯᠤᠨ᠂   ᠠᠷᠠᠳ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠤᠷᠴᠢᠨ ᠲᠤᠭᠤᠷᠢᠨ  ᠮᠡᠳᠡᠭᠳᠡᠮ᠎ᠡ ᠰᠠᠶᠢᠵᠢᠷᠭᠰᠠᠨ ᠪᠠᠶᠢᠨ᠎ᠠ᠃  ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠳᠠ ᠶᠢᠨ ᠡᠷᠴᠢᠮ ᠦᠷᠬᠦᠯᠵᠢᠯᠡᠨ ᠴᠢᠩᠭᠠᠷᠠᠭᠰᠠᠨ᠃  ᠰᠢᠨ᠎ᠡ ᠬᠠᠭᠤᠴᠢᠨ ᠲᠤᠭᠤᠷᠢᠭ ᠤᠨ  ᠪᠦᠳᠦᠬᠡᠨ ᠪᠠᠶᠢᠭᠤᠯᠤᠯᠳᠠ ᠶᠢᠨ 8  ᠲᠦᠷᠦᠯ ᠤᠨ ᠲᠦᠯᠦᠪᠵᠢᠬᠦᠯᠬᠡ ᠶᠢ ᠦᠨᠳᠦᠷ ᠪᠠᠷᠢᠮᠵᠢᠶ᠎ᠠ ᠪᠠᠷ ᠨᠠᠶᠢᠷᠠᠭᠤᠯᠤᠨ  ᠲᠤᠭᠳᠠᠭᠠᠳ  ᠂  ᠲᠠᠪᠤᠨ ᠵᠢᠯ ᠳᠤ ᠨᠡᠶᠢᠳᠡ 10.5 ᠳ᠋ᠦᠩᠰᠢᠭᠤᠷ ᠲᠦᠬᠦᠷᠢᠭ ᠤᠨ ᠪᠡᠯᠡ  ᠤᠷᠤᠭᠤᠯᠵᠤ᠂   ᠰᠢᠨ᠎ᠡ ᠪᠠᠷ ᠪᠠᠶᠢᠭᠤᠯᠬᠤ ᠪᠤᠶᠤ ᠵᠠᠰᠠᠵᠤ ᠪᠠᠶᠢᠭᠤᠯᠤᠭᠰᠠᠨ ᠵᠠᠮ ᠤᠨ ᠲᠠᠯᠠᠪᠠᠢ ᠪᠦᠳᠦᠭᠡᠨ ᠪᠠᠶᠢᠭᠤᠯᠤᠭᠰᠠᠨ ᠵᠡᠬᠡᠯᠢ ᠭᠤᠳᠤᠮᠵᠢ ᠶᠢᠨ ᠲᠠᠯᠠᠪᠠᠢ ᠶᠢᠨ 30 %  ᠢᠯᠡᠬᠦᠦ ᠶᠢ ᠡᠵᠡᠯᠡᠨ᠂ ᠤᠰᠤ ᠬᠠᠩᠭᠠᠬᠤ᠂ ᠤᠰᠤ ᠭᠠᠳᠠᠭᠰᠢᠯᠠᠭᠤᠯᠬᠤ  ᠪᠠ ᠪᠤᠷᠤᠭᠠᠨ ᠤ ᠤᠰᠤ ᠤᠷᠤᠰᠬᠠᠬᠤ  ᠂ ᠢᠯᠴᠢ ᠬᠠᠩᠭᠠᠬᠤ ᠲᠤᠤᠷ ᠬᠤᠭᠤᠯᠠᠢ ᠵᠠᠭᠤ ᠭᠠᠷᠤᠢ ᠺᠢᠯᠤᠮᠧᠲᠷ ᠤᠭᠰᠠᠷᠠᠵᠠᠢ᠃ ᠬᠤᠳᠠ ᠪᠠᠯᠭᠠᠰᠤᠨ ᠤ ᠭᠡᠰᠡᠭ ᠵᠡᠭᠡᠯᠢ ᠭᠤᠳᠤᠮᠵᠢ᠂  ᠬᠦᠳᠡᠯᠪᠦᠷᠢ ᠶᠢᠨ ᠠᠭᠤᠳᠠᠮ ᠲᠠᠯᠠᠪᠠᠢ᠂ ᠪᠠᠶᠢᠭᠤᠯᠤᠯᠭ᠎ᠠ ᠨᠢᠬᠡᠴᠡ ᠶᠢᠨ ᠭᠡᠷ ᠬᠦᠷᠢᠶ᠎ᠡ ᠳᠤ ᠭᠤᠶᠤᠵᠢᠭᠤᠯᠤᠯᠳᠠ᠂ ᠨᠤᠭᠤᠭᠠᠷᠠᠭᠤᠯᠤᠯᠳᠠ᠂ ᠬᠠᠳᠠᠭᠤᠷᠠᠭᠤᠯᠤᠯᠳᠠ ᠪᠠ ᠴᠡᠪᠡᠷᠰᠢᠬᠦᠯᠦᠯᠳᠡ ᠬᠢᠵᠦ᠂  ᠰᠢᠨ᠎ᠡ ᠪᠠᠷ ᠨᠡᠮᠡᠭᠳᠡᠭᠰᠡᠨ ᠨᠤᠭᠤᠭᠠᠷᠠᠭᠤᠯᠤᠯᠳᠠ ᠶᠢᠨ ᠲᠠᠯᠠᠪᠠᠢ 3 ᠲᠦᠮᠡᠨ ᠬᠠᠪᠳᠠᠭᠠᠢ ᠲᠦᠷᠪᠡᠯᠵᠢᠨ ᠮᠧᠲᠷ  ᠂  ᠬᠠᠳᠠᠭᠤᠷᠠᠭᠤᠯᠤᠯᠳᠠ ᠶᠢᠨ ᠲᠠᠯᠠᠪᠠᠢ 16 ᠲᠦᠮᠡᠨ ᠬᠠᠪᠳᠠᠭᠠᠢ ᠲᠦᠷᠪᠡᠯᠵᠢᠨ ᠮᠧᠲᠷ   ᠲᠤ ᠬᠦᠷᠴᠦ᠂ ᠵᠡᠬᠡᠯᠢ ᠭᠤᠳᠤᠮᠵᠢ ᠶᠢᠨ ᠭᠡᠭᠡᠷᠡᠬᠦᠯᠦᠯᠳᠡ ᠶᠢᠨ ᠨᠤᠷᠮ᠎ᠠ 94 %   ᠠᠴᠠ ᠲᠡᠭᠡᠭᠰᠢ ᠪᠤᠯᠪᠠ᠃  2500 ᠡᠷᠦᠬᠡ ᠶᠢᠨ ᠬᠠᠭᠤᠴᠢᠨ ᠭᠡᠷ ᠪᠠᠶᠢᠰᠢᠩ ᠢ ᠦᠬᠡᠷᠡᠴᠢᠯᠡᠨ ᠪᠠᠶᠢᠭᠤᠯᠵᠤ᠂  ︽ᠶᠠᠩ ᠭᠤᠸᠠᠩ︾ ᠨᠡᠬᠦᠯᠭᠡᠭᠰᠡᠨ ᠠᠷᠠᠳ ᠢ  ᠲᠦᠪᠬᠢᠨᠡᠬᠦᠯᠬᠦ ᠰᠠᠭᠤᠭᠠᠯᠢ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢ ᠡᠬᠢᠯᠡᠬᠦᠯᠪᠡ᠃ 14 ᠰᠠᠭᠤᠷᠢ ᠬᠠᠭᠤᠴᠢᠨ ᠲᠤᠭᠤᠷᠢᠭ ᠢ ᠦᠬᠡᠷᠡᠴᠢᠯᠡᠨ ᠰᠢᠨᠡᠳᠭᠡᠵᠦ ᠲᠡᠰ ᠲᠡᠪᠰᠢᠬᠦᠯᠦᠨ᠂  ᠤᠷᠤᠵᠤ ᠭᠠᠷᠬᠤ ᠳᠤ ᠬᠦᠴᠢᠷ᠂ ᠲᠡᠷᠭᠡ ᠵᠤᠭᠰᠤᠭᠠᠬᠤ ᠳᠤ  ᠪᠡᠷᠭᠡ᠂ ᠤᠷᠴᠢᠨ ᠲᠤᠭᠤᠷᠢᠨ ᠰᠠᠯᠠᠩ᠂ ᠦᠢᠯᠡᠴᠢᠯᠡᠭᠡ ᠮᠠᠭᠤ  ᠪᠠᠶᠢᠭᠰᠠᠨ ᠪᠤᠳᠠᠳᠠᠢ ᠠᠰᠠᠭᠤᠳᠠᠯ ᠢ ᠰᠢᠢᠳᠪᠦᠷᠢᠯᠡᠭᠡᠳ᠂ 2.8 ᠲᠦᠮᠡᠨ ᠬᠦᠮᠦᠨ ᠳᠤ ᠠᠰᠢᠭ  ᠬᠦᠷᠳᠡᠭᠡᠭᠰᠡᠨ ᠪᠠᠶᠢᠨ᠎ᠠ᠃  ᠪᠦᠬᠦ ᠤᠷᠤᠨ  ᠤ ᠬᠤᠳᠠ ᠶᠢᠨ ︽ᠬᠤᠤᠰ ᠵᠠᠰᠠᠯᠳᠠ︾ ︵ᠬᠤᠳᠠ ᠶᠢ ᠵᠠᠰᠠᠵᠤ ᠨᠦᠬᠦᠪᠦᠷᠢᠯᠡᠬᠦ᠂ ᠠᠮᠢ ᠠᠬᠤᠢ ᠶᠢ ᠵᠠᠰᠠᠵᠤ ᠰᠡᠷᠬᠦᠬᠡᠬᠦ︶ ᠶᠢᠨ ᠲᠤᠷᠰᠢᠯᠳᠠ ᠶᠢᠨ ᠴᠡᠭ  ᠪᠤᠯᠵᠤ᠂ ᠪᠠᠷᠠᠭᠤᠨ  ᠠᠭᠤᠯᠠ   ᠶᠢᠨ ᠦᠨᠳᠦᠰᠦᠳᠡᠨ ᠤ ᠴᠡᠴᠡᠷᠯᠢᠭ᠂ ᠬᠤᠶᠢᠳᠤ ᠠᠭᠤᠯᠠ   ᠶᠢᠨ ᠤᠢ ᠰᠢᠭᠤᠢ ᠶᠢᠨ ᠴᠡᠴᠡᠷᠯᠢᠭ  ᠂ ᠠᠮᠢ ᠠᠬᠤᠢ ᠶᠢᠨ ᠤᠰᠤᠨ ᠤ ᠰᠢᠰᠲ᠋ᠧᠮ ᠤᠨ ᠴᠡᠴᠡᠷᠯᠢᠭ  ᠪᠠ  ᠪᠡᠶ᠎ᠡ ᠴᠢᠬᠢᠷᠠᠭᠵᠢᠭᠤᠯᠬᠤ ᠠᠭᠤᠳᠠᠮ ᠲᠠᠯᠠᠪᠠᠢ ᠶᠢᠨ ᠪᠦᠳᠦᠭᠡᠨ ᠪᠠᠶᠢᠭᠤᠯᠤᠯᠳᠠ ᠶᠢᠨ ᠲᠦᠯᠦᠪᠵᠢᠬᠦᠯᠬᠡ ᠶᠢ ᠬᠢᠪᠡ᠃  ᠤᠷᠴᠢᠨ ᠲᠤᠭᠤᠷᠢᠨ ᠤ ᠠᠷᠢᠭᠤᠨ ᠴᠡᠪᠡᠷ ᠤᠨ ᠴᠡᠭᠴᠡᠯᠡᠯᠳᠡ ᠶᠢᠨ ᠡᠷᠴᠢᠮ ᠢ ᠦᠷᠬᠦᠯᠵᠢᠯᠡᠨ ᠴᠢᠩᠭᠠᠷᠠᠭᠤᠯᠵᠤ᠂  ᠬᠤᠳᠠ ᠶᠢᠨ ᠲᠤᠭᠤᠷᠢᠭ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢ ᠲᠤᠰᠬᠠᠢ ᠠᠵᠤ ᠠᠬᠤᠶᠢᠯᠠᠯ ᠳᠤ ᠲᠤᠰᠢᠶᠠᠨ ᠬᠠᠷᠢᠭᠤᠴᠠᠭᠤᠯᠵᠤ᠂ ᠰᠠᠯᠠᠩ ᠪᠤᠵᠠᠷ ᠮᠠᠭᠤᠬᠠᠢ ᠦᠵᠡᠭᠳᠡᠯ ᠢ ᠲᠤᠶᠢᠯᠪᠤᠷᠢᠳᠠᠢ ᠬᠤᠪᠢᠷᠠᠭᠤᠯᠤᠭᠰᠠᠨ ᠪᠠᠶᠢᠨ᠎ᠠ᠃  ᠮᠠᠯᠵᠢᠬᠤ ᠲᠠᠷᠢᠶᠠᠯᠠᠬᠤ ᠤᠷᠤᠨ ᠤ ᠦᠩᠬᠡ ᠲᠦᠷᠬᠦ  ᠦᠳᠳᠡᠷ ᠲᠦᠷᠭᠡᠨ ᠰᠢᠨᠡᠳᠴᠦ ᠬᠤᠪᠢᠷᠠᠭᠰᠠᠨ᠃ 18.9 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ᠂ ︽ᠠᠷᠪᠠ ᠶᠢ ᠪᠦᠷᠬᠦᠬᠦᠯᠬᠦ︾ ᠪᠠ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠤ ᠴᠡᠭᠴᠡᠯᠡᠯᠳᠡ ᠶᠢᠨ ᠢᠨᠵᠧᠨᠧᠷᠢᠩ   ᠢ ᠭᠡᠷᠡᠭᠵᠢᠬᠦᠯᠦᠨ᠂ 4.28 ᠲᠦᠮᠡᠨ ᠡᠷᠦᠬᠡ᠂ 10.2 ᠲᠦᠮᠡᠨ ᠬᠦᠮᠦᠨ ᠳᠤ ᠠᠰᠢᠭ  ᠬᠦᠷᠳᠡᠭᠡᠪᠡ᠃  1.3 ᠲᠦᠮᠡᠨ ᠡᠷᠦᠬᠡ ᠶᠢᠨ ᠨᠤᠷᠠᠬᠤ ᠠᠶᠤᠯᠳᠠᠢ ᠭᠡᠷ ᠪᠠᠶᠢᠰᠢᠩ   ᠳᠤ ᠦᠬᠡᠷᠡᠴᠢᠯᠡᠯᠳᠡ  ᠬᠢᠵᠦ᠂ 2.9 ᠲᠦᠮᠡᠨ ᠰᠠᠭᠤᠷᠢ ᠠᠶᠤᠯᠳᠠᠢ ᠭᠡᠷ ᠪᠠᠶᠢᠰᠢᠩ ᠢ ᠨᠤᠷᠠᠭᠠᠨ᠂ 1.66 ᠲᠦᠮᠡᠨ ᠰᠠᠭᠤᠷᠢ ᠭᠡᠷ ᠪᠠᠶᠢᠰᠢᠩ ᠢ ᠰᠡᠯᠪᠢᠨ ᠵᠠᠰᠠᠵᠤ᠂ 224 ᠲᠦᠮᠡᠨ ᠮᠧᠲᠷ ᠬᠦᠷᠢᠶ᠎ᠡ ᠬᠠᠰᠢᠶ᠎ᠠ ᠶᠢ ᠵᠠᠰᠠᠵᠤ ᠪᠠᠶᠢᠭᠤᠯᠤᠨ᠂ 652 ᠺᠢᠯᠤᠮᠧᠲᠷ ᠵᠡᠬᠡᠯᠢ ᠭᠤᠳᠤᠮᠵᠢ ᠶᠢ ᠬᠠᠳᠠᠭᠤᠷᠠᠭᠤᠯᠵᠤ᠂ 1.1 ᠲᠦᠮᠡᠨ ᠬᠦᠮᠦᠨ ᠠᠮᠠ ᠶᠢᠨ ᠤᠰᠤ ᠤᠮᠳᠠ ᠶᠢᠨ ᠠᠰᠠᠭᠤᠳᠠᠯ ᠢ  ᠰᠢᠢᠳᠪᠦᠷᠢᠯᠡᠨ᠂ 21 ᠰᠠᠭᠤᠷᠢ ᠰᠤᠷᠭᠠᠭᠤᠯᠢ ᠶᠢᠨ ᠭᠡᠷ ᠪᠠᠶᠢᠰᠢᠩ ᠢ ᠰᠢᠨ᠎ᠡ ᠪᠠᠷ ᠪᠠᠶᠢᠭᠤᠯᠬᠤ ᠪᠤᠶᠤ ᠦᠬᠡᠷᠡᠴᠢᠯᠡᠨ ᠪᠠᠶᠢᠭᠤᠯᠵᠤ᠂ ᠪᠠᠷᠢᠮᠵᠢᠶᠠᠳᠤ ᠡᠷᠡᠬᠦᠯ ᠬᠠᠮᠠᠭᠠᠯᠠᠯ ᠤᠨ ᠦᠷᠦᠭᠡ 108 ᠶᠢ ᠪᠠᠶᠢᠭᠤᠯᠤᠨ᠂ 16180  ᠡᠷᠦᠬᠡ ᠳᠤ ᠷᠠᠳᠢᠤ᠋ ᠲᠧᠯᠸᠢᠰ ᠲᠠᠮᠵᠢᠭᠤᠯᠭ᠎ᠠ ᠶᠢᠨ ᠲᠦᠬᠦᠭᠡᠷᠦᠮᠵᠢ ᠤᠭᠰᠠᠷᠠᠵᠤ᠂  ᠠᠷᠠᠳ   ᠲᠤ ᠲᠦᠬᠦᠮ ᠦᠵᠡᠬᠦᠯᠬᠦ ᠴᠢᠯᠦᠬᠡᠳᠦ ᠲᠡᠯᠬᠡᠬᠦᠷ 25 ᠶᠢ ᠪᠠᠶᠢᠭᠤᠯᠤᠨ᠂  ᠬᠤᠭ ᠨᠤᠪᠰᠢ ᠶᠢᠨ ᠬᠠᠶᠢᠷᠴᠠᠭ 1748 ᠶᠢ ᠲᠤᠬᠢᠷᠠᠭᠤᠯᠵᠤ᠂  ᠨᠡᠶᠢᠳᠡ ᠶᠢᠨ ᠵᠤᠷᠯᠤᠩ 336 ᠶᠢ ᠪᠠᠶᠢᠭᠤᠯᠤᠨ᠂ ᠨᠢᠯᠬ᠎ᠠ ᠮᠤᠳᠤ 53 ᠲᠦᠮᠡᠨ ᠪᠤᠳᠠ ᠲᠠᠷᠢᠵᠠᠢ᠃  ᠦᠪᠡᠷᠳᠡᠭᠡᠨ ᠵᠠᠰᠠᠬᠤ ᠤᠷᠤᠨ ᠠᠴᠠ ᠮᠠᠨ ᠤ ᠬᠤᠰᠢᠭᠤᠨ ᠤ 29 ᠭᠠᠴᠠᠭ᠎ᠠ ᠲᠤᠰᠬᠤᠨ ᠢ ᠰᠢᠨ᠎ᠡ ᠮᠠᠯᠵᠢᠬᠤ ᠲᠠᠷᠢᠶᠠᠯᠬᠤ ᠤᠷᠤᠨ ᠤ ᠪᠦᠳᠦᠭᠡᠨ ᠪᠠᠶᠢᠭᠤᠯᠤᠯᠳᠠ ᠶᠢᠨ ᠵᠢᠱᠢᠶ᠎ᠡ ᠦᠵᠡᠬᠦᠯᠬᠦ  ᠴᠡᠭ ᠪᠤᠯᠭᠠᠵᠤ᠂ ᠴᠢᠶᠠᠨ ᠶᠢᠨ ᠭᠸᠦ ᠪᠠᠯᠭᠠᠰᠤᠨ ᠤ ᠳ᠋ᠠ ᠭᠧ  ᠳ᠋ᠦᠩ ᠲᠤᠰᠬᠤᠨ ᠨᠢ  ᠪᠦᠬᠦ ᠤᠯᠤᠰ ᠤᠨ ᠲᠠᠪᠤᠳᠤᠭᠠᠷ ᠬᠤᠭᠤᠴᠠᠭᠠᠨ ᠤ ᠪᠤᠯᠪᠠᠰᠤᠨ ᠲᠤᠰᠬᠤᠨ ᠢᠶᠠᠷ ᠦᠨᠡᠯᠡᠭᠳᠡᠨ᠂ ᠮᠠᠯᠵᠢᠬᠤ ᠲᠠᠷᠢᠶᠠᠯᠠᠬᠤ ᠤᠷᠤᠨ ᠤ ᠤᠷᠴᠢᠨ ᠲᠤᠭᠤᠷᠢᠨ ᠤ ᠦᠩᠬᠡ ᠲᠦᠷᠬᠦ ᠳᠤ ᠲᠡᠦᠬᠡᠳᠦ ᠴᠢᠨᠠᠷᠳᠠᠢ ᠬᠤᠪᠢᠷᠠᠯᠳᠠ ᠭᠠᠷᠤᠭᠰᠠᠨ ᠪᠠᠶᠢᠨ᠎ᠠ᠃  ᠬᠦᠭᠵᠢᠯᠳᠡ ᠶᠢᠨ ᠪᠠᠳᠤᠯᠠᠭᠠᠨ ᠤ ᠴᠢᠳᠠᠪᠤᠷᠢ ᠯᠠᠪᠳᠠᠭᠤᠨ ᠢᠶᠠᠷ ᠴᠢᠩᠭᠠᠷᠠᠭᠰᠠᠨ᠃ ᠪᠡᠯᠴᠢᠭᠡᠷ ᠰᠡᠷᠬᠦᠬᠡᠵᠦ ᠪᠡᠯᠴᠢᠭᠡᠷᠯᠡᠬᠦᠯᠬᠦ ᠶᠢ ᠴᠠᠭᠠᠵᠠᠯᠠᠬᠤ ᠲᠦᠷᠢᠮ ᠢ ᠴᠢᠩᠭ᠎ᠠ ᠭᠡᠷᠡᠭᠵᠢᠬᠦᠯᠵᠦ᠂ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢᠨ ᠱᠠᠩᠨᠠᠯ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ ᠨᠠᠷᠢᠨ ᠨᠢᠮᠪᠠᠢ ᠨᠠᠶᠢᠳᠠᠪᠤᠷᠢᠵᠢᠭᠤᠯᠤᠨ᠂ ᠨᠤᠳᠤᠭ ᠪᠡᠯᠴᠢᠭᠡᠷ ᠤᠨ ᠦᠮᠴᠢᠯᠡᠯ ᠤᠨ ᠡᠷᠭᠡ ᠶᠢ ᠲᠤᠳᠤᠯᠠᠬᠤ᠂ ᠲᠠᠷᠢᠶᠠᠯᠠᠬᠤ ᠤᠷᠤᠨ ᠤ ᠦᠨᠳᠦᠰᠦᠨ ᠨᠤᠳᠤᠭ ᠪᠡᠯᠴᠢᠭᠡᠷ ᠢ ᠢᠯᠭᠠᠨ ᠲᠤᠭᠳᠠᠭᠠᠬᠤ ᠠᠵᠢᠯ ᠦᠨᠳᠦᠰᠦᠨ ᠳᠡᠭᠡᠨ ᠪᠡᠶᠡᠯᠡᠭᠳᠡᠪᠡ᠃  ᠭᠤᠷᠪᠠᠨ ᠵᠢᠯ ᠤᠨ ᠴᠢᠷᠮᠠᠶᠢᠯᠭ᠎ᠠ ᠪᠠᠷ ᠲᠠᠮᠵᠢᠭᠠᠳ᠂  ᠲᠠᠷᠢᠶᠠᠯᠠᠬᠤ ᠤᠷᠤᠨ ᠤ 130.8 ᠲᠦᠮᠡᠨ ᠮᠤ᠋ ᠭᠠᠵᠠᠷ ᠰᠢᠷᠤᠢ ᠶᠢᠨ ᠦᠮᠴᠢᠯᠡᠯ ᠤᠨ ᠡᠷᠭᠡ ᠶᠢ ᠲᠤᠳᠤᠯᠠᠵᠤ ᠦᠨᠡᠮᠯᠡᠯ  ᠤᠯᠭᠤᠭᠠᠳ᠂ 16.6 ᠲᠦᠮᠡᠨ ᠲᠠᠷᠢᠶᠠᠴᠢᠨ ᠤ ᠰᠡᠳᠬᠢᠯ ᠰᠠᠨᠠᠭ᠎ᠠ ᠶᠢ ᠠᠮᠤᠷᠵᠢᠭᠤᠯᠪᠠ᠃ ᠪᠡᠭᠡᠵᠢᠩ ᠲᠢᠶᠠᠨᠵᠢᠨ ᠤ ᠡᠷᠬᠢᠨ ᠲᠤᠭᠤᠷᠢᠨ ᠤ ᠡᠯᠡᠰᠦᠨ ᠤ ᠡᠬᠢ ᠶᠢ ᠵᠠᠰᠠᠬᠤ ᠵᠡᠷᠭᠡ ᠠᠮᠢ ᠠᠬᠤᠢ   ᠶᠢᠨ ᠪᠦᠳᠦᠭᠡᠨ ᠪᠠᠶᠢᠭᠤᠯᠤᠯᠳᠠ ᠶᠢᠨ ᠢᠨᠵᠧᠨᠧᠷᠢᠩ   ᠢ ᠨᠠᠷᠢᠨ ᠨᠢᠮᠪᠠᠢ ᠵᠤᠬᠢᠶᠠᠨ ᠪᠠᠶᠢᠭᠤᠯᠵᠤ ᠭᠡᠷᠡᠭᠵᠢᠬᠦᠯᠦᠨ᠂ 46.12 ᠲᠦᠮᠡᠨ ᠮᠤ᠋ ᠤᠢ ᠰᠢᠭᠤᠢ ᠶᠢᠨ ᠶᠡᠷᠦᠩᠬᠡᠶᠢᠯᠡᠭᠰᠡᠨ ᠪᠦᠳᠦᠭᠡᠨ ᠪᠠᠶᠢᠭᠤᠯᠤᠯᠳᠠ ᠶᠢ ᠬᠢᠵᠦ ᠂  ᠤᠢ ᠮᠤᠳᠤᠨ ᠤ ᠪᠦᠷᠬᠦᠴᠡ 20.3 % ᠳᠤ ᠬᠦᠷᠦᠭᠰᠡᠨ ᠪᠠᠶᠢᠨ᠎ᠠ᠃  ᠤᠷᠴᠢᠨ ᠲᠤᠭᠤᠷᠢᠨ ᠤ ᠬᠠᠮᠠᠭᠠᠯᠠᠯᠳᠠ  ᠶᠢᠨ ᠬᠢᠨᠠᠨ ᠵᠦᠪᠰᠢᠶᠡᠷᠡᠬᠦ  ᠪᠤᠭᠤᠮᠳᠠ ᠶᠢ ᠴᠢᠩᠭ᠎ᠠ ᠰᠠᠬᠢᠵᠤ᠂  ᠦᠢᠯᠡᠳᠪᠦᠷᠢᠯᠡᠯ ᠤᠨ ᠴᠢᠳᠠᠪᠤᠷᠢ   ᠪᠠᠷ ᠬᠤᠴᠤᠷᠤᠩᠭᠤᠢ  ᠦᠢᠯᠡᠳᠪᠦᠷᠢ ᠠᠭᠤᠷᠬᠠᠢ ᠶᠢ ᠰᠢᠭᠰᠢᠨ ᠭᠠᠷᠭᠠᠵᠤ᠂  ᠡᠨᠧᠷᠬᠢ ᠶᠢᠨ ᠬᠤᠷᠤᠭᠳᠠᠯ᠂  ᠤᠰᠤ ᠭᠡᠷᠡᠭᠯᠡᠬᠦ ᠬᠡᠮᠵᠢᠶ᠎ᠡ᠂ ᠪᠤᠬᠢᠷᠳᠤᠯ ᠭᠠᠳᠠᠭᠰᠢᠯᠠᠭᠤᠯᠤᠯᠳᠠ ᠵᠡᠷᠭᠡ ᠵᠢᠭᠠᠯᠳᠠ ᠲᠤᠭ᠎ᠠ ᠶᠢ ᠤᠯᠠᠮ ᠨᠢᠬᠡ ᠠᠯᠬᠤᠮ ᠲᠤᠷᠤᠭᠰᠢᠯᠠᠭᠤᠯᠵᠤ᠂  ᠪᠤᠤᠴᠠᠩ ᠪᠠᠯᠭᠠᠰᠤᠨ ᠤ ᠪᠤᠬᠢᠷ ᠤᠰᠤ ᠰᠢᠢᠳᠪᠦᠷᠢᠯᠡᠬᠦ ᠦᠢᠯᠡᠳᠪᠦᠷᠢ᠂ ᠲᠠᠯ᠎ᠠ ᠨᠤᠳᠤᠭ ᠠᠷᠢᠬᠢ ᠨᠡᠷᠡᠬᠦ ᠺᠤᠮᠫᠠᠨᠢ ᠶᠢᠨ ᠪᠤᠬᠢᠷ ᠤᠰᠤ ᠰᠢᠢᠳᠪᠦᠷᠢᠯᠡᠬᠦ ᠦᠢᠯᠡᠳᠪᠦᠷᠢ ᠨᠢ ᠤᠯᠤᠰ ᠤᠨ ᠪᠠᠷᠢᠮᠵᠢᠶ᠎ᠠ ᠪᠠᠷ ᠪᠤᠬᠢᠷᠳᠤᠯ ᠭᠠᠳᠠᠭᠰᠢᠯᠠᠭᠤᠯᠬᠤ ᠪᠤᠯᠵᠠᠢ᠃  ᠵᠠᠮ ᠬᠠᠷᠢᠯᠴᠠᠭᠠᠨ ᠤ ᠲᠦᠬᠦᠭᠡᠷᠦᠮᠵᠢ ᠡᠳᠦᠷ ᠠᠴᠠ ᠡᠳᠦᠷ ᠲᠡᠬᠦᠯᠳᠡᠷᠵᠢᠵᠦ᠂ ᠵᠠᠰᠠᠮᠠᠯ ᠵᠠᠮ ᠤᠨ ᠶᠡᠷᠦᠩᠬᠡᠢ ᠤᠷᠳᠤ 1384 ᠺᠢᠯᠤᠮᠧᠲᠷ ᠲᠤ ᠬᠦᠷᠴᠦ᠂  ᠰᠢᠯᠢᠩᠬᠤᠳᠠ ᠠᠴᠠ ᠴᠢᠭᠤᠯᠤᠯᠳᠤ ᠬᠠᠭᠠᠯᠭ᠎ᠠ ᠬᠦᠷᠬᠦ ᠬᠤᠷᠳᠤᠨ ᠤ ᠵᠠᠮ᠂ 222 ᠱᠤᠭᠤᠮ ᠤᠨ ᠪᠤᠤᠴᠠᠩ ᠠᠴᠠ ᠬᠦᠶᠤᠸᠠᠨ ᠬᠦᠷᠬᠦ ᠵᠠᠰᠠᠮᠠᠯ ᠵᠠᠮ ᠪᠠᠶᠢᠭᠤᠯᠤᠭᠳᠠᠨ ᠲᠡᠷᠭᠡ ᠨᠡᠪᠳᠡᠷᠡᠵᠦ᠂  ᠪᠤᠤ ᠴᠢ᠂ ᠪᠤᠤ ᠬᠤᠩ᠂  ᠪᠤᠤ ᠮᠤ᠋᠂  ᠴᠢᠶᠠᠨ ᠫᠤᠤ ᠲᠦᠷᠪᠡᠨ ᠵᠤᠷᠪᠤᠰ  ᠰᠤᠮᠤ ᠰᠢᠶᠠᠩ ᠪᠠᠯᠭᠠᠰᠤ ᠳᠤ ᠨᠡᠪᠳᠡᠷᠡᠬᠦ  ᠵᠠᠰᠠᠮᠠᠯ ᠵᠠᠮ ᠤᠨ ᠪᠦᠳᠦᠭᠡᠨ ᠪᠠᠶᠢᠭᠤᠯᠤᠯᠳᠠ ᠪᠦᠬᠦ ᠲᠠᠯᠠᠪᠠᠷ  ᠡᠬᠢᠯᠡᠭᠰᠡᠨ ᠤ ᠬᠠᠮᠳᠤ᠂ 608 ᠺᠢᠯᠤᠮᠧᠲᠷ ᠭᠠᠴᠠᠭ᠎ᠠ ᠲᠤᠰᠬᠤᠨ ᠳᠤ ᠨᠡᠪᠳᠡᠷᠡᠬᠦ  ᠵᠠᠰᠠᠮᠠᠯ ᠵᠠᠮ   ᠢ ᠪᠠᠶᠢᠭᠤᠯᠵᠤ᠂ ᠭᠠᠴᠠᠭ᠎ᠠ ᠲᠤᠰᠬᠤᠨ ᠳᠤ ᠵᠠᠰᠠᠮᠠᠯ ᠵᠠᠮ ᠨᠡᠪᠳᠡᠷᠡᠬᠦ ᠨᠤᠷᠮ᠎ᠠ 100 % ᠳᠤ ᠬᠦᠷᠦᠭᠰᠡᠨ ᠪᠠᠶᠢᠨ᠎ᠠ᠃  ᠤᠰᠤᠨ ᠠᠰᠢᠭᠯᠠᠯᠳᠠ ᠶᠢᠨ ᠪᠦᠳᠦᠭᠡᠨ ᠪᠠᠶᠢᠭᠤᠯᠤᠯᠳᠠ ᠤᠯᠠᠮ ᠨᠢᠬᠡ ᠠᠯᠬᠤᠮ ᠴᠢᠩᠭᠠᠷᠠᠨ᠂ ᠠᠶᠤᠯᠬᠦᠢ ᠤᠰᠤ ᠤᠮᠳᠠ ᠶᠢᠨ ᠢᠨᠵᠧᠨᠧᠷᠢᠩ 70 ᠰᠠᠭᠤᠷᠢ ᠶᠢ ᠭᠡᠷᠡᠭᠵᠢᠬᠦᠯᠵᠦ᠂ 1.97 ᠲᠦᠮᠡᠨ ᠬᠦᠮᠦᠨ᠂ 10.7 ᠲᠦᠮᠡᠨ ᠮᠠᠯ  ᠤᠨ ᠤᠤᠭᠤᠬᠤ ᠤᠰᠤᠨ ᠤ ᠠᠰᠠᠭᠤᠳᠠᠯ ᠢ ᠰᠢᠢᠳᠪᠦᠷᠢᠯᠡᠭᠰᠡᠨ ᠪᠦᠬᠡᠳ 3 ᠵᠤᠷᠪᠤᠰ ᠭᠤᠤᠯ ᠤᠨ 20 ᠺᠢᠯᠤᠮᠧᠲᠷ ᠭᠤᠯᠳᠤᠷᠢᠯ ᠢ ᠵᠠᠰᠠᠵᠤ᠂ 4 ᠰᠠᠭᠤᠷᠢ ᠤᠰᠤᠨ ᠴᠦᠬᠦᠷᠦᠮ ᠢ ᠪᠠᠬᠢᠯᠡᠨ ᠵᠠᠰᠠᠵᠠᠢ᠃ ᠴᠠᠬᠢᠯᠭᠠᠨ ᠬᠦᠴᠦᠨ᠂ ᠴᠢᠮᠡᠭᠡ ᠬᠤᠯᠪᠤᠭ᠎ᠠ ᠵᠡᠷᠭᠡ ᠰᠠᠭᠤᠷᠢ ᠲᠦᠬᠦᠭᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠵᠤ᠂ ᠪᠠᠳᠤᠯᠠᠭᠠᠨ ᠤ ᠴᠢᠳᠠᠪᠤᠷᠢ ᠶᠢ ᠤᠯᠠᠮ ᠨᠢᠬᠡ ᠠᠯᠬᠤᠮ ᠨᠡᠮᠡᠭᠳᠡᠬᠦᠯᠦᠭᠰᠡᠨ ᠪᠠᠶᠢᠨ᠎ᠠ᠃      — — ᠠᠷᠠᠳ   ᠤᠨ ᠠᠮᠢᠳᠤᠷᠠᠯ ᠢ ᠰᠠᠶᠢᠵᠢᠷᠠᠭᠤᠯᠵᠤ  ᠡᠶ᠎ᠡ ᠵᠤᠬᠢᠴᠠᠯ ᠢ ᠠᠬᠢᠭᠤᠯᠤᠨ᠂  ᠠᠷᠠᠳ ᠲᠦᠮᠡᠨ  ᠤ ᠵᠤᠯ ᠵᠢᠷᠭᠠᠯ ᠤᠨ ᠵᠢᠭᠠᠯᠳᠠ ᠲᠤᠭ᠎ᠠ ᠦᠷᠬᠦᠯᠵᠢᠯᠡᠨ ᠲᠡᠭᠡᠭᠰᠢᠯᠡᠪᠡ᠃ ᠲᠠᠪᠤᠨ ᠵᠢᠯ ᠤᠨ ᠲᠤᠷᠰᠢ᠂ ᠠᠷᠠᠳ ᠤᠨ ᠠᠮᠢᠳᠤᠷᠠᠯ ᠳᠤ ᠭᠡᠷᠡᠭᠯᠡᠭᠰᠡᠨ ᠶᠡᠷᠦᠩᠬᠡᠢ ᠵᠠᠷᠤᠯᠭ᠎ᠠ 79.4 ᠳ᠋ᠦᠩᠰᠢᠭᠤᠷ ᠲᠦᠬᠦᠷᠢᠭ ᠲᠤ ᠬᠦᠷᠴᠦ᠂ ᠲᠡᠭᠰᠢᠳᠭᠡᠪᠡᠯ ᠵᠢᠯ ᠪᠦᠷᠢ 15 ᠳ᠋ᠦᠩᠰᠢᠭᠤᠷ ᠲᠦᠬᠦᠷᠢᠭ ᠨᠤᠭᠳᠠᠵᠠᠢ᠃ ᠠᠷᠠᠳ ᠲᠦᠮᠡᠨ ᠳᠤ ᠬᠦᠷᠳᠡᠭᠡᠬᠦ ᠠᠰᠢᠭ ᠲᠤᠰᠠ ᠡᠳᠦᠷ ᠢᠷᠡᠬᠦᠶ᠎ᠡ ᠨᠡᠮᠡᠭᠳᠡᠭᠰᠡᠨ᠃  ᠤᠨᠢᠨ ᠲᠡᠭᠡᠷ᠎ᠡ ᠨᠢ ᠶᠠᠳᠠᠭᠤ ᠶᠢ ᠲᠡᠳᠬᠦᠬᠦ᠂ ᠤᠨᠢᠨ  ᠲᠡᠭᠡᠷ᠎ᠡ ᠨᠢ ᠶᠠᠳᠠᠭᠤ ᠠᠴᠠ ᠠᠩᠬᠢᠵᠢᠷᠠᠭᠤᠯᠬᠤ   ᠶᠢ ᠪᠠᠷᠢᠮᠳᠠᠯᠠᠵᠤ᠂ ︽ᠵᠢᠷᠭᠤᠭᠠᠨ ᠨᠠᠷᠢᠯᠢᠭ ᠤᠨᠤᠪᠴᠢᠳᠠᠢ︾᠂  ︽ᠲᠠᠪᠤᠨ ᠨᠢᠬᠡ ᠪᠦᠯᠦᠭ︾  ᠤᠨ ᠱᠠᠭᠠᠷᠳᠠᠯᠭ᠎ᠠ  ᠪᠠ ᠠᠷᠭ᠎ᠠ ᠪᠠᠷᠢᠯ ᠢ ᠨᠠᠶᠢᠳᠠᠪᠤᠷᠢᠵᠢᠭᠤᠯᠤᠨ᠂ ︽ᠭᠤᠷᠪᠠ ᠶᠢ ᠬᠦᠳᠡᠭᠡ ᠬᠦᠷᠭᠡᠵᠦ ᠭᠤᠷᠪᠠ ᠶᠢ ᠡᠷᠦᠬᠡ ᠳᠤ ᠬᠦᠷᠭᠡᠬᠦ︾᠂  ᠨᠤᠳᠤᠭ ᠨᠡᠬᠦᠯᠬᠡᠨ ᠶᠠᠳᠠᠭᠤ ᠶᠢ ᠳᠡᠳᠬᠦᠬᠦ᠂  ᠮᠦᠩᠬᠦᠨ ᠬᠦᠢᠯᠬᠡᠬᠡ ᠪᠠᠷ ᠶᠠᠳᠠᠭᠤ ᠶᠢ ᠳᠡᠳᠬᠦᠬᠦ᠂ ᠡᠷᠡᠬᠦᠯ ᠬᠠᠮᠠᠭᠠᠯᠠᠯ ᠢᠶᠠᠷ ᠶᠠᠳᠠᠭᠤ ᠶᠢ ᠳᠡᠳᠬᠦᠬᠦ ᠵᠡᠷᠭᠡ ᠢᠨᠵᠧᠨᠧᠷᠢᠩ ᠢ ᠭᠡᠷᠡᠭᠵᠢᠬᠦᠯᠬᠦ ᠪᠠᠷ ᠲᠠᠮᠵᠢᠭᠠᠳ ᠂  ᠡᠯ᠎ᠡ ᠲᠦᠷᠦᠯ ᠤᠨ ᠶᠠᠳᠠᠭᠤ ᠶᠢ ᠲᠡᠳᠬᠦᠬᠦ  ᠪᠡᠯᠡ ᠮᠦᠩᠬᠦ  9.3  ᠳ᠋ᠦᠩᠰᠢᠭᠤᠷ ᠲᠦᠬᠦᠷᠢᠭ ᠢ ᠤᠷᠤᠭᠤᠯᠵᠤ᠂ ᠲᠠᠪᠤᠨ ᠵᠢᠯ ᠳᠤ ᠨᠡᠶᠢᠳᠡ 16567 ᠶᠠᠳᠠᠭᠤ ᠬᠦᠴᠢᠷᠳᠡᠢ ᠬᠦᠮᠦᠨ ᠠᠮᠠ   ᠶᠢ ᠪᠠᠭᠠᠰᠬᠠᠵᠤ᠂  ᠶᠠᠳᠠᠭᠤᠷᠠᠯ ᠤᠨ ᠨᠤᠷᠮ᠎ᠠ 10.15 % ᠪᠠᠶᠢᠭᠰᠠᠨ ᠠᠴᠠ ᠪᠠᠨ 2.79 % ᠪᠤᠯᠵᠤ ᠪᠠᠭᠤᠷᠠᠭᠰᠠᠨ ᠪᠠᠶᠢᠨ᠎ᠠ᠃ ᠠᠵᠢᠯ ᠤᠯᠵᠤ ᠦᠢᠯᠡᠰ ᠪᠦᠳᠦᠬᠡᠬᠦ ᠲᠠᠯᠠᠪᠠᠷ ᠮᠡᠳᠡᠭᠳᠡᠮ᠎ᠡ ᠠᠮᠵᠢᠯᠳᠠ ᠤᠯᠵᠤ᠂  ᠲᠠᠪᠤᠨ ᠵᠢᠯ ᠳᠤ ᠨᠡᠶᠢᠳᠡ 5.1 ᠲᠦᠮᠡᠨ ᠠᠵᠢᠯ  ᠤᠨ ᠪᠠᠶᠢᠷᠢ ᠡᠯᠰᠡᠨ᠂ 4 ᠲᠦᠮᠡᠨ ᠮᠠᠯᠴᠢᠨ ᠲᠠᠷᠢᠶᠠᠴᠢᠨ ᠢ ᠰᠢᠯᠵᠢᠬᠦᠯᠦᠨ ᠠᠵᠢᠯ  ᠤᠯᠭᠤᠵᠤ᠂ 1.02  ᠳ᠋ᠦᠩᠰᠢᠭᠤᠷ ᠲᠦᠬᠦᠷᠢᠭ ᠤᠨ ᠦᠢᠯᠡᠰ ᠪᠦᠳᠦᠭᠡᠬᠦ ᠪᠠᠳᠤᠯᠠᠭᠠᠳᠤ ᠵᠢᠭᠡᠯᠡᠯᠬᠡ  ᠲᠠᠷᠬᠠᠭᠠᠨ᠂  ᠦᠢᠯᠡᠰ ᠪᠦᠳᠦᠬᠡᠬᠦ ᠤᠷᠤᠨ ᠲᠤᠭᠤᠷᠢᠭ 1 ᠰᠠᠭᠤᠷᠢ ᠶᠢ ᠪᠠᠶᠢᠭᠤᠯᠵᠤ᠂ 25 ᠠᠵᠤ ᠠᠬᠤᠶᠢᠯᠠᠯ ᠤᠷᠤᠵᠤ ᠨᠤᠳᠤᠭᠰᠢᠭᠰᠠᠨ ᠪᠠᠶᠢᠨ᠎ᠠ᠃ ᠨᠡᠶᠢᠬᠡᠮ ᠤᠨ  ᠪᠠᠳᠤᠯᠠᠭ᠎ᠠ ᠪᠠ  ᠲᠤᠰᠠᠯᠠᠮᠵᠢ   ᠶᠢᠨ ᠰᠢᠰᠲ᠋ᠧᠮᠵᠢ  ᠲᠠᠰᠤᠷᠠᠯᠳᠠ ᠦᠬᠡᠢ ᠲᠡᠬᠦᠯᠳᠡᠷᠵᠢᠨ᠂  ᠪᠠᠳᠤᠯᠠᠭᠠᠨ ᠤ  ᠲᠦᠪᠰᠢᠨ ᠠᠯᠬᠤᠮ ᠠᠯᠬᠤᠮ ᠢᠶᠠᠷ ᠲᠡᠭᠡᠭᠰᠢᠯᠡᠵᠦ᠂  ᠬᠤᠳᠠ ᠪᠠᠯᠭᠠᠰᠤ ᠶᠢᠨ ᠠᠵᠢᠯᠳᠠᠨ ᠤ ᠡᠮᠨᠡᠯᠬᠡ  ᠶᠢᠨ ᠲᠠᠭᠠᠳᠬᠠᠯ ᠨᠢ ᠮᠤᠵᠢ ᠤᠷᠤᠨ ᠠᠯᠤᠰᠯᠠᠵᠤ ᠡᠮᠨᠡᠯᠬᠡ ᠶᠢᠨ ᠲᠠᠩᠰᠠ ᠴᠠᠶᠢᠷᠠᠭᠤᠯᠬᠤ ᠶᠢ ᠪᠡᠶᠡᠯᠡᠬᠦᠯᠪᠡ᠃ ᠨᠡᠶᠢᠬᠡᠮ ᠤᠨ ᠪᠠᠳᠤᠯᠠᠭᠠᠨ ᠤ ᠦᠯᠡᠳᠡᠭᠳᠡᠯ ᠠᠰᠠᠭᠤᠳᠠᠯ ᠢ ᠢᠳᠡᠪᠬᠢᠳᠡᠢ ᠨᠠᠮᠳᠠᠭᠤᠯᠤᠨ ᠰᠢᠢᠳᠪᠦᠷᠢᠯᠡᠵᠦ᠂ 700 ᠭᠠᠷᠤᠢ ᠲᠤᠤᠷ᠎ᠠ ᠤᠷᠤᠯᠭ᠎ᠠ ᠲᠠᠢ ᠬᠦᠮᠦᠨ ᠤ ᠨᠠᠰᠤᠵᠢᠯ ᠤᠨ ᠠᠰᠠᠷᠠᠮᠵᠢ ᠶᠢᠨ ᠠᠰᠠᠭᠤᠳᠠᠯ ᠢ ᠰᠢᠢᠳᠪᠦᠷᠢᠯᠡᠭᠰᠡᠨ ᠪᠠᠶᠢᠨ᠎ᠠ᠃ ᠤᠯᠠᠨ ᠵᠦᠢᠯ ᠤᠨ ᠠᠷᠭ᠎ᠠ ᠭᠡᠮᠵᠢᠶ᠎ᠡ ᠠᠪᠴᠤ  ᠂  ᠬᠠᠭᠤᠴᠢᠨ ᠪᠠᠶᠢᠰᠢᠩ ᠢ ᠨᠤᠷᠠᠭᠠᠵᠤ  ᠪᠠᠭᠤᠯᠭᠠᠭᠠᠳ᠂ ᠰᠢᠨ᠎ᠡ ᠠᠰᠠᠷ ᠢ  ᠪᠠᠶᠢᠭᠤᠯᠵᠤ ᠲᠡᠶᠢᠯᠦᠬᠡᠳᠦᠢ ᠪᠠᠶᠢᠭᠰᠠᠨ ᠰᠠᠭᠤᠭᠠᠯᠢ ᠲᠤᠭᠤᠷᠢᠭ ᠤᠨ ᠪᠦᠳᠦᠬᠡᠨ ᠪᠠᠶᠢᠭᠤᠯᠤᠯᠳᠠ ᠶᠢ ᠲᠦᠯᠬᠢᠨ ᠠᠬᠢᠭᠤᠯᠵᠤ᠂ 850 ᠭᠠᠷᠤᠢ ᠡᠷᠦᠬᠡ ᠶᠢᠨ ᠰᠢᠨ᠎ᠡ ᠤᠷᠤᠨ ᠰᠠᠭᠤᠴᠠ ᠶᠢᠨ ᠠᠰᠠᠭᠤᠳᠠᠯ ᠢ ᠰᠢᠢᠳᠪᠦᠷᠢᠯᠡᠪᠡ᠃  ᠨᠠᠰᠤᠳᠠᠶᠢᠴᠤᠳ   ᠤᠨ ᠨᠦᠬᠦᠪᠦᠷᠢ  ᠬᠦᠷᠳᠡᠬᠦ ᠬᠦᠷᠢᠶ᠎ᠡ ᠬᠡᠪᠴᠢᠶ᠎ᠡ ᠶᠢ 77 ᠪᠦᠬᠦᠯᠢ ᠨᠠᠰᠤ ᠬᠦᠷᠳᠡᠯ᠎ᠡ ᠦᠷᠭᠡᠳᠭᠡᠵᠦ᠂  ᠪᠦᠬᠦ ᠠᠶᠢᠮᠠᠭ ᠤᠨ ᠠᠩᠬᠠᠳᠤᠭᠴᠢ ᠤᠷᠤᠨ ᠪᠦᠰᠡ ᠶᠢᠨ ᠴᠢᠨᠠᠷᠳᠠᠢ ᠶᠡᠷᠦᠩᠬᠡᠶᠢᠯᠡᠭᠰᠡᠨ ᠨᠠᠰᠤᠳᠠᠶᠢᠴᠤᠳ ᠤᠨ ᠠᠰᠠᠷᠠᠮᠵᠢ ᠶᠢᠨ ᠬᠦᠷᠢᠶᠡᠯᠡᠩ ᠤᠨ ᠪᠦᠳᠦᠭᠡᠨ ᠪᠠᠶᠢᠭᠤᠯᠤᠯᠳᠠ ᠦᠨᠳᠦᠰᠦᠨ ᠳᠡᠭᠡᠨ ᠪᠡᠶᠡᠯᠡᠭᠳᠡᠪᠡ᠃ ᠬᠤᠳᠠ ᠪᠠᠯᠭᠠᠰᠤᠨ ᠤ ᠲᠤᠯᠠᠭᠠᠯᠠᠭ᠎ᠠ ᠶᠢᠨ ᠰᠦᠢᠳᠭᠡᠯ   ᠳᠤ ᠵᠤᠬᠢᠰᠳᠠᠢ ᠲᠤᠬᠢᠷᠠᠭᠤᠯᠤᠯᠳᠠ ᠬᠢᠵᠦ᠂  ᠨᠡᠶᠢᠬᠡᠮ ᠲᠤᠭᠤᠷᠢᠭ ᠪᠠ ᠭᠠᠴᠠᠭ᠎ᠠ ᠲᠤᠰᠬᠤᠨ ᠤ ᠺᠠᠳᠠᠷ ᠤᠨ ᠴᠠᠯᠢᠩ ᠤᠯᠭᠤᠮᠵᠢ ᠶᠢ ᠤᠷᠢᠳ ᠬᠤᠵᠢᠳ ᠬᠤᠶᠠᠷ ᠤᠳᠠᠭ᠎ᠠ ᠲᠤᠬᠢᠷᠠᠭᠤᠯᠤᠨ ᠦᠰᠭᠡᠭᠰᠡᠨ ᠪᠠᠶᠢᠨ᠎ᠠ᠃  ᠨᠡᠶᠢᠬᠡᠮ ᠤᠨ ᠦᠢᠯᠡᠰ ᠦᠷᠨᠢᠬᠦᠨ ᠬᠦᠭᠵᠢᠭᠰᠡᠨ᠃  ᠲᠠᠪᠤᠨ ᠵᠢᠯ ᠳᠤ ᠨᠡᠶᠢᠳᠡ 2.6  ᠳ᠋ᠦᠩᠰᠢᠭᠤᠷ ᠲᠦᠬᠦᠷᠢᠭ ᠤᠨ ᠪᠡᠯᠡ  ᠤᠷᠤᠭᠤᠯᠵᠤ᠂ ᠠᠯᠪᠠᠨ ᠠᠴᠠ ᠡᠷᠬᠢᠯᠡᠭᠰᠡᠨ ᠬᠡᠦᠭᠡᠳ  ᠤᠨ ᠴᠡᠴᠡᠷᠯᠢᠭ 2  ᠂ ᠠᠯᠪᠠᠨ ᠠᠴᠠ ᠪᠠᠶᠢᠭᠤᠯᠵᠤ ᠠᠷᠠᠳ ᠠᠴᠠ ᠡᠷᠬᠢᠯᠡᠭᠰᠡᠨ ᠴᠡᠴᠡᠷᠯᠢᠭ 20᠂  ᠬᠦᠳᠡᠭᠡ ᠲᠤᠰᠬᠤᠨ ᠤ ᠵᠢᠭᠠᠨ ᠰᠤᠷᠭᠠᠬᠤ ᠴᠡᠭ 2 ᠢ  ᠪᠠᠶᠢᠭᠤᠯᠤᠨ᠂ 134 ᠪᠠᠭᠰᠢ ᠠᠵᠢᠯᠳᠠᠨ ᠡᠯᠰᠡᠵᠦ᠂ 11 ᠰᠤᠷᠭᠠᠭᠤᠯᠢ ᠳᠤ ᠪᠠᠷᠢᠮᠵᠢᠶᠠᠳᠤ ᠪᠦᠳᠦᠬᠡᠨ ᠪᠠᠶᠢᠭᠤᠯᠤᠯᠳᠠ ᠬᠢᠵᠦ᠂  ᠤᠯᠤᠰ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠢ ᠲᠡᠩᠴᠡᠬᠦᠷᠢᠳᠡᠢ ᠬᠦᠭᠵᠢᠬᠦᠯᠬᠦ ᠠᠵᠢᠯ ᠤᠨ ᠰᠢᠯᠭᠠᠨ ᠪᠠᠶᠢᠴᠠᠭᠠᠯᠳᠠ ᠳᠤ ᠬᠢᠷᠢ ᠲᠡᠩᠴᠡᠭᠰᠡᠨ ᠪᠠᠶᠢᠨ᠎ᠠ᠃  ᠬᠤᠰᠢᠭᠤ ᠡᠮᠨᠡᠯᠬᠡ ᠶᠢᠨ ᠬᠤᠷᠢᠶ᠎ᠠ ᠶᠢ ᠨᠡᠬᠦᠯᠬᠡᠵᠦ᠂ ᠬᠠᠯᠳᠠᠪᠤᠷᠢᠳᠤ ᠡᠪᠡᠳᠴᠢᠨ ᠤ ᠰᠠᠯᠠᠭ᠎ᠠ᠂ ᠤᠢ ᠮᠡᠳᠡᠷᠡᠯ ᠤᠨ ᠡᠪᠡᠳᠴᠢᠨ ᠤ ᠰᠠᠯᠠᠭ᠎ᠠ ᠵᠡᠷᠭᠡ  ᠲᠤᠰᠬᠠᠢ ᠰᠠᠯᠠᠭ᠎ᠠ ᠲᠠᠰᠤᠭ ᠢ ᠨᠡᠮᠡᠵᠦ ᠪᠠᠶᠢᠭᠤᠯᠤᠨ᠂ ᠴᠢᠰᠤ ᠴᠡᠪᠷᠰᠢᠬᠦᠯᠬᠦ  ᠂  ᠰᠤᠷᠢᠨᠵᠢᠨ ᠴᠦᠮ᠎ᠡ ᠪᠠᠷ ᠪᠠᠶᠢᠴᠠᠭᠠᠬᠤ ᠵᠡᠷᠭᠡ ᠮᠠᠰᠢᠨ ᠲᠦᠬᠦᠭᠡᠷᠦᠮᠵᠢ ᠶᠢ ᠤᠷᠤᠭᠤᠯᠤᠨ  ᠭᠡᠷᠡᠭᠯᠡᠪᠡ᠃  ᠪᠠᠷᠢᠮᠵᠢᠶᠠᠳᠤ ᠡᠷᠡᠬᠦᠯ ᠬᠠᠮᠠᠭᠠᠯᠠᠯ ᠤᠨ ᠬᠤᠷᠢᠶ᠎ᠠ 9 ᠶᠢ ᠪᠠᠶᠢᠭᠤᠯᠵᠤ᠂  ᠬᠢᠳᠠᠳ ᠮᠤᠩᠭᠤᠯ ᠡᠮᠨᠡᠯᠬᠡ ᠶᠢᠨ ᠬᠤᠷᠢᠶ᠎ᠠ  ᠶᠢ ᠰᠢᠨ᠎ᠡ ᠪᠠᠷ ᠪᠠᠶᠢᠭᠤᠯᠤᠨ ᠠᠰᠢᠭᠯᠠᠯᠳᠠ ᠳᠤ ᠤᠷᠤᠭᠤᠯᠵᠤ᠂  ᠡᠬᠡ ᠨᠢᠯᠬᠠᠰ ᠤᠨ ᠡᠷᠡᠬᠦᠯ ᠬᠠᠮᠠᠭᠠᠯᠠᠯ  ᠲᠦᠯᠦᠪᠯᠡᠭᠡᠳᠦ ᠦᠷᠡᠵᠢᠯ ᠤᠨ ᠦᠢᠯᠡᠴᠢᠯᠡᠬᠡᠨ ᠤ ᠲᠦᠪ ᠤᠨ ᠪᠦᠳᠦᠬᠡᠨ ᠪᠠᠶᠢᠭᠤᠯᠤᠯᠳᠠ ᠶᠢ ᠬᠢᠵᠦ ᠡᠬᠢᠯᠡᠵᠡᠢ᠃  ᠰᠤᠶᠤᠯ ᠲᠠᠮᠢᠷ ᠤᠨ ᠠᠵᠢᠯ ᠦᠢᠯᠡᠰ ᠤᠷᠤᠭᠰᠢᠳᠠᠢ ᠶᠠᠪᠤᠭᠳᠠᠨ᠂ ᠠᠵᠢᠯᠳᠠᠨ ᠤ ᠰᠤᠶᠤᠯ ᠤᠨ ᠬᠦᠳᠡᠯᠪᠦᠷᠢ ᠶᠢᠨ ᠲᠦᠪ ᠠᠰᠢᠭᠯᠠᠯᠳᠠ ᠳᠤ ᠤᠷᠤᠵᠤ᠂  ᠰᠤᠮᠤ ᠰᠢᠶᠠᠩ ᠪᠠᠯᠭᠠᠰᠤᠨ ᠤ ᠰᠤᠶᠤᠯ ᠤᠨ ᠦᠷᠳᠡᠭᠡ 7  ᠂ ᠭᠠᠴᠠᠭ᠎ᠠ ᠲᠤᠰᠬᠤᠨ ᠤ ᠰᠤᠶᠤᠯ ᠤᠨ ᠬᠦᠳᠡᠯᠪᠦᠷᠢ ᠶᠢᠨ ᠦᠷᠦᠭᠡ 176 ᠶᠢ ᠪᠠᠶᠢᠭᠤᠯᠤᠨ  ᠂  ᠪᠠᠭ᠎ᠠ ᠬᠡᠯᠪᠡᠷᠢ ᠶᠢᠨ ᠰᠤᠶᠤᠯ  ᠤᠨ ᠠᠭᠤᠳᠠᠮ ᠲᠠᠯᠠᠪᠠᠢ 116 ᠶᠢ  ᠪᠠᠶᠢᠭᠤᠯᠵᠤ᠂  ᠪᠦᠬᠦ ᠠᠶᠢᠮᠠᠭ ᠤᠨ  ᠠᠩᠬᠠᠳᠤᠭᠴᠢ ᠰᠢᠰᠲ᠋ᠧᠮᠴᠢᠯᠡᠭᠰᠡᠨ ᠬᠠᠮᠢᠶᠠᠷᠤᠯᠳᠠᠳᠤ ᠺᠢᠨᠤ᠋ ᠤᠷᠳᠤᠨ ᠢ  ᠪᠠᠶᠢᠭᠤᠯᠵᠤ ᠠᠰᠢᠭᠯᠠᠯᠳᠠ ᠳᠤ  ᠤᠷᠤᠭᠤᠯᠤᠭᠰᠠᠨ ᠪᠠᠶᠢᠨ᠎ᠠ᠃  ᠦᠨᠳᠦᠰᠦᠨ ᠱᠠᠳᠤᠨ ᠳᠤ ᠬᠦᠨᠵᠡᠬᠡᠶᠢᠷᠡᠨ ᠤᠯᠠᠨ ᠲᠦᠮᠡᠨ ᠳᠤ ᠠᠰᠢᠭ ᠬᠦᠷᠳᠡᠭᠡᠬᠦ ᠲᠤᠭᠯᠠᠯᠳᠠ ᠶᠢ 900 ᠭᠠᠷᠤᠢ ᠤᠳᠠᠭ᠎ᠠ ᠭᠠᠷᠭᠠᠵᠤ᠂ 7000 ᠢᠯᠡᠬᠦᠦ ᠲᠠᠯᠠᠪᠠᠢ ᠺᠢᠨᠤ᠋ ᠲᠠᠯᠪᠢᠵᠤ ᠰᠤᠨᠢᠷᠬᠠᠭᠤᠯᠤᠨ᠂  ᠠᠶᠢᠯ ᠡᠷᠦᠬᠡ ᠪᠤᠯᠭᠠᠨ ᠳᠤ ᠷᠠᠳᠢᠤ᠋ ᠲᠧᠯᠸᠢᠰ ᠨᠡᠪᠳᠡᠷᠡᠬᠦᠯᠵᠦ᠂ ᠭᠠᠴᠠᠭ᠎ᠠ ᠲᠤᠰᠬᠤᠨ ᠪᠤᠯᠭᠠᠨ ᠳᠤ ᠲᠠᠭᠤ ᠲᠤᠮᠤᠷᠠᠭᠤᠯᠤᠭᠴᠢ ᠤᠭᠰᠠᠷᠠᠭᠰᠠᠨ ᠪᠠᠶᠢᠨ᠎ᠠ᠃ ᠪᠦᠬᠦ ᠠᠶᠢᠮᠠᠭ ᠤᠨ ᠬᠤᠰᠢᠭᠤ ᠰᠢᠶᠠᠨ ᠤ ᠦᠨᠳᠦᠷ  ᠪᠠᠷᠢᠮᠵᠢᠶᠠᠳᠤ ᠭᠠᠯ ᠤᠨᠳᠠᠷᠠᠭᠠᠬᠤ ᠦᠷᠳᠡᠭᠡ  ᠪᠠ ᠰᠤᠷᠢᠯᠳᠠ ᠬᠢᠬᠦ ᠤᠷᠳᠤᠨ ᠤ ᠭᠤᠤᠯ ᠴᠤᠭᠴᠠ ᠶᠢᠨ ᠪᠠᠷᠢᠯᠭ᠎ᠠ ᠶᠢ ᠲᠠᠭᠤᠰᠬᠠᠪᠠ᠃  ᠵᠡᠮᠳᠡᠭᠴᠤᠳ᠂ ᠨᠠᠰᠤᠳᠠᠶᠢᠴᠤᠳ᠂ ᠡᠮᠡᠭᠳᠡᠶᠢᠴᠤᠳ᠂ ᠬᠡᠦᠭᠡᠳ ᠪᠠᠭᠠᠴᠤᠳ᠂ ᠨᠢᠬᠦᠯᠡᠰᠦᠩᠬᠦᠢ ᠶᠢᠨ ᠦᠢᠯᠡᠰ᠂ ᠲᠠᠩᠰᠠ ᠡᠪᠬᠡᠮᠡᠯ᠂ ᠲᠡᠦᠬᠡ ᠤᠶᠢᠯᠠᠯᠭ᠎ᠠ ᠵᠡᠷᠭᠡ  ᠠᠵᠢᠯ ᠦᠢᠯᠡᠰ ᠪᠦᠷ ᠡᠷᠡᠬᠦᠯ ᠢᠶᠠᠷ ᠬᠦᠭᠵᠢᠭᠰᠡᠨ ᠪᠠᠶᠢᠨ᠎ᠠ᠃  ᠨᠡᠶᠢᠬᠡᠮ ᠤᠨ ᠪᠠᠶᠢᠳᠠᠯ ᠡᠶ᠎ᠡ ᠵᠤᠬᠢᠴᠠᠯ ᠲᠠᠢ ᠠᠮᠤᠷ ᠲᠤᠭᠳᠠᠭᠤᠨ ᠢᠶᠠᠨ ᠬᠠᠳᠠᠭᠠᠯᠠᠭᠰᠠᠨ᠃  ᠬᠠᠤᠯᠢ ᠴᠠᠭᠠᠵᠠ ᠶᠢᠨ ᠦᠬᠡᠷᠡᠴᠢᠯᠡᠯᠳᠡ ᠶᠢ ᠢᠳᠡᠪᠬᠢᠳᠡᠢ ᠲᠦᠯᠬᠢᠨ ᠠᠬᠢᠭᠤᠯᠵᠤ᠂ ᠪᠦᠬᠦ ᠠᠶᠢᠮᠠᠭ ᠤᠨ ᠠᠩᠬᠠᠳᠤᠭᠴᠢ ᠵᠦᠷᠢᠴᠡᠯ ᠵᠢᠭᠤᠷᠠᠭᠠᠨ ᠡᠶᠡᠳᠡᠬᠦᠯᠦᠨ ᠰᠢᠢᠳᠪᠦᠷᠢᠯᠡᠬᠦ ᠠᠵᠢᠯ ᠤᠨ ᠵᠢᠯᠤᠭᠤᠳᠬᠤ ᠲᠠᠪᠴᠠᠩ ᠢ ᠪᠠᠶᠢᠭᠤᠯᠵᠤ᠂  ᠰᠤᠮᠤ ᠰᠢᠶᠠᠩ ᠪᠠᠯᠭᠠᠰᠤᠨ ᠤ ᠨᠡᠶᠢᠬᠡᠮ ᠤᠨ ᠵᠠᠰᠠᠯᠳᠠ ᠶᠢᠨ ᠦᠢᠯᠡᠴᠢᠯᠡᠬᠡᠨ ᠤ ᠲᠦᠪ ᠢ ᠪᠠᠶᠢᠭᠤᠯᠪᠠ  ᠃ ᠵᠠᠬᠢᠳᠠᠯ ᠰᠤᠷᠪᠤᠯᠵᠢᠯᠠᠭ᠎ᠠ ᠶᠢᠨ ᠲᠦᠷᠢᠮ ᠤᠨ ᠦᠬᠡᠷᠡᠴᠢᠯᠡᠯᠳᠡ ᠶᠢ  ᠬᠦᠨᠵᠡᠭᠡᠶᠢᠷᠡᠬᠦᠯᠵᠦ᠂ ᠤᠳᠤᠷᠢᠳᠤᠯᠭ᠎ᠠ ᠵᠠᠬᠢᠳᠠᠯ ᠰᠤᠷᠪᠤᠯᠵᠢᠯᠠᠭ᠎ᠠ ᠶᠢᠨ ᠭᠡᠷᠡᠭ ᠢ ᠲᠠᠭᠠᠭᠠᠵᠤ  ᠰᠢᠢᠳᠪᠦᠷᠢᠯᠡᠬᠦ ᠲᠦᠷᠢᠮ᠂ ︽1328︾ ᠵᠠᠬᠢᠳᠠᠯ ᠰᠤᠷᠪᠤᠯᠵᠢᠯᠠᠭ᠎ᠠ ᠶᠢᠨ  ᠬᠠᠷᠢᠭᠤᠴᠠᠯᠭ᠎ᠠ ᠶᠢᠨ ᠲᠦᠷᠢᠮ᠂ ᠵᠠᠬᠢᠳᠠᠯ ᠰᠤᠷᠪᠤᠯᠵᠢᠯᠠᠭ᠎ᠠ ᠶᠢᠨ ᠬᠤᠯᠪᠤᠭᠠᠳᠤ ᠬᠤᠷᠠᠯ ᠤᠨ ᠲᠦᠷᠢᠮ ᠵᠡᠷᠭᠡ ᠶᠢ ᠢᠳᠡᠪᠬᠢᠳᠡᠢ ᠨᠠᠶᠢᠳᠠᠪᠤᠷᠢᠵᠢᠭᠤᠯᠵᠤ᠂ ᠨᠢᠬᠡ ᠪᠦᠯᠦᠭ ᠵᠠᠬᠢᠳᠠᠯ ᠰᠤᠷᠪᠤᠯᠵᠢᠯᠠᠭ᠎ᠠ ᠶᠢᠨ ᠦᠯᠡᠳᠡᠭᠳᠡᠯ ᠬᠡᠷᠡᠭ ᠪᠠ ᠲᠦᠪᠡᠭ ᠲᠠᠢ ᠠᠰᠠᠭᠤᠳᠠᠯ ᠢ ᠰᠢᠢᠳᠪᠦᠷᠢᠯᠡᠭᠰᠡᠨ ᠪᠠᠶᠢᠨ᠎ᠠ᠃  ︽ ᠠᠮᠤᠷ ᠠᠮᠤᠭᠤᠯᠠᠩ ᠲᠠᠶᠢᠹᠤᠰᠧ ᠬᠤᠰᠢᠭᠤ︾   ᠶᠢ ᠡᠬᠦᠳᠦᠨ ᠪᠠᠶᠢᠭᠤᠯᠬᠤ ᠲᠤᠰᠬᠠᠢ ᠲᠦᠷᠦᠯ ᠤᠨ ᠠᠵᠢᠯᠯᠠᠭ᠎ᠠ ᠶᠢ ᠬᠦᠨᠵᠡᠭᠡᠢ ᠦᠷᠨᠢᠬᠦᠯᠵᠦ᠂ ᠡᠯ᠎ᠡ ᠲᠦᠷᠦᠯ ᠤᠨ ᠬᠠᠤᠯᠢ ᠪᠤᠰᠤ ᠶᠠᠯᠠᠳᠤ  ᠠᠵᠢᠯᠯᠠᠭ᠎ᠠ ᠶᠢ ᠴᠢᠩᠭ᠎ᠠ ᠰᠡᠷᠭᠡᠶᠢᠯᠡᠬᠦ ᠶᠢᠨ ᠬᠠᠮᠳᠤ  ᠬᠦᠴᠦᠳᠡᠢ ᠴᠤᠬᠢᠯᠳᠠ ᠦᠭᠴᠦ᠂  ᠬᠤᠤᠷᠠᠳᠤ ᠡᠳ᠋ ᠴᠠᠭᠠᠵᠠᠯᠠᠬᠤ᠂ ᠮᠦᠷᠦᠢ ᠲᠠᠢ ᠲᠤᠭᠯᠠᠭᠠᠮ ᠴᠠᠭᠠᠵᠠᠯᠠᠬᠤ᠂ ᠲᠤᠭᠳᠠᠭᠤᠨ ᠢ ᠬᠠᠮᠠᠭᠠᠯᠠᠬᠤ ᠵᠡᠷᠭᠡ ᠲᠤᠰᠬᠠᠢ ᠲᠦᠷᠦᠯ ᠤᠨ ᠠᠵᠢᠯᠯᠠᠭ᠎ᠠ ᠶᠢ  ᠦᠷᠨᠢᠬᠦᠯᠪᠡ᠃  ︽ᠬᠤᠷᠢᠭ᠎ᠠ ᠱᠤᠭᠤᠮ︾ ᠤᠨ ᠤᠬᠠᠮᠰᠠᠷ ᠢ ᠴᠢᠩᠭᠠᠳᠬᠠᠨ᠂  ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂  ᠠᠶᠤᠯᠬᠦᠢ ᠦᠢᠯᠡᠳᠪᠦᠷᠢᠯᠡᠯ ᠨᠢ ᠲᠤᠭᠳᠠᠭᠤᠨ ᠪᠠᠶᠢᠳᠠᠯ ᠢᠶᠠᠨ ᠬᠠᠳᠠᠭᠠᠯᠠᠭᠰᠠᠨ ᠪᠠᠶᠢᠨ᠎ᠠ᠃  ᠪᠦᠬᠦ ᠤᠯᠤᠰ᠂ ᠪᠦᠬᠦ ᠤᠷᠤᠨ ᠤ ᠭᠤᠤᠯᠳᠠᠯᠭᠠᠳᠠᠢ ᠴᠠᠭ ᠡᠷᠡᠨ ᠤ ᠠᠮᠤᠷ ᠢ ᠬᠠᠮᠠᠭᠠᠯᠠᠬᠤ ᠡᠬᠦᠷᠭᠡ ᠶᠢ ᠠᠮᠵᠢᠯᠳᠠᠳᠠᠢ ᠪᠡᠶᠡᠯᠡᠬᠦᠯᠵᠦ᠂ ᠲᠤᠳᠤᠭᠠᠳᠤ ᠶᠢ ᠬᠠᠮᠠᠭᠠᠯᠠᠬᠤ ᠶᠠᠮᠤᠨ   ᠠᠴᠠ ᠰᠠᠨ ᠬᠤᠤ ᠳ᠋ᠢ   ᠳᠠᠬᠢ  ᠪᠠᠶᠢᠴᠠᠭᠠᠯᠳᠠ ᠶᠢᠨ ᠦᠷᠳᠡᠭᠡ ᠶᠢ ︽ᠪᠦᠬᠦ ᠤᠯᠤᠰ ᠤᠨ ᠲᠤᠳᠤᠭᠠᠳᠤ ᠶᠢ ᠬᠠᠮᠠᠭᠠᠯᠠᠬᠤ ᠦᠨᠳᠦᠰᠦᠨ ᠱᠠᠳᠤᠨ ᠤ ᠰᠢᠯᠢᠳᠡᠭ ᠨᠢᠬᠡᠴᠡ︾ ᠪᠠᠷ ᠴᠤᠯᠠᠯᠠᠵᠠᠢ᠃ ᠦᠨᠳᠦᠰᠦᠳᠡᠨ ᠱᠠᠰᠢᠨ ᠰᠤᠷᠳᠠᠬᠤᠨ ᠤ ᠠᠵᠢᠯ  ᠤᠨ ᠴᠢᠭᠯᠡᠯᠳᠡ ᠲᠦᠷᠦ ᠶᠢᠨ ᠪᠤᠳᠤᠯᠭ᠎ᠠ ᠶᠢ ᠬᠦᠴᠦ ᠲᠠᠯᠪᠢᠨ ᠲᠤᠤᠱᠯᠠᠭᠤᠯᠵᠤ᠂  ᠦᠨᠳᠦᠰᠦᠳᠡᠨ ᠤ ᠪᠦᠯᠬᠦᠮᠳᠡᠯ᠂ ᠱᠠᠰᠢᠨ ᠰᠤᠷᠳᠠᠬᠤᠨ ᠤ ᠡᠶ᠎ᠡ ᠵᠤᠬᠢᠴᠠᠯ ᠢ ᠤᠯᠠᠮ ᠨᠢᠬᠡ ᠠᠯᠬᠤᠮ ᠪᠠᠳᠤᠳᠬᠠᠪᠠ᠃       — — ᠲᠦᠪ ᠬᠢᠴᠢᠶᠡᠩᠬᠦᠢ᠂ ᠠᠷᠢᠭᠤᠨ ᠴᠢᠭᠡᠴᠢ ᠪᠠᠷ ᠠᠵᠢᠯᠯᠠᠵᠤ᠂ ᠵᠠᠰᠠᠭ ᠤᠨ ᠤᠷᠳᠤᠨ ᠤ ᠲᠤᠰ ᠪᠡᠶ᠎ᠡ  ᠶᠢᠨ ᠪᠠᠶᠢᠭᠤᠯᠤᠯᠳᠠ ᠮᠡᠳᠡᠭᠳᠡᠮ᠎ᠡ ᠴᠢᠩᠭᠠᠷᠠᠪᠠ᠃ ᠡᠯ᠎ᠡ ᠬᠦᠷᠢᠶ᠎ᠡ ᠴᠠᠷ᠎ᠠ ᠶᠢᠨ ᠦᠬᠡᠷᠡᠴᠢᠯᠡᠯᠳᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂  ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠵᠦᠢᠯ 345 ᠪᠠᠶᠢᠭᠰᠠᠨ ᠠᠴᠠ ᠪᠠᠨ 284  ᠪᠤᠯᠤᠨ  ᠪᠠᠭᠠᠰᠴᠤ᠂ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠳᠠᠢ ᠰᠦᠢᠳᠭᠡᠯ ᠬᠤᠷᠢᠶᠠᠬᠤ ᠲᠦᠷᠦᠯ ᠵᠦᠢᠯ 166 ᠪᠠᠶᠢᠭᠰᠠᠨ ᠠᠴᠠ ᠪᠠᠨ 116 ᠪᠤᠯᠤᠨ ᠪᠠᠭᠠᠰᠴᠠᠢ᠃ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠦᠪ ᠤᠨ ᠪᠦᠳᠦᠬᠡᠨ ᠪᠠᠶᠢᠭᠤᠯᠤᠯᠳᠠ ᠶᠢ  ᠬᠢᠵᠦ᠂ ᠪᠦᠬᠦ ᠠᠶᠢᠮᠠᠭ ᠤᠨ ᠡᠮᠦᠨ᠎ᠡ ᠬᠡᠰᠡᠭ ᠤᠨ ᠨᠡᠶᠢᠳᠡ ᠶᠢᠨ ᠡᠬᠢ ᠪᠠᠶᠠᠯᠢᠭ ᠤᠨ ᠰᠤᠯᠢᠯᠴᠠᠭᠠᠨ ᠤ ᠲᠦᠪ ᠢ ᠪᠠᠶᠢᠭᠤᠯᠤᠨ ᠠᠰᠢᠭᠯᠠᠯᠳᠠ ᠳᠤ ᠤᠷᠤᠭᠤᠯᠵᠤ᠂  ᠲᠤᠰ ᠲᠦᠪ ᠨᠢ 2017 ᠤᠨ ᠳᠤ ᠪᠦᠬᠦ ᠤᠯᠤᠰ ᠤᠨ ᠨᠡᠶᠢᠳᠡ ᠶᠢᠨ ᠡᠬᠢ ᠪᠠᠶᠠᠯᠢᠭ ᠤᠨ ᠰᠤᠯᠢᠯᠴᠠᠭᠠᠨ ᠤ ᠠᠷᠪᠠᠨ ᠰᠢᠯᠢᠳᠡᠭ ᠰᠤᠷᠤᠯᠴᠠᠬᠤ ᠬᠡᠯᠪᠡᠷᠢ  ᠶᠢᠨ ᠪᠠᠶᠢᠭᠤᠯᠤᠮᠵᠢ ᠪᠠᠷ ᠦᠨᠡᠯᠡᠭᠳᠡᠭᠰᠡᠨ ᠪᠠᠶᠢᠨ᠎ᠠ᠃ ᠪᠠᠶᠢᠭᠤᠯᠤᠯᠭ᠎ᠠ ᠨᠢᠬᠡᠴᠡ ᠶᠢᠨ ᠨᠠᠰᠤᠵᠢᠯ ᠤᠨ ᠲᠠᠭᠠᠳᠬᠠᠯ ᠤᠨ ᠦᠬᠡᠷᠡᠴᠢᠯᠡᠯᠳᠡ᠂ ᠴᠠᠯᠢᠩ   ᠤᠨ ᠲᠤᠬᠢᠷᠠᠭᠤᠯᠤᠯᠳᠠ᠂  ᠠᠯᠪᠠᠳᠠᠨ ᠤ ᠵᠡᠷᠭᠡ ᠲᠡᠰ ᠤᠨ ᠦᠬᠡᠷᠡᠴᠢᠯᠡᠯᠳᠡ  ᠵᠢᠴᠢ ᠡᠮ ᠡᠮᠨᠡᠯᠬᠡ ᠡᠷᠡᠬᠦᠯ ᠬᠠᠮᠠᠭᠠᠯᠠᠯ᠂  ᠲᠦᠯᠦᠪᠯᠡᠬᠡᠳᠦ ᠦᠷᠡᠵᠢᠯ᠂ ᠰᠤᠷᠭᠠᠨ ᠬᠦᠮᠦᠵᠢᠯ᠂ ᠰᠢᠨᠵᠢᠯᠡᠭᠡ ᠮᠡᠷᠭᠡᠵᠢᠯ᠂ ᠦᠢᠯᠡᠳᠪᠦᠷᠢ ᠬᠤᠳᠠᠯᠳᠤᠭ᠎ᠠ  ᠵᠡᠷᠭᠡ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠠᠮᠵᠢᠯᠳᠠᠳᠠᠢ ᠪᠡᠶᠡᠯᠡᠬᠦᠯᠪᠡ᠃  ︽ᠠᠷᠪᠠᠨ ᠲᠤᠯᠤᠭᠠᠨ ᠦᠨᠡᠮᠯᠡᠯ ᠢ  ᠨᠢᠬᠡᠳᠭᠡᠵᠦ ᠨᠢᠬᠡ ᠦᠨᠡᠮᠯᠡᠯ ᠨᠢᠬᠡ ᠨᠤᠮᠧᠷ ᠪᠤᠯᠭᠠᠬᠤ︾ ᠪᠠ ︽ᠬᠤᠶᠠᠷ ᠦᠨᠡᠮᠯᠡᠯ  ᠢ ᠨᠢᠬᠡᠳᠭᠡᠵᠦ ᠨᠢᠬᠡ ᠦᠨᠡᠮᠯᠡᠯ ᠨᠢᠬᠡ ᠨᠤᠮᠧᠷ ᠪᠤᠯᠭᠠᠬᠤ︾  ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠦᠬᠡᠷᠡᠴᠢᠯᠡᠯᠳᠡ ᠶᠢ ᠬᠢᠵᠦ᠂ ᠵᠠᠬ᠎ᠠ ᠲᠡᠯᠬᠡᠬᠦᠷ ᠤᠨ ᠭᠤᠤᠯ ᠴᠤᠭᠴᠠ 2237  ᠨᠡᠮᠡᠭᠳᠡᠭᠰᠡᠨ ᠪᠠᠶᠢᠨ᠎ᠠ᠃ ᠬᠠᠤᠯᠢᠵᠢᠭᠰᠠᠨ ᠵᠠᠰᠠᠭ ᠤᠨ ᠤᠷᠳᠤᠨ ᠤ ᠪᠠᠶᠢᠭᠤᠯᠤᠯᠳᠠ ᠶᠢ ᠤᠯᠠᠮ ᠨᠢᠬᠡ ᠠᠯᠬᠤᠮ ᠴᠢᠩᠭᠠᠳᠬᠠᠨ᠂ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠦᠨᠡᠮᠯᠡᠯ 537 ᠶᠢ ᠴᠡᠭᠴᠡᠯᠡᠨ ᠰᠤᠯᠢᠵᠤ᠂  ᠡᠷᠭᠡ ᠲᠤᠰᠢᠶᠠᠯ ᠡᠬᠦᠷᠭᠡ ᠬᠠᠷᠢᠭᠤᠴᠠᠯᠭ᠎ᠠ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠵᠠᠭᠤᠴᠢ ᠦᠢᠯᠡᠴᠢᠯᠡᠬᠡᠨ ᠤ ᠶᠠᠪᠤᠳᠠᠯ ᠵᠡᠷᠭᠡ 8 ᠲᠦᠷᠦᠯ ᠤᠨ  ᠲᠤᠳᠤᠷᠬᠠᠢ ᠬᠠᠭᠤᠳᠠᠰᠤ ᠶᠢ ᠡᠮᠬᠢᠳᠭᠡᠨ ᠨᠠᠶᠢᠷᠠᠭᠤᠯᠵᠤ᠂ ︽ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠮᠡᠳᠡᠭᠡ︾ ᠶᠢ ᠠᠩᠬ᠎ᠠ ᠤᠳᠠᠭ᠎ᠠ ᠨᠠᠶᠢᠷᠠᠭᠤᠯᠤᠨ  ᠭᠡᠪᠯᠡᠵᠡᠢ᠃ ᠵᠠᠰᠠᠭ ᠵᠠᠬᠢᠷᠭᠠᠨ ᠤ ᠬᠢᠨᠠᠨ ᠪᠠᠶᠢᠴᠠᠭᠠᠯᠳᠠ᠂ ᠬᠢᠨᠠᠨ ᠪᠤᠳᠤᠯᠳᠠ  ᠪᠠ ᠡᠳ᠋ ᠤᠨ ᠵᠠᠰᠠᠭ ᠤᠨ ᠬᠢᠨᠠᠯᠳᠠ ᠶᠢᠨ ᠦᠢᠯᠡᠳᠦᠯ ᠢ ᠪᠠᠳᠠᠷᠠᠭᠤᠯᠵᠤ᠂  ᠡᠳ᠋ ᠤᠨ ᠵᠠᠰᠠᠭ ᠤᠨ ᠲᠦᠰᠦᠪ ᠲᠤᠭᠠᠴᠠᠭ᠎ᠠ᠂ ᠰᠠᠯᠠᠭ᠎ᠠ ᠮᠦᠴᠢᠷ ᠤᠨ ᠲᠦᠰᠦᠪ ᠲᠤᠭᠠᠴᠠᠭ᠎ᠠ ᠬᠢᠭᠡᠳ ᠠᠯᠪᠠᠨ ᠵᠠᠷᠤᠳᠠᠯ ᠤᠨ ᠢᠯᠡ ᠨᠡᠶᠢᠳᠡᠯᠡᠯ ᠢ ᠬᠠᠤᠯᠢ ᠶᠤᠰᠤᠭᠠᠷ ᠪᠦᠬᠦ ᠲᠠᠯᠠᠪᠠᠷ ᠭᠡᠷᠡᠭᠵᠢᠬᠦᠯᠵᠦ᠂  ᠡᠳ᠋ ᠤᠨ ᠵᠠᠰᠠᠭ ᠤᠨ ᠪᠡᠯᠡ  ᠮᠦᠩᠬᠦ ᠶᠢᠨ ︽ᠵᠤᠭᠤᠰ ᠵᠠᠷᠤᠬᠤ ᠳᠤ ᠦᠢᠯᠡᠳᠦᠯ ᠢ ᠨᠢ ᠦᠵᠡᠵᠦ᠂  ᠦᠢᠯᠡᠳᠦᠯ ᠭᠠᠷᠤᠭᠰᠠᠨ ᠦᠬᠡᠢ ᠪᠤᠯ ᠬᠠᠷᠢᠭᠤᠴᠠᠯᠭ᠎ᠠ ᠨᠡᠬᠡᠮᠵᠢᠯᠡᠬᠦ︾ ᠶᠢ ᠪᠡᠶᠡᠯᠡᠬᠦᠯᠪᠡ᠃ ᠺᠠᠳᠠᠷ ᠤᠨ ᠰᠤᠷᠳᠠᠯ ᠢ ᠤᠯᠠᠮ ᠨᠢᠬᠡ ᠠᠯᠬᠤᠮ  ᠰᠠᠶᠢᠵᠢᠷᠠᠭᠤᠯᠤᠨ᠂  ᠨᠠᠮ ᠤᠨ ᠲᠦᠪ ᠬᠤᠷᠢᠶᠠᠨ ᠤ ︽ᠨᠠᠢᠮᠠᠨ ᠲᠤᠭᠳᠠᠭᠠᠯ︾ ᠢ ᠨᠠᠷᠢᠨ ᠨᠢᠮᠪᠠᠢ ᠲᠤᠱᠯᠠᠭᠤᠯᠤᠨ ᠨᠠᠶᠢᠳᠠᠪᠤᠷᠢᠵᠢᠭᠤᠯᠵᠤ᠂  ︽ᠲᠦᠷᠪᠡᠨ ᠰᠤᠷᠳᠠᠯ︾ ᠤᠨ ᠲᠤᠪᠤᠶᠢᠮ᠎ᠠ ᠠᠰᠠᠭᠤᠳᠠᠯ ᠢ ᠡᠷᠡᠰ ᠵᠠᠯᠠᠷᠠᠭᠤᠯᠵᠤ᠂  ᠨᠠᠮ  ᠤᠨ ᠤᠯᠠᠨ ᠲᠦᠮᠡᠨᠴᠢ ᠱᠤᠭᠤᠮ ᠤᠨ ᠬᠦᠮᠦᠵᠢᠯ ᠦᠢᠯᠡᠳᠦᠯᠬᠡ ᠶᠢᠨ ᠠᠵᠢᠯᠯᠠᠭ᠎ᠠ᠂ ︽ᠭᠤᠷᠪᠠᠨ ᠴᠢᠩᠭ᠎ᠠ ᠭᠤᠷᠪᠠᠨ ᠪᠤᠳᠠᠳᠠᠢ︾ ᠲᠤᠰᠬᠠᠢ ᠰᠡᠳᠦᠪᠳᠦ ᠬᠦᠮᠦᠵᠢᠯ᠂  ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠬᠦᠨ ᠪᠤᠯᠬᠤ︾ ᠰᠤᠷᠤᠯᠴᠠᠯᠭ᠎ᠠ ᠬᠦᠮᠦᠵᠢᠯ ᠢ ᠬᠦᠨᠵᠡᠬᠡᠢ ᠦᠷᠨᠢᠬᠦᠯᠦᠨ᠂  ᠠᠯᠪᠠᠨ ᠭᠡᠷ᠂ ᠠᠯᠪᠠᠨ ᠲᠡᠷᠭᠡᠨ ᠤ ᠦᠬᠡᠷᠡᠴᠢᠯᠡᠯᠳᠡ ᠶᠢ ᠴᠢᠩᠭ᠎ᠠ ᠨᠠᠶᠢᠳᠠᠪᠤᠷᠢᠵᠢᠭᠤᠯᠪᠠ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠠ ᠤᠯᠤᠰ ᠲᠦᠷᠦ ᠶᠢᠨ ᠵᠦᠪᠯᠡᠯᠬᠡᠨ ᠤ  ᠬᠢᠨᠠᠯᠳᠠ   ᠶᠢ ᠤᠬᠠᠮᠰᠠᠷ ᠠᠴᠠ ᠪᠠᠨ ᠬᠦᠯᠢᠶᠡᠵᠦ᠂  ᠠᠷᠠᠳ ᠤᠨ ᠲᠦᠯᠦᠭᠡᠯᠡᠭᠴᠢ ᠶᠢᠨ 567 ᠬᠤᠪᠢ ᠰᠠᠨᠠᠯ ᠰᠠᠨᠠᠭᠤᠯᠭ᠎ᠠ ᠪᠠ ᠤᠯᠤᠰ ᠲᠦᠷᠦ ᠶᠢᠨ ᠵᠦᠪᠯᠡᠯᠬᠡᠨ ᠤ ᠭᠡᠰᠢᠬᠦᠳ ᠤᠨ 485 ᠬᠤᠪᠢ ᠰᠠᠨᠠᠯ ᠲᠤᠷᠠᠳᠤᠯᠭ᠎ᠠ ᠳᠤ ᠬᠠᠨᠤᠮᠵᠢᠳᠠᠢ ᠬᠠᠷᠢᠭᠤᠯᠳᠠ ᠦᠭᠬᠦᠭᠰᠡᠨ ᠪᠠᠶᠢᠨ᠎ᠠ᠃  ᠡᠬᠦᠨ ᠤ ᠬᠠᠮᠳᠤ᠂  ᠡᠮᠡᠭᠳᠡᠶᠢᠴᠤᠳ ᠤᠨ  ᠬᠤᠯᠪᠤᠭ᠎ᠠ᠂  ᠵᠠᠯᠠᠭᠤᠴᠤᠳ ᠤᠨ ᠡᠪᠯᠡᠯ᠂  ᠠᠵᠢᠯᠴᠢᠨ ᠤ ᠡᠪᠯᠡᠯ᠂  ᠵᠡᠮᠳᠡᠭᠴᠤᠳ ᠤᠨ ᠬᠤᠯᠪᠤᠭ᠎ᠠ᠂ ᠤᠯᠠᠭᠠᠨ ᠵᠠᠭᠠᠯᠮᠠᠶᠢᠳᠠᠨ ᠤ ᠨᠡᠶᠢᠬᠡᠮᠯᠢᠭ᠂ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ ᠰᠢᠨᠵᠢᠯᠡᠭᠡ ᠮᠡᠷᠭᠡᠵᠢᠯ ᠤᠨ ᠨᠡᠶᠢᠬᠡᠮᠯᠢᠭ ᠵᠡᠷᠭᠡ ᠠᠷᠠᠳ ᠤᠨ ᠪᠦᠯᠬᠦᠮ ᠲᠠᠢ ᠬᠠᠷᠢᠴᠠᠭ᠎ᠠ ᠬᠤᠯᠪᠤᠭ᠎ᠠ ᠪᠠᠨ  ᠴᠢᠩᠭᠠᠳᠬᠠᠵᠤ᠂  ᠡᠯ᠎ᠡ ᠡᠳᠡᠭᠡᠳ ᠤᠨ ᠰᠠᠨᠠᠯ ᠰᠠᠨᠠᠭᠤᠯᠭ᠎ᠠ ᠶᠢ ᠨᠠᠷᠢᠨ ᠨᠢᠮᠪᠠᠢ ᠰᠤᠨᠤᠰᠤᠭᠰᠠᠨ ᠪᠠᠶᠢᠨ᠎ᠠ᠃        ᠲᠦᠯᠦᠭᠡᠯᠡᠭᠴᠢᠳ ᠡ᠂ ᠨᠦᠬᠦᠳ ᠡ᠂  ᠪᠢᠳᠡ ᠲᠠᠪᠤᠨ ᠵᠢᠯ  ᠬᠠᠳᠠᠭᠤᠵᠢᠯᠳᠠᠢ ᠲᠡᠮᠡᠴᠡᠵᠦ᠂ ᠲᠠᠪᠤᠨ ᠵᠢᠯ ᠴᠦᠬᠦᠷᠡᠰᠢ ᠦᠬᠡᠢ ᠴᠢᠷᠮᠠᠶᠢᠯ᠎ᠠ᠃ ᠡᠨᠡ  ᠲᠠᠪᠤᠨ ᠵᠢᠯ  ᠪᠤᠯ ᠮᠠᠨ ᠤ ᠬᠤᠰᠢᠭᠤᠨ ᠤ ᠬᠦᠭᠵᠢᠯᠳᠡ ᠶᠢᠨ ᠲᠠᠷᠤᠭᠠᠰᠤ ᠶᠡᠭᠡ᠂ ᠬᠦᠴᠢᠷᠳᠡᠯ ᠤᠯᠠᠨ᠂ ᠪᠠᠶᠢᠳᠠᠯ ᠪᠤᠳᠤᠯᠢᠶᠠᠨ ᠲᠠᠢ᠂ ᠭᠡᠴᠡᠬᠦᠦ ᠪᠡᠷᠭᠡ ᠲᠠᠪᠤᠨ ᠵᠢᠯ᠃  ᠮᠦᠨᠴᠦ ᠬᠦᠭᠵᠢᠯᠳᠡ  ᠶᠢᠨ ᠰᠡᠳᠬᠢᠴᠡ ᠪᠠᠨ ᠰᠢᠯᠤᠭᠤᠳᠬᠠᠵᠤ᠂ ᠠᠵᠤ ᠦᠢᠯᠡᠰ ᠤᠨ ᠰᠠᠭᠤᠷᠢ ᠶᠢ ᠪᠠᠬᠢᠵᠢᠬᠦᠯᠦᠨ᠂ ᠬᠤᠳᠠ ᠬᠦᠳᠡᠭᠡ ᠶᠢᠨ ᠬᠤᠪᠢᠷᠠᠯᠳᠠ ᠶᠢ ᠠᠬᠢᠭᠤᠯᠵᠤ᠂ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠬᠦᠯᠦᠭᠰᠡᠨ ᠡᠯᠪᠡᠭ ᠬᠤᠷᠢᠶᠠᠯᠳᠠ ᠲᠠᠢ ᠲᠠᠪᠤᠨ ᠵᠢᠯ  ᠶᠤᠮ᠃ ᠲᠠᠪᠤᠨ ᠵᠢᠯ ᠤᠨ ᠲᠤᠷᠰᠢ᠂ ᠠᠵᠤ ᠠᠬᠤᠢ ᠶᠢᠨ ᠬᠦᠭᠵᠢᠯᠳᠡ ᠰᠢᠨ᠎ᠡ ᠬᠡᠪ ᠪᠠᠶᠢᠳᠠᠯ ᠳᠤ ᠤᠷᠤᠵᠤ᠂  ᠠᠵᠤ ᠠᠬᠤᠢ ᠶᠢᠨ ᠲᠠᠷᠤᠭᠠᠰᠤ ᠦᠷᠬᠦᠯᠵᠢᠯᠡᠨ ᠨᠡᠮᠡᠭᠳᠡᠭᠰᠡᠨ ᠪᠠᠶᠢᠳᠠᠯ ᠲᠤᠤᠷ᠎ᠠ᠂ ᠪᠢᠳᠡ ᠬᠠᠷᠢᠴᠠᠩᠭᠤᠢ  ᠲᠠᠪᠠᠭᠤᠯᠢᠭ ᠲᠠᠭᠠᠨ ᠰᠠᠭᠤᠷᠢᠯᠠᠵᠤ᠂  ᠤᠯᠠᠮᠵᠢᠯᠠᠯᠳᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠵᠤ ᠲᠡᠰ ᠲᠡᠪᠰᠢᠬᠦᠯᠬᠦ ᠶᠢ ᠲᠦᠷᠭᠡᠳᠬᠡᠨ᠂ ᠠᠷᠠᠯᠵᠶ᠋ᠢᠶᠠᠴᠢᠨ ᠤᠷᠢᠵᠤ ᠪᠡᠯᠡ  ᠤᠷᠤᠭᠤᠯᠬᠤ ᠲᠠᠯᠠᠪᠠᠷ ᠶᠡᠭᠡ  ᠬᠦᠴᠦ ᠤᠷᠤᠭᠤᠯᠤᠨ᠂  ᠤᠷᠤᠨ ᠲᠤᠭᠤᠷᠢᠭ ᠤᠨ ᠠᠵᠤ ᠠᠬᠤᠢ ᠶᠢ ᠦᠷᠨᠢᠬᠦᠨ ᠬᠦᠭᠵᠢᠬᠦᠯᠵᠦ᠂  ᠲᠠᠷᠢᠶᠠᠯᠠᠩ ᠢᠶᠠᠷ ᠭᠤᠤᠯ ᠪᠤᠯᠭᠠᠭᠰᠠᠨ ᠤᠳᠤ ᠦᠶ᠎ᠡ ᠶᠢᠨ ᠠᠵᠤ ᠦᠢᠯᠡᠳᠪᠦᠷᠢ ᠶᠢᠨ ᠰᠢᠰᠲ᠋ᠧᠮᠵᠢ ᠶᠢ ᠠᠯᠬᠤᠮ ᠠᠯᠬᠤᠮ ᠢᠶᠠᠷ ᠪᠤᠢ  ᠪᠤᠯᠭᠠᠵᠠᠢ ᠃  ᠡᠳ᠋ ᠤᠨ ᠵᠠᠰᠠᠭ ᠲᠤ ᠬᠦᠴᠢᠷ  ᠲᠤᠯᠭᠠᠷᠠᠵᠤ᠂ ᠤᠷᠤᠯᠭ᠎ᠠ ᠵᠠᠷᠤᠯᠭ᠎ᠠ ᠤᠨ ᠵᠦᠷᠢᠴᠡᠯ ᠶᠡᠬᠡᠳᠦᠭᠰᠡᠨ ᠪᠠᠶᠢᠳᠠᠯ ᠲᠤᠤᠷ᠎ᠠ᠂  ᠪᠢᠳᠡ ᠲᠦᠭᠰᠢᠬᠦᠷᠢ ᠶᠢ ᠰᠡᠷᠭᠡᠶᠢᠯᠡᠵᠦ ᠠᠷᠠᠳ ᠲᠦᠮᠡᠨ ᠳᠤ ᠠᠰᠢᠭ  ᠬᠦᠷᠳᠡᠭᠡᠬᠦ ᠳᠤ ᠰᠠᠭᠤᠷᠢᠯᠠᠨ᠂  ᠵᠠᠰᠠᠭ ᠤᠨ ᠤᠷᠳᠤᠨ ᠤ ᠦᠷᠢ ᠦᠭᠴᠡᠭᠡ ᠶᠢ ᠤᠬᠠᠭᠠᠯᠢᠭ ᠢᠶᠠᠷ  ᠡᠵᠡᠮᠳᠡᠨ ᠬᠢᠵᠠᠭᠠᠷᠯᠠᠵᠤ᠂ ᠠᠷᠠᠳ ᠤᠨ ᠠᠮᠢᠳᠤᠷᠠᠯ ᠲᠡᠭᠡᠷᠡᠬᠢ ᠪᠡᠯᠡ  ᠤᠷᠤᠭᠤᠯᠤᠯᠳᠠ ᠶᠢ ᠴᠢᠳᠠᠯ ᠤᠨ ᠬᠢᠷᠢ ᠪᠠᠷ ᠶᠡᠬᠡᠰᠬᠡᠨ᠂ ᠨᠡᠶᠢᠬᠡᠮ ᠤᠨ ᠪᠠᠳᠤᠯᠠᠭᠠᠨ   ᠤ ᠬᠢᠷᠢ ᠲᠦᠪᠰᠢᠨ ᠪᠠ ᠠᠷᠠᠳ ᠤᠨ ᠠᠮᠢᠳᠤᠷᠠᠯ ᠤᠨ ᠪᠠᠶᠢᠳᠠᠯ ᠢ ᠦᠷᠬᠦᠯᠵᠢᠯᠡᠨ  ᠰᠠᠶᠢᠵᠢᠷᠠᠭᠤᠯᠪᠠ᠃ ᠦᠨᠳᠦᠰᠦᠨ ᠪᠦᠳᠦᠭᠡᠨ ᠪᠠᠶᠢᠭᠤᠯᠤᠯᠳᠠ ᠳᠤ ᠪᠡᠯᠡ ᠬᠤᠷᠠᠮᠳᠤᠭᠤᠯᠬᠤ ᠳᠤ ᠬᠦᠴᠢᠷᠳᠡᠵᠦ᠂  ᠲᠡᠦᠬᠡᠨ ᠠᠴᠠ ᠦᠯᠡᠳᠡᠭᠳᠡᠭᠰᠡᠨ ᠦᠷᠢ ᠰᠢᠷᠢ ᠨᠡᠯᠢᠶᠡᠳ ᠶᠡᠭᠡ ᠪᠠᠶᠢᠳᠠᠯ ᠲᠤᠤᠷ᠎ᠠ᠂  ᠪᠢᠳᠡ ᠬᠤᠳᠠ ᠪᠠᠯᠭᠠᠰᠤᠨ ᠤ ᠤᠷᠤᠰᠢᠨ ᠰᠠᠭᠤᠷᠢᠰᠢᠬᠤ  ᠬᠢᠷᠢ ᠲᠦᠪᠰᠢᠨ ᠢ ᠲᠡᠭᠡᠭᠰᠢᠯᠡᠬᠦᠯᠬᠦ ᠳᠤ ᠰᠠᠭᠤᠷᠢᠯᠠᠨ᠂ ᠰᠢᠨ᠎ᠡ ᠬᠠᠭᠤᠴᠢᠨ ᠲᠤᠭᠤᠷᠢᠭ ᠤᠨ ᠦᠬᠡᠷᠡᠴᠢᠯᠡᠯᠳᠡ ᠶᠢ ᠨᠢᠬᠡᠳᠦᠯᠳᠡᠢ ᠲᠦᠯᠦᠪᠯᠡᠨ ᠠᠬᠢᠭᠤᠯᠵᠤ᠂ ᠬᠤᠳᠠ ᠪᠠᠯᠭᠠᠰᠤᠨ ᠤ ᠪᠦᠳᠦᠬᠡᠨ ᠪᠠᠶᠢᠭᠤᠯᠤᠯᠳᠠ ᠶᠢᠨ ᠠᠯᠬᠤᠭ᠎ᠠ ᠶᠢ ᠲᠦᠷᠭᠡᠳᠭᠡᠨ᠂ ᠨᠡᠶᠢᠳᠡ ᠶᠢᠨ ᠦᠢᠯᠡᠴᠢᠯᠡᠬᠡᠨ ᠤ ᠴᠢᠳᠠᠪᠬᠢ ᠶᠢ ᠵᠦᠢ ᠵᠤᠬᠢᠰᠳᠠᠢ ᠲᠤᠬᠢᠷᠠᠭᠤᠯᠤᠭᠰᠠᠨ ᠪᠠᠶᠢᠨ᠎ᠠ᠃ ᠪᠦᠳᠦᠬᠡᠨ ᠪᠠᠶᠢᠭᠤᠯᠤᠯᠳᠠ ᠠᠵᠢᠯ ᠲᠡᠭᠡᠷ᠎ᠡ ᠪᠡᠯᠡ  ᠮᠦᠩᠬᠦ ᠲᠤᠳᠠᠭᠳᠠᠵᠤ᠂  ᠪᠠᠷᠢᠯᠭ᠎ᠠ ᠶᠢᠨ ᠠᠵᠢᠯ ᠡᠬᠦᠷᠭᠡ ᠨᠦᠰᠡᠷ ᠬᠦᠨᠳᠦ  ᠪᠠᠶᠢᠳᠠᠯ ᠲᠤᠤᠷ᠎ᠠ᠂ ᠪᠢᠳᠡ ᠮᠠᠯᠵᠢᠬᠤ ᠲᠠᠷᠢᠶᠠᠯᠠᠬᠤ ᠤᠷᠤᠨ ᠤ ᠦᠢᠯᠡᠳᠪᠦᠷᠢᠯᠡᠯ ᠠᠮᠢᠳᠤᠷᠠᠯ ᠤᠨ ᠨᠦᠬᠦᠴᠡᠯ  ᠢ ᠰᠠᠶᠢᠵᠢᠷᠠᠭᠤᠯᠬᠤ ᠳᠤ ᠰᠠᠭᠤᠷᠢᠯᠠᠨ᠂ ︽ᠠᠷᠪᠠ ᠶᠢ ᠪᠦᠷᠬᠦᠬᠦᠯᠬᠦ︾ ᠪᠠ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠤ ᠴᠡᠭᠴᠡᠯᠡᠯᠳᠡ ᠶᠢᠨ ᠢᠨᠵᠧᠨᠧᠷᠢᠩ ᠢ ᠪᠦᠬᠦ ᠬᠦᠴᠦᠨ ᠢᠶᠠᠷ ᠭᠡᠷᠡᠭᠵᠢᠬᠦᠯᠵᠦ᠂  ᠬᠦᠳᠡᠭᠡ ᠲᠤᠰᠬᠤᠨ ᠤ ᠪᠠᠶᠢᠳᠠᠯ ᠢ ᠲᠤᠶᠢᠯᠪᠤᠷᠢᠳᠠᠢ ᠬᠤᠪᠢᠷᠠᠭᠤᠯᠵᠤ᠂ ᠨᠡᠶᠢᠬᠡᠮ ᠵᠢᠷᠤᠮᠳᠤ ᠰᠢᠨ᠎ᠡ ᠮᠠᠯᠵᠢᠬᠤ ᠲᠠᠷᠢᠶᠠᠯᠠᠬᠤ ᠤᠷᠤᠨ ᠤ ᠦᠩᠭᠡ ᠲᠦᠷᠬᠦ ᠶᠢ ᠬᠠᠷᠠᠭᠤᠯᠤᠭᠰᠠᠨ ᠪᠠᠶᠢᠨ᠎ᠠ᠃ ᠡᠯᠳᠡᠪ ᠶᠠᠩᠵᠤ ᠶᠢᠨ ᠠᠰᠠᠭᠤᠳᠠᠯ ᠠᠷᠪᠢᠳᠴᠤ᠂  ᠦᠨᠳᠦᠰᠦᠨ ᠱᠠᠳᠤᠨ ᠤ ᠵᠦᠷᠢᠴᠡᠯ ᠨᠡᠯᠢᠶᠡᠳ ᠲᠤᠪᠤᠶᠢᠭᠰᠠᠨ ᠪᠠᠶᠢᠳᠠᠯ ᠲᠤᠤᠷ᠎ᠠ᠂ ᠪᠢᠳᠡ ᠵᠦᠷᠢᠴᠡᠯ  ᠮᠦᠷᠬᠦᠯᠳᠦᠭᠡᠨ ᠢ ᠨᠠᠮᠳᠠᠭᠤᠯᠵᠤ᠂ ᠨᠡᠶᠢᠬᠡᠮ ᠤᠨ ᠲᠤᠭᠳᠠᠭᠤᠨ ᠢ ᠬᠠᠮᠠᠭᠠᠯᠠᠬᠤ ᠳᠤ  ᠰᠠᠭᠤᠷᠢᠯᠠᠨ᠂  ᠠᠷᠠᠳ ᠲᠦᠮᠡᠨ ᠤ ᠬᠠᠤᠯᠢ  ᠵᠦᠢ ᠳᠤ ᠨᠡᠶᠢᠴᠡᠭᠰᠡᠨ ᠬᠦᠰᠡᠯ ᠱᠠᠭᠠᠷᠳᠠᠯᠭ᠎ᠠ ᠶᠢ ᠬᠦᠯᠢᠶᠡᠨ ᠠᠪᠴᠤ᠂ ᠬᠠᠤᠯᠢ ᠪᠤᠰᠤ ᠶᠠᠯᠠᠳᠤ ᠠᠵᠢᠯᠯᠠᠭ᠎ᠠ ᠳᠤ ᠡᠷᠡᠰ ᠴᠢᠩᠭ᠎ᠠ ᠴᠤᠬᠢᠯᠳᠠ ᠦᠭᠴᠦ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠲᠠᠰᠤᠷᠠᠯᠳᠠ ᠦᠬᠡᠢ ᠨᠡᠮᠡᠭᠳᠡᠵᠡᠢ᠃        ᠠᠮᠵᠢᠯᠳᠠ ᠪᠦᠳᠦᠮᠵᠢ ᠪᠠᠨ ᠤᠯᠵᠤ ᠬᠠᠷᠠᠬᠤ ᠶᠢᠨ ᠲᠠᠭᠠᠤ᠂ ᠤᠷᠤᠰᠢᠵᠤ ᠪᠠᠶᠢᠭ᠎ᠠ ᠠᠰᠠᠭᠤᠳᠠᠯ ᠢᠶᠠᠨ ᠪᠠᠰᠠ ᠤᠯᠵᠤ ᠲᠠᠨᠢᠬᠤ ᠴᠢᠬᠤᠯᠠᠳᠠᠢ᠄  ᠲᠤᠬᠠᠶᠢᠯᠠᠪᠠᠯ᠂ ᠮᠠᠨ ᠤ ᠬᠤᠰᠢᠭᠤᠨ ᠤ ᠠᠵᠤ ᠠᠬᠤᠢ ᠶᠢᠨ ᠶᠡᠷᠦᠩᠬᠡᠢ ᠬᠡᠮᠵᠢᠶ᠎ᠡ  ᠲᠤᠤᠷ᠎ᠠ᠂  ᠰᠢᠨ᠎ᠡ ᠶᠢ ᠡᠬᠦᠳᠬᠦ ᠴᠢᠳᠠᠪᠤᠷᠢ ᠲᠤᠷᠤᠢ᠂  ᠬᠦᠭᠵᠢᠯᠳᠡ ᠶᠢᠨ ᠴᠢᠨᠠᠷ ᠴᠢᠨᠰᠠᠭ᠎ᠠ  ᠪᠠ ᠦᠷ᠎ᠡ ᠠᠰᠢᠭ ᠦᠨᠳᠦᠷ ᠪᠤᠰᠤ ᠪᠠᠶᠢᠭ᠎ᠠ᠃  ᠴᠢᠬᠤᠯᠠ  ᠶᠡᠭᠡ ᠲᠦᠷᠦᠯ ᠵᠦᠢᠯ ᠤᠨ ᠲᠤᠯᠭᠠᠭᠤᠷᠢᠯᠠᠯ ᠬᠦᠷᠦᠯᠴᠡᠬᠦ ᠦᠬᠡᠢ᠂ ᠠᠵᠤ ᠦᠢᠯᠡᠰ ᠤᠨ ᠪᠦᠷᠢᠯᠳᠦᠴᠡ ᠶᠢ ᠪᠠᠰᠠ ᠰᠢᠯᠢᠳᠡᠭᠵᠢᠬᠦᠯᠬᠦ ᠴᠢᠬᠤᠯᠠᠳᠠᠢ  ᠪᠠᠶᠢᠭ᠎ᠠ᠃ ᠡᠳ᠋ ᠤᠨ ᠵᠠᠰᠠᠭ ᠤᠨ ᠦᠪᠡᠷᠦᠨ ᠬᠠᠩᠭᠠᠯᠭ᠎ᠠ ᠶᠢᠨ ᠨᠤᠷᠮ᠎ᠠ ᠲᠤᠤᠷ᠎ᠠ᠂ ᠤᠷᠤᠯᠭ᠎ᠠ ᠵᠠᠷᠤᠯᠭ᠎ᠠ ᠶᠢᠨ ᠵᠦᠷᠢᠴᠡᠯ  ᠨᠡᠯᠢᠶᠡᠳ ᠲᠤᠪᠤᠶᠢᠮ᠎ᠠ ᠪᠠᠶᠢᠭ᠎ᠠ᠃  ᠨᠡᠶᠢᠬᠡᠮ ᠤᠨ ᠦᠢᠯᠡᠰ ᠤᠨ ᠬᠦᠭᠵᠢᠯᠳᠡ ᠬᠠᠷᠢᠴᠠᠩᠭᠤᠢ ᠪᠠᠷ ᠬᠤᠴᠤᠷᠴᠤ᠂ ᠠᠷᠠᠳ ᠤᠨ ᠠᠮᠢᠳᠤᠷᠠᠯ  ᠤᠨ ᠬᠦᠷᠢᠶ᠎ᠡ ᠴᠠᠷ᠎ᠠ ᠳᠤ ᠪᠠᠰᠠ ᠪᠠᠭ᠎ᠠ ᠪᠤᠰᠤ ᠲᠤᠳᠠᠭᠤᠳᠠᠯ ᠤᠷᠤᠰᠢᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠡᠬᠦᠷᠭᠡ ᠬᠦᠨᠳᠦ ᠪᠠᠶᠢᠭ᠎ᠠ᠃  ᠺᠠᠳᠠᠷ ᠤᠨ ᠡᠩᠨᠡᠬᠡᠨ ᠤ ᠬᠠᠷᠢᠭᠤᠴᠠᠯᠭ᠎ᠠ ᠡᠬᠦᠷᠭᠡᠯᠡᠬᠦ ᠪᠠ ᠰᠢᠨ᠎ᠡ ᠶᠢ ᠡᠬᠦᠳᠬᠦ ᠤᠬᠠᠮᠰᠠᠷ ᠲᠤᠷᠤᠢ᠂ ᠵᠠᠰᠠᠭ ᠵᠠᠬᠢᠷᠭᠠᠨ ᠤ ᠴᠢᠳᠠᠪᠬᠢ᠂ ᠪᠠᠶᠢᠭᠤᠯᠤᠯᠭ᠎ᠠ ᠶᠢᠨ ᠰᠤᠷᠳᠠᠯ ᠬᠢᠭᠡᠳ ᠴᠢᠭᠡᠴᠢ ᠵᠠᠰᠠᠭ ᠤᠨ ᠪᠠᠶᠢᠭᠤᠯᠤᠯᠳᠠ ᠶᠢ ᠤᠯᠠᠮ ᠨᠢᠬᠡ ᠠᠯᠬᠤᠮ ᠴᠢᠩᠭᠠᠳᠬᠠᠬᠤ  ᠭᠡᠷᠡᠭᠳᠡᠢ ᠪᠠᠶᠢᠭ᠎ᠠ᠃  ᠡᠳᠡᠭᠡᠷ ᠠᠰᠠᠭᠤᠳᠠᠯ ᠤᠨ ᠡᠮᠦᠨ᠎ᠡ᠂ ᠪᠢᠳᠡ ᠡᠷᠭᠡᠪᠰᠢ ᠵᠤᠷᠢᠭ ᠲᠠᠢ ᠬᠠᠨᠳᠤᠵᠤ᠂ ᠵᠢᠷᠦᠬᠡ ᠲᠠᠢ ᠡᠬᠦᠷᠭᠡᠯᠡᠨ᠂ ᠢᠳᠡᠪᠬᠢᠳᠡᠢ ᠰᠢᠢᠳᠪᠦᠷᠢᠯᠡᠵᠦ᠂  ᠦᠪᠡᠷ ᠦᠪᠡᠷ ᠤᠨ ᠡᠬᠦᠷᠭᠡ ᠬᠠᠷᠢᠭᠤᠴᠠᠯᠭ᠎ᠠ   ᠳᠠᠭᠠᠨ ᠤᠰᠤᠯᠳᠠᠯ ᠦᠬᠡᠢ᠂  ᠤᠯᠠᠨ ᠲᠦᠮᠡᠨ ᠤ ᠬᠦᠰᠡᠯ ᠨᠠᠶᠢᠳᠠᠯᠭ᠎ᠠ ᠶᠢ ᠬᠦᠰᠡᠷᠳᠡᠬᠦᠯᠦᠯ ᠦᠬᠡᠢ ᠪᠠᠶᠢᠬᠤ ᠭᠡᠷᠡᠭᠳᠡᠢ᠃        ᠪᠢᠳᠡᠨ ᠤ ᠤᠯᠤᠭᠰᠠᠨ ᠠᠮᠵᠢᠯᠳᠠ ᠪᠦᠳᠦᠭᠡᠯ ᠬᠢᠯᠪᠠᠷ ᠪᠤᠰᠤ᠂ ᠪᠢᠳᠡᠨ ᠤ ᠦᠪᠯᠡᠭᠰᠡᠨ ᠠᠷᠭ᠎ᠠ ᠲᠤᠷᠰᠢᠯᠭ᠎ᠠ ᠬᠤᠪᠤᠷ ᠨᠠᠨᠳᠢᠨ ᠶᠤᠮ᠃  ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ  ᠶᠢ ᠤᠯᠬᠤ᠂ ᠴᠢᠨᠡᠭᠡᠯᠢᠭ ᠨᠡᠶᠢᠬᠡᠮ ᠢ ᠪᠦᠬᠦ ᠲᠠᠯᠠᠪᠠᠷ ᠪᠠᠶᠢᠭᠤᠯᠬᠤ ᠠᠶᠠᠨ ᠵᠠᠮ ᠳᠤ ᠡᠷᠭᠡᠪᠰᠢ ᠠᠵᠠ ᠲᠤᠬᠢᠶᠠᠯ ᠢ ᠪᠠᠳᠤ ᠡᠵᠡᠮᠳᠡᠨ᠂ ᠬᠦᠭᠵᠢᠯᠳᠡ ᠶᠢ ᠲᠦᠯᠬᠢᠨ ᠠᠬᠢᠭᠤᠯᠬᠤ ᠶᠢ ᠵᠠᠰᠠᠭ ᠤᠨ ᠤᠷᠳᠤᠨ ᠤ ᠠᠵᠢᠯ ᠤᠨ ᠲᠡᠷᠢᠬᠦᠨ ᠡᠬᠦᠷᠭᠡ ᠪᠤᠯᠭᠠᠵᠤ᠂  ᠬᠦᠮᠦᠨ ᠤ ᠨᠢᠳᠦ  ᠬᠠᠭᠤᠷᠬᠤ ᠦᠩᠭᠡᠪᠴᠢ ᠦᠵᠡᠭᠳᠡᠯ ᠢ ᠴᠡᠭᠡᠷᠯᠡᠨ᠂ ᠨᠢᠬᠡ ᠰᠡᠳᠬᠢᠯ ᠨᠢᠬᠡ ᠵᠤᠷᠢᠭ ᠢᠶᠠᠷ ᠬᠦᠭᠵᠢᠯᠳᠡ ᠶᠢ ᠲᠦᠯᠦᠪᠯᠡᠵᠦ᠂ ᠬᠦᠴᠦᠨ ᠢᠶᠠᠨ ᠲᠦᠪᠯᠡᠷᠡᠬᠦᠯᠵᠦ ᠰᠡᠳᠬᠢᠯ ᠢᠶᠠᠨ ᠨᠢᠬᠡᠳᠭᠡᠨ ᠪᠦᠳᠦᠭᠡᠨ ᠪᠠᠶᠢᠭᠤᠯᠤᠯᠳᠠ ᠶᠢ ᠠᠳᠬᠤᠬᠤ ᠭᠡᠷᠡᠭᠳᠡᠢ  ︔  ᠡᠷᠭᠡᠪᠰᠢ ᠦᠵᠡᠯ ᠰᠠᠨᠠᠭ᠎ᠠ ᠪᠠᠨ ᠴᠢᠯᠦᠬᠡᠯᠡᠨ᠂ ᠦᠬᠡᠷᠡᠴᠢᠯᠡᠯᠳᠡ ᠬᠢᠵᠦ ᠰᠢᠨ᠎ᠡ ᠶᠢ ᠡᠬᠦᠳᠬᠦ ᠶᠢ ᠵᠠᠰᠠᠭ ᠤᠨ ᠤᠷᠳᠤᠨ ᠤ ᠠᠵᠢᠯ ᠤᠨ ᠬᠦᠴᠦᠷᠭᠡᠭ ᠶᠡᠭᠡ ᠬᠦᠳᠡᠯᠭᠡᠭᠴᠢ ᠬᠦᠴᠦᠨ ᠪᠤᠯᠭᠠᠵᠤ᠂  ᠬᠠᠭᠤᠴᠢᠨ ᠢᠶᠠᠨ ᠪᠠᠷᠢᠮᠳᠠᠯᠠᠵᠤ ᠤᠷᠤᠨ ᠳᠠᠭᠠᠨ ᠠᠯᠬᠤᠬᠤ ᠶᠢ ᠴᠡᠭᠡᠷᠯᠡᠨ᠂  ᠦᠬᠡᠷᠡᠴᠢᠯᠡᠯᠳᠡ ᠪᠠᠷ ᠬᠦᠴᠢᠷᠳᠡᠯ ᠢ ᠲᠠᠶᠢᠯᠵᠤ᠂ ᠰᠢᠨ᠎ᠡ ᠶᠢ ᠡᠬᠦᠳᠬᠦ ᠪᠠᠷ ᠬᠦᠭᠵᠢᠯᠳᠡ ᠶᠢ ᠠᠬᠢᠭᠤᠯᠬᠤ ᠭᠡᠷᠡᠭᠳᠡᠢ︔  ᠡᠷᠭᠡᠪᠰᠢ ᠪᠦᠯᠬᠦᠮᠳᠡᠨ ᠨᠢᠬᠳᠠᠷᠠᠵᠤ ᠪᠤᠳᠠᠳᠠᠢ ᠠᠵᠢᠯᠯᠠᠨ᠂ ᠴᠢᠩᠭ᠎ᠠ ᠠᠳᠬᠤᠵᠤ ᠨᠢᠮᠪᠠᠢ ᠨᠠᠶᠢᠳᠠᠪᠤᠷᠢᠵᠢᠭᠤᠯᠬᠤ ᠶᠢ ᠵᠠᠰᠠᠭ ᠤᠨ ᠤᠷᠳᠤᠨ ᠤ ᠠᠵᠢᠯ ᠤᠨ ᠦᠨᠳᠦᠰᠦᠨ ᠱᠠᠭᠠᠷᠳᠠᠯᠭ᠎ᠠ ᠪᠤᠯᠭᠠᠵᠤ᠂ ᠬᠤᠭᠤᠰᠤᠨ ᠨᠡᠷ᠎ᠡ ᠬᠦᠭᠡᠭᠡᠴᠡᠯᠳᠦᠬᠦ ᠶᠢ ᠴᠡᠭᠡᠷᠯᠡᠨ᠂  ᠯᠠᠪᠳᠠᠭᠤᠨ ᠪᠠᠳᠤᠳᠠᠢ ᠠᠵᠢᠯᠯᠠᠵᠤ᠂  ᠰᠡᠳᠬᠢᠯ ᠰᠠᠨᠠᠭ᠎ᠠ ᠪᠠᠨ ᠲᠦᠪᠯᠡᠷᠡᠬᠦᠯᠦᠨ ᠨᠠᠶᠢᠳᠠᠪᠤᠷᠢᠵᠢᠭᠤᠯᠤᠯᠳᠠ ᠶᠢ ᠠᠳᠬᠤᠵᠤ᠂ ᠬᠦᠴᠦᠨ ᠴᠢᠳᠠᠯ ᠢᠶᠠᠨ ᠰᠢᠪᠬᠠᠨ ᠦᠷ᠎ᠡ ᠪᠦᠳᠦᠮᠵᠢ ᠭᠠᠷᠭᠠᠬᠤ ᠭᠡᠷᠡᠭᠳᠡᠢ︔  ᠡᠷᠭᠡᠪᠰᠢ ᠠᠷᠠᠳ ᠤᠨ ᠠᠮᠢᠳᠤᠷᠠᠯ ᠢ ᠰᠠᠶᠢᠵᠢᠷᠠᠭᠤᠯᠵᠤ᠂ ᠠᠷᠠᠳ ᠲᠦᠮᠡᠨ ᠳᠤ ᠵᠢᠷᠭᠠᠯ ᠡᠳ᠋ᠯᠡᠬᠦᠯᠬᠦ ᠶᠢ ᠵᠠᠰᠠᠭ ᠤᠨ ᠤᠷᠳᠤᠨ ᠤ ᠠᠵᠢᠯ ᠤᠨ ᠬᠠᠮᠤᠭ ᠶᠡᠭᠡ ᠬᠠᠷᠢᠭᠤᠴᠠᠯᠭ᠎ᠠ ᠪᠤᠯᠭᠠᠵᠤ᠂ ᠤᠷᠠᠨ ᠦᠬᠡ ᠬᠡᠯᠡᠵᠦ ᠲᠠᠶᠢᠪᠤᠩ ᠪᠠᠶᠢᠳᠠᠯ ᠦᠵᠡᠬᠦᠯᠬᠦ ᠶᠢ ᠴᠡᠭᠡᠷᠯᠡᠨ᠂ ᠠᠷᠠᠳ ᠲᠦᠮᠡᠨ ᠤ ᠠᠰᠢᠭ ᠲᠤᠰᠠ ᠶᠢ ᠢᠯᠡᠬᠦᠦ ᠪᠤᠳᠤᠵᠤ᠂ ᠠᠷᠠᠳ ᠲᠦᠮᠡᠨ ᠤ ᠬᠦᠴᠢᠷ ᠵᠤᠪᠠᠯᠠᠩ ᠢ ᠢᠯᠡᠬᠦᠦ ᠲᠠᠶᠢᠯᠬᠤ ᠭᠡᠷᠡᠭᠳᠡᠢ︔ ᠡᠷᠭᠡᠪᠰᠢ ᠠᠵᠢᠯ ᠤᠨ ᠰᠤᠷᠳᠠᠯ ᠢ ᠰᠠᠶᠢᠵᠢᠷᠠᠭᠤᠯᠵᠤ᠂  ᠠᠷᠢᠭᠤᠨ ᠴᠢᠭᠡᠴᠢ ᠶᠢ ᠡᠷᠬᠢᠮᠯᠡᠬᠦ ᠶᠢ ᠵᠠᠰᠠᠭ ᠤᠨ ᠤᠷᠳᠤᠨ ᠤ ᠠᠵᠢᠯ ᠤᠨ ᠪᠠᠷᠢᠮᠵᠢᠶ᠎ᠠ ᠪᠤᠯᠭᠠᠵᠤ᠂  ᠭᠡᠷᠡᠭ ᠠᠴᠠ ᠵᠠᠶᠢᠯᠠᠨ ᠪᠡᠶ᠎ᠡ ᠪᠠᠨ ᠬᠠᠮᠠᠭᠠᠯᠠᠬᠤ ᠪᠠ ᠬᠠᠤᠯᠢ ᠵᠦᠷᠢᠴᠡᠵᠦ ᠬᠠᠭ᠋ᠤᠤᠯᠢ  ᠢᠳᠡᠬᠦ ᠶᠢ ᠴᠡᠭᠡᠷᠯᠡᠨ᠂ ᠠᠷᠢᠭᠤᠨ ᠴᠢᠭᠡᠴᠢ  ᠪᠠᠷ ᠠᠵᠢᠯᠯᠠᠵᠤ᠂ ᠠᠵᠢᠯ ᠦᠢᠯᠡᠰ ᠲᠡᠭᠡᠨ ᠰᠢᠮᠳᠠᠬᠤ ᠭᠡᠷᠡᠭᠳᠡᠢ ᠭᠡᠳᠡᠭ ᠢ ᠲᠠᠪᠤᠨ ᠵᠢᠯ ᠤᠨ ᠠᠵᠢᠯ ᠤᠨ ᠲᠤᠮᠳᠠ  ᠠᠴᠠ ᠪᠢᠳᠡ ᠰᠡᠩᠭᠡᠷᠡᠬᠦᠯᠦᠯ ᠠᠪᠤᠭᠤᠰᠢᠳᠠᠢ ᠪᠠᠶᠢᠭ᠎ᠠ᠃       ᠦᠩᠭᠡᠷᠡᠬᠦ ᠲᠠᠪᠤᠨ ᠵᠢᠯ ᠳᠤ ᠤᠯᠤᠭᠰᠠᠨ ᠠᠮᠵᠢᠯᠳᠠ ᠪᠦᠳᠦᠮᠵᠢ   ᠨᠢ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠬᠢᠭᠡᠳ ᠬᠤᠰᠢᠭᠤ ᠨᠠᠮ ᠤᠨ ᠬᠤᠷᠢᠶᠠᠨ ᠤ ᠵᠦᠪ ᠤᠳᠤᠷᠢᠳᠤᠯᠭ᠎ᠠ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠠ ᠤᠯᠤᠰ ᠲᠦᠷᠦ ᠶᠢᠨ ᠵᠦᠪᠯᠡᠯᠬᠡᠨ ᠤ ᠬᠢᠨᠠᠯᠳᠠ ᠲᠡᠮᠵᠢᠯᠬᠡ᠂ ᠪᠦᠬᠦ ᠬᠤᠰᠢᠭᠤᠨ ᠤ  ᠡᠯ᠎ᠡ ᠱᠠᠳᠤᠨ ᠤ ᠺᠠᠳᠠᠷ ᠤᠨ ᠬᠠᠳᠠᠭᠤᠵᠢᠯᠳᠠᠢ ᠴᠢᠷᠮᠠᠶᠢᠯᠭ᠎ᠠ᠂  ᠦᠷᠭᠡᠨ ᠤᠯᠠᠨ ᠠᠷᠠᠳ ᠲᠦᠮᠡᠨ ᠤ  ᠬᠦᠳᠡᠯᠮᠦᠷᠢ ᠲᠡᠮᠡᠴᠡᠯ ᠠᠴᠠ ᠰᠠᠯᠵᠤ ᠴᠢᠳᠠᠰᠢ ᠦᠬᠡᠢ ᠶᠤᠮ᠃  ᠠᠳᠡ ᠪᠢ ᠬᠤᠰᠢᠭᠤ ᠵᠠᠰᠠᠭ ᠤᠨ ᠤᠷᠳᠤᠨ ᠢ ᠲᠦᠯᠦᠬᠡᠯᠡᠵᠦ᠂ ᠪᠦᠬᠦ ᠬᠤᠰᠢᠭᠤᠨ ᠤ ᠺᠠᠳᠠᠷ ᠤᠯᠠᠨ ᠲᠦᠮᠡᠨ ᠳᠤ᠂  ᠠᠷᠠᠳ ᠤᠨ   ᠲᠦᠯᠦᠭᠡᠯᠡᠭᠴᠢᠳ᠂ ᠤᠯᠤᠰ ᠲᠦᠷᠦ ᠶᠢᠨ ᠵᠦᠪᠯᠡᠯᠬᠡᠨ ᠤ  ᠭᠡᠰᠢᠬᠦᠳ ᠲᠤ᠂  ᠲᠠᠶᠢᠹᠤᠰᠧ ᠬᠤᠰᠢᠭᠤᠨ ᠤ ᠦᠬᠡᠷᠡᠴᠢᠯᠡᠯᠳᠡ ᠬᠦᠭᠵᠢᠯᠳᠡ ᠳᠤ ᠬᠠᠯᠠᠮᠵᠢ ᠲᠡᠮᠵᠢᠯᠬᠡ ᠦᠵᠡᠬᠦᠯᠦᠭᠰᠡᠨ ᠨᠡᠶᠢᠬᠡᠮ ᠤᠨ ᠡᠯ᠎ᠡ ᠡᠳᠡᠭᠡᠳ ᠤᠨ ᠬᠦᠮᠦᠰ ᠲᠤ ᠴᠢᠩ ᠰᠡᠳᠬᠢᠯ ᠤᠨ ᠬᠦᠨᠳᠦᠳᠭᠡᠯ ᠪᠠ ᠲᠠᠯᠠᠷᠬᠠᠯ ᠲᠡᠪᠰᠢᠬᠦᠯᠦᠶ᠎ᠡ︕         ᠬᠤᠶᠠᠷ᠂  ᠬᠤᠶᠢᠰᠢᠳᠠ ᠶᠢᠨ ᠲᠠᠪᠤᠨ ᠵᠢᠯ ᠤᠨ ᠬᠦᠭᠵᠢᠯᠳᠡ ᠶᠢᠨ ᠰᠡᠳᠬᠢᠴᠡ ᠪᠠ ᠡᠬᠦᠷᠭᠡ ᠬᠠᠷᠠᠯᠳᠠ      ᠦᠩᠭᠡᠷᠡᠬᠦ ᠲᠠᠪᠤᠨ ᠵᠢᠯ ᠨᠢ ᠲᠠᠶᠢᠹᠤᠰᠧ ᠬᠤᠰᠢᠭᠤᠨ ᠤ ᠢᠷᠡᠭᠡᠳᠦᠢ ᠶᠢᠨ ᠬᠦᠭᠵᠢᠯᠳᠡ ᠳᠤ  ᠠᠷᠭ᠎ᠠ ᠲᠤᠷᠰᠢᠯᠭ᠎ᠠ ᠬᠤᠷᠠᠮᠳᠤᠭᠤᠯᠵᠤ᠂  ᠰᠡᠳᠬᠢᠴᠡ ᠶᠢ ᠰᠢᠯᠤᠭᠤᠳᠬᠠᠨ᠂ ᠴᠢᠭᠯᠡᠯ ᠢ ᠵᠢᠭᠠᠵᠤ᠂ ᠰᠠᠭᠤᠷᠢ ᠶᠢ ᠪᠠᠬᠢᠵᠢᠬᠦᠯᠦᠭᠰᠡᠨ ᠪᠠᠶᠢᠨ᠎ᠠ᠃  ᠬᠤᠶᠢᠰᠢᠳᠠ ᠶᠢᠨ ᠲᠠᠪᠤᠨ ᠵᠢᠯ ᠪᠤᠯ᠂ ᠲᠠᠶᠢᠹᠤᠰᠧ ᠬᠤᠰᠢᠭᠤᠨ ᠤ ᠤᠷᠢᠳᠤᠬᠢ ᠶᠢ ᠵᠠᠯᠭᠠᠮᠵᠢᠯᠠᠨ ᠬᠤᠶᠢᠨᠠᠬᠢ ᠳᠤ ᠵᠠᠮ ᠨᠡᠬᠡᠬᠡᠵᠦ᠂  ᠲᠤᠯᠭᠠᠭᠤᠷᠢ ᠨᠢᠷᠤᠭᠤ ᠶᠢ ᠪᠤᠰᠬᠠᠨ᠂ ᠰᠢᠰᠲ᠋ᠧᠮ ᠲᠠᠢ ᠪᠠᠷ ᠬᠦᠴᠦᠯᠡᠵᠦ᠂ ᠪᠦᠬᠦ ᠲᠠᠯᠠᠪᠠᠷ ᠲᠡᠭᠡᠭᠰᠢᠯᠡᠬᠦᠯᠬᠦ ᠲᠠᠪᠤᠨ ᠵᠢᠯ ᠪᠤᠯᠤᠨ᠎ᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ  ᠠᠴᠠ ᠬᠤᠷᠢᠳᠤᠭᠠᠷ ᠶᠡᠭᠡ ᠬᠤᠷᠠᠯ ᠬᠦᠷᠳᠡᠯᠡᠬᠢ ᠬᠤᠭᠤᠴᠠᠭ᠎ᠠ ᠪᠤᠯ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠳᠠ ᠶᠢᠨ  ᠲᠡᠦᠬᠡᠨ ᠠᠭᠤᠯᠵᠠᠷ ᠤᠨ ᠴᠠᠭ ᠮᠦᠴᠡ ᠶᠤᠮ᠃ ᠡᠨᠡ  ᠬᠤᠭᠤᠴᠠᠭᠠᠨ ᠳᠤ ᠤᠷᠢᠳᠤ ᠭᠠᠷᠤᠭᠠᠳᠤᠢ ᠠᠵᠠ ᠲᠤᠬᠢᠶᠠᠯ ᠪᠠ ᠦᠷᠢᠰᠦᠯᠳᠦᠬᠡᠨ ᠪᠢᠳᠡᠨ ᠳᠤ ᠲᠤᠯᠭᠠᠷᠠᠬᠤ ᠪᠠᠷ ᠪᠠᠷᠠᠬᠤ ᠦᠬᠡᠢ᠂ ᠴᠠᠭ ᠦᠶ᠎ᠡ ᠠᠴᠠ ᠤᠯᠭᠤᠭᠰᠠᠨ ᠡᠬᠦᠷᠭᠡ ᠬᠠᠷᠢᠭᠤᠴᠠᠯᠭ᠎ᠠ ᠪᠢᠳᠡᠨ ᠤ ᠮᠦᠷᠦᠨ ᠲᠡᠭᠡᠷ᠎ᠡ ᠲᠠᠯᠪᠢᠭᠳᠠᠬᠤ ᠪᠤᠯᠤᠨ᠎ᠠ᠃ 2018 ᠤᠨ ᠳᠤ  ᠪᠢᠳᠡ ᠪᠦᠬᠦ ᠠᠶᠢᠮᠠᠭ ᠤᠨ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠲᠤᠷᠰᠢᠯᠭ᠎ᠠ ᠰᠤᠯᠢᠯᠴᠠᠬᠤ ᠬᠤᠷᠠᠯ ᠢ ᠬᠠᠷᠢᠭᠤᠴᠠᠨ ᠬᠢᠬᠦ   ᠶᠢᠨ ᠬᠠᠮᠳᠤ᠂ ᠦᠬᠡᠷᠡᠴᠢᠯᠡᠯᠳᠡ ᠨᠡᠬᠡᠬᠡᠯᠳᠡ ᠶᠢᠨ 40 ᠵᠢᠯ ᠤᠨ ᠤᠢ ᠶᠢ ᠤᠭᠳᠤᠨ᠎ᠠ᠃ 2019 ᠤᠨ ᠳᠤ ᠪᠢᠳᠡ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ  ᠶᠢ ᠤᠯᠵᠤ᠂ ᠶᠠᠳᠠᠭᠤ ᠶᠢᠨ ᠮᠠᠯᠠᠭᠠᠢ ᠪᠠᠨ ᠠᠪᠴᠤ ᠬᠠᠶᠠᠬᠤ ᠬᠠᠷᠠᠯᠳᠠ ᠶᠢ ᠤᠷᠢᠳᠴᠢᠯᠠᠨ ᠪᠡᠶᠡᠯᠡᠬᠦᠯᠦᠨ᠎ᠡ᠃ 2020 ᠤᠨ ᠳᠤ ᠪᠢᠳᠡ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠦᠷ᠎ᠡ ᠪᠦᠳᠦᠭᠡᠯ ᠢ ᠪᠠᠳᠤᠳᠬᠠᠵᠤ᠂ ᠴᠢᠨᠡᠭᠡᠯᠢᠭ ᠨᠡᠶᠢᠬᠡᠮ ᠢ ᠪᠦᠬᠦ ᠲᠠᠯᠠᠪᠠᠷ ᠪᠠᠶᠢᠭᠤᠯᠬᠤ  ᠰᠢᠢᠳᠪᠦᠷᠢᠳᠦ ᠢᠯᠠᠯᠳᠠ ᠶᠢ ᠲᠡᠮᠡᠴᠡᠨ ᠤᠯᠤᠨ᠎ᠠ᠃ 2021 ᠤᠨ — 2022 ᠤᠨ ᠳᠤ ᠪᠢᠳᠡ ᠪᠦᠬᠦ ᠤᠯᠤᠰ᠂ ᠪᠦᠬᠦ ᠤᠷᠤᠨ᠂ ᠪᠦᠬᠦ ᠠᠶᠢᠮᠠᠭ   ᠲᠠᠢ ᠬᠠᠮᠳᠤ ᠪᠠᠷ ᠨᠠᠮ ᠤᠨ ᠨᠢᠬᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠳᠠ ᠶᠢ ᠪᠡᠶᠡᠯᠡᠬᠦᠯᠵᠦ᠂ ᠰᠢᠯᠢᠳᠡᠭ ᠪᠦᠳᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠢ ᠤᠭᠳᠤᠬᠤ ᠪᠤᠯᠤᠨ᠎ᠠ᠃ ᠪᠢᠳᠡ ᠡᠷᠭᠡᠪᠰᠢ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠪᠠ ᠨᠠᠮ ᠤᠨ ᠲᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ᠂ ᠠᠶᠢᠮᠠᠭ ᠤᠨ  ᠨᠢᠬᠡᠳᠦᠯᠳᠡᠢ ᠪᠠᠶᠢᠷᠢᠯᠠᠭᠤᠯᠤᠯᠳᠠ ᠶᠤᠰᠤᠭᠠᠷ᠂ ᠰᠢᠨ᠎ᠡ ᠴᠠᠭ ᠦᠶ᠎ᠡ᠂ ᠰᠢᠨ᠎ᠡ ᠠᠶᠠᠨ ᠵᠠᠮ ᠳᠠᠬᠢ ᠬᠦᠭᠵᠢᠯᠳᠡ ᠶᠢᠨ ᠪᠦᠬᠦ ᠲᠠᠯ᠎ᠠ ᠶᠢᠨ ᠪᠠᠶᠢᠳᠠᠯ ᠲᠤᠮᠳᠠ᠂ ᠲᠡᠮᠡᠴᠡᠬᠦ ᠬᠠᠷᠠᠯᠳᠠ᠂  ᠪᠠᠶᠢᠷᠢ ᠲᠤᠭᠳᠠᠭᠠᠯᠳᠠ ᠪᠠᠨ ᠤᠨᠤᠪᠴᠢᠳᠠᠢ ᠪᠠᠶᠢᠯᠭᠠᠨ᠂  ᠴᠠᠭ ᠦᠶ᠎ᠡ ᠶᠢᠨ ᠠᠵᠢᠯ ᠡᠬᠦᠷᠭᠡ ᠲᠡᠭᠡᠷ᠎ᠡ ᠰᠡᠳᠬᠢᠯ ᠬᠦᠴᠦᠨ ᠢᠶᠠᠨ ᠲᠦᠪᠯᠡᠷᠡᠬᠦᠯᠵᠦ᠂  ᠯᠠᠪᠳᠠᠭᠤᠨ ᠪᠠᠳᠤᠳᠠᠢ ᠠᠵᠢᠯᠯᠠᠨ᠂ ᠢᠳᠡᠭᠡᠯ ᠵᠤᠷᠢᠭᠳᠠᠢ ᠤᠷᠤᠭᠰᠢᠯᠠᠵᠤ᠂ ᠲᠠᠶᠢᠹᠤᠰᠧ ᠬᠤᠰᠢᠭᠤᠨ ᠤ ᠪᠠᠨ ᠬᠦᠭᠵᠢᠯᠳᠡ ᠶᠢᠨ ᠰᠢᠨ᠎ᠡ ᠬᠠᠭᠤᠳᠠᠰᠤ ᠶᠢ ᠬᠠᠮᠳᠤᠪᠠᠷ ᠪᠢᠴᠢᠭᠯᠡᠬᠦ ᠭᠡᠷᠡᠭᠳᠡᠢ᠃         ᠬᠤᠶᠢᠰᠢᠳᠠ ᠶᠢᠨ ᠲᠠᠪᠤᠨ ᠵᠢᠯ ᠤᠨ ᠶᠡᠷᠦᠩᠬᠡᠢ ᠰᠡᠳᠬᠢᠴᠡ ᠪᠤᠯ᠄  ᠨᠠᠮ ᠤᠨ  ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯᠠᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠰᠢᠨ᠎ᠡ ᠬᠦᠭᠵᠢᠯᠳᠡ ᠶᠢᠨ ᠤᠶᠢᠯᠠᠭᠠᠭᠳᠠᠬᠤᠨ ᠢ ᠭᠤᠶᠢᠪᠢᠰᠢ ᠦᠬᠡᠢ ᠲᠤᠤᠱᠯᠠᠭᠤᠯᠵᠤ᠂ ᠲᠤᠭᠳᠠᠭᠤᠨ ᠤ ᠲᠤᠮᠳᠠ ᠤᠷᠤᠭᠰᠢᠯᠠᠬᠤ  ᠶᠡᠷᠦᠩᠬᠡᠢ ᠬᠦᠭ ᠠᠶᠠᠰ ᠢ ᠪᠠᠷᠢᠮᠳᠠᠯᠠᠨ᠂ ︽ᠲᠠᠪᠤ ᠶᠢ ᠨᠢᠭᠡ ᠴᠤᠭᠴᠠᠵᠢᠭᠤᠯᠤᠭᠰᠠᠨ︾ ᠶᠡᠷᠦᠩᠬᠡᠢ ᠪᠠᠶᠢᠷᠢᠰᠢᠭᠤᠯᠤᠯᠳᠠ ᠶᠢ ᠨᠢᠬᠡᠳᠦᠯᠳᠡᠢ ᠲᠦᠯᠦᠪᠯᠡᠨ ᠲᠦᠯᠬᠢᠨ ᠠᠬᠢᠭᠤᠯᠵᠤ᠂ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠵᠤᠬᠢᠴᠠᠩᠭᠤᠢ ᠪᠠᠷ ᠲᠦᠯᠬᠢᠨ ᠠᠬᠢᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠷᠢᠯᠳᠦᠴᠡ ᠶᠢᠨ ᠴᠢᠨᠠᠷᠳᠠᠢ ᠦᠬᠡᠷᠡᠴᠢᠯᠡᠯᠳᠡ ᠪᠠᠷ ᠭᠤᠤᠯ ᠱᠤᠭᠤᠮ ᠪᠤᠯᠭᠠᠨ᠂ ᠨᠡᠮᠡᠭᠳᠡᠯ ᠢ ᠲᠤᠭᠳᠠᠪᠤᠷᠢᠵᠢᠭᠤᠯᠵᠤ᠂ ᠦᠬᠡᠷᠡᠴᠢᠯᠡᠯᠳᠡ ᠶᠢ ᠠᠬᠢᠭᠤᠯᠤᠨ᠂ ᠪᠦᠷᠢᠯᠳᠦᠴᠡ ᠶᠢ ᠲᠤᠬᠢᠷᠠᠭᠤᠯᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠤᠨ᠂ ᠲᠦᠭᠰᠢᠬᠦᠷᠢ ᠶᠢ ᠰᠡᠷᠭᠡᠶᠢᠯᠡᠵᠦ᠂ ᠬᠦᠳᠡᠭᠡ ᠲᠤᠰᠬᠤᠨ ᠤ  ᠬᠦᠭᠵᠢᠯ ᠮᠠᠨᠳᠤᠯ ᠤᠨ ᠪᠠᠶᠢᠯᠳᠤᠬᠤ ᠪᠤᠳᠤᠯᠭ᠎ᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠤᠨᠢᠨ ᠲᠡᠭᠡᠷ᠎ᠡ ᠨᠢ ᠶᠠᠳᠠᠭᠤ ᠠᠴᠠ ᠠᠩᠬᠢᠵᠢᠷᠠᠭᠤᠯᠬᠤ ᠪᠠᠷ ᠭᠤᠤᠯᠳᠠᠯᠭ᠎ᠠ ᠪᠤᠯᠭᠠᠨ ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠨ ᠬᠢᠵᠦ᠂ ᠦᠨᠳᠦᠷ ᠴᠢᠨᠠᠷ ᠴᠢᠨᠰᠠᠭ᠎ᠠ ᠲᠠᠢ  ᠬᠦᠭᠵᠢᠯᠳᠡ ᠶᠢᠨ ᠱᠠᠭᠠᠷᠳᠠᠯᠭ᠎ᠠ ᠶᠢ ᠪᠦᠬᠦ ᠲᠠᠯᠠᠪᠠᠷ ᠨᠠᠶᠢᠳᠠᠪᠤᠷᠢᠵᠢᠭᠤᠯᠤᠨ᠂ ᠪᠤᠬᠢᠷᠳᠤᠯ ᠦᠬᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠤ ᠭᠠᠷᠭᠠᠯᠳᠠ ᠶᠢᠨ ᠰᠠᠭᠤᠷᠢᠨ ᠭᠠᠵᠠᠷ  ᠂  ᠵᠠᠭᠤᠨ ᠲᠦᠮᠡᠨ ᠺᠢᠯᠤᠸᠠᠲ ᠤᠨ ᠰᠢᠨ᠎ᠡ ᠡᠨᠧᠷᠬᠢ ᠶᠢᠨ ᠠᠵᠤ ᠦᠢᠯᠡᠰ ᠤᠨ ᠰᠠᠭᠤᠷᠢᠨ ᠭᠠᠵᠠᠷ᠂  ᠤᠷᠤᠨ ᠪᠦᠰᠡ ᠶᠢᠨ ᠠᠷᠠᠯᠵᠢᠶ᠎ᠠ  ᠬᠦᠢᠯᠭᠡᠭᠡᠨ ᠤ ᠲᠦᠪ᠂ ᠤᠷᠤᠨ ᠪᠦᠰᠡ ᠶᠢᠨ ᠬᠦᠩᠬᠡᠨ ᠠᠵᠤ ᠦᠢᠯᠡᠳᠪᠦᠷᠢ  ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠰ ᠤᠨ ᠲᠦᠪ᠂  ᠪᠡᠭᠡᠵᠢᠩ ᠲᠢᠶᠠᠨᠵᠢᠨ ᠾᠧᠪᠸᠢ  ᠶᠢᠨ ᠲᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠤᠯᠭᠠᠯᠳᠠ ᠶᠢᠨ ᠰᠠᠭᠤᠷᠢᠨ ᠭᠠᠵᠠᠷ᠂  ᠲᠠᠯ᠎ᠠ ᠨᠤᠳᠤᠭ ᠤᠨ ᠠᠮᠢ ᠠᠬᠤᠢ ᠶᠢᠨ ᠰᠡᠯᠡᠬᠦᠯ ᠵᠢᠭᠤᠯᠴᠢᠯᠠᠯ ᠤᠨ ᠰᠠᠭᠤᠷᠢᠨ ᠭᠠᠵᠠᠷ ᠢ ᠲᠦᠷᠭᠡᠨ ᠪᠠᠶᠢᠭᠤᠯᠵᠤ᠂ ᠪᠠᠶᠠᠨ ᠬᠦᠴᠦᠷᠭᠡᠭ᠂ ᠪᠤᠯᠪᠠᠰᠤᠨ᠂ ᠡᠶ᠎ᠡ ᠵᠤᠬᠢᠴᠠᠯ ᠲᠠᠢ᠂ ᠦᠵᠡᠰᠬᠦᠯᠡᠩᠳᠦ ᠰᠠᠶᠢᠬᠠᠨ ᠲᠠᠶᠢᠹᠤᠰᠧ ᠬᠤᠰᠢᠭᠤ ᠶᠢ ᠪᠦᠳᠦᠬᠡᠨ ᠪᠠᠶᠢᠭᠤᠯᠬᠤ  ᠪᠠᠷ ᠴᠢᠷᠮᠠᠶᠢᠨ᠎ᠠ᠃        ᠭᠤᠤᠯ ᠪᠤᠯᠬᠤ ᠤᠷᠢᠳᠴᠢᠯᠠᠭᠰᠠᠨ ᠬᠠᠷᠠᠯᠳᠠ ᠪᠤᠯ᠄  ︽ᠠᠷᠪᠠᠨ ᠭᠤᠷᠪᠠᠳᠤᠭᠠᠷ ᠲᠠᠪᠤᠨ ᠵᠢᠯ︾ ᠤᠨ ᠤᠷᠢᠳᠴᠢᠯᠠᠭᠰᠠᠨ ᠬᠠᠷᠠᠯᠳᠠ ᠶᠢ ᠪᠦᠬᠦ ᠲᠠᠯᠠᠪᠠᠷ  ᠪᠡᠶᠡᠯᠡᠬᠦᠯᠦᠭᠰᠡᠨ ᠰᠠᠭᠤᠷᠢᠨ ᠲᠡᠭᠡᠷ᠎ᠡ᠂ 2022 ᠤᠨ ᠬᠦᠷᠳᠡᠯ᠎ᠡ ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠢ ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ   ᠢ 8.5% ᠪᠠᠷ  ᠂  ᠨᠡᠶᠢᠳᠡ ᠶᠢᠨ ᠡᠳ᠋ ᠤᠨ  ᠵᠠᠰᠠᠭ ᠤᠨ ᠲᠦᠰᠦᠪ ᠤᠨ ᠤᠷᠤᠯᠭ᠎ᠠ ᠶᠢ  12 % ᠪᠠᠷ  ᠂ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ 8.5 % ᠪᠠᠷ  ᠂    ᠨᠡᠶᠢᠬᠡᠮ ᠤᠨ ᠭᠡᠷᠡᠭᠯᠡᠭᠡᠨ ᠤ ᠪᠤᠳᠠᠰ ᠤᠨ ᠵᠢᠵᠢᠭᠯᠡᠨ ᠪᠤᠷᠤᠯᠠᠭᠤᠯᠬᠤ  ᠶᠡᠷᠦᠩᠬᠡᠢ ᠬᠡᠮᠵᠢᠶ᠎ᠡ ᠶᠢ 8 % ᠪᠠᠷ  ᠂  ᠬᠤᠳᠠ ᠬᠦᠳᠡᠭᠡ  ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠲᠤᠮᠳᠠᠴᠢ ᠲᠤᠬᠢᠷᠠᠭᠤᠯᠵᠤ ᠪᠤᠯᠬᠤᠶᠢᠴᠠ ᠤᠷᠤᠯᠭ᠎ᠠ ᠶᠢ  ᠲᠤᠰᠪᠤᠷᠢ 8 % ᠪᠠ 8.5 % ᠪᠠᠷ ᠨᠡᠮᠡᠭᠳᠡᠬᠦᠯᠦᠨ᠎ᠠ  ᠃ ᠡᠳ᠋ ᠤᠨ ᠵᠠᠰᠠᠭ ᠤᠨ ᠤᠷᠤᠯᠭ᠎ᠠ ᠶᠢ ᠭᠤᠷᠪᠠᠨ ᠵᠢᠯ ᠳᠤ ᠭᠤᠷᠪᠠ ᠲᠠᠬᠢᠨ ᠢᠶᠠᠷ ᠨᠡᠮᠡᠭᠳᠡᠬᠦᠯᠵᠦ᠂ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ ᠲᠠᠪᠤᠨ ᠵᠢᠯ ᠳᠤ ᠬᠤᠶᠠᠷ ᠲᠠᠬᠢᠨ ᠢᠶᠠᠷ ᠨᠡᠮᠡᠭᠳᠡᠬᠦᠯᠦᠨ᠂ 2022 ᠤᠨ ᠳᠤ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢ ᠪᠦᠬᠦ ᠤᠷᠤᠨ ᠤ ᠲᠡᠭᠰᠢᠳᠭᠡᠭᠰᠡᠨ ᠲᠦᠪᠰᠢᠨ ᠠᠴᠠ ᠲᠠᠪᠠᠭᠤᠯᠤᠨ᠎ᠠ᠃       ︵ᠨᠢᠬᠡ  ︶  ᠬᠠᠩᠭᠠᠯᠭ᠎ᠠ ᠶᠢᠨ ᠲᠠᠯ᠎ᠠ ᠶᠢᠨ ᠪᠦᠷᠢᠯᠳᠦᠴᠡ ᠶᠢᠨ ᠴᠢᠨᠠᠷᠳᠠᠢ ᠦᠬᠡᠷᠡᠴᠢᠯᠡᠯᠳᠡ ᠪᠠᠷ  ᠭᠤᠤᠯ ᠱᠤᠭᠤᠮ ᠪᠤᠯᠭᠠᠨ᠂  ᠠᠵᠤ ᠦᠢᠯᠡᠰ ᠤᠨ ᠬᠡᠯᠪᠡᠷᠢ   ᠶᠢ ᠬᠤᠪᠢᠷᠠᠭᠤᠯᠵᠤ ᠲᠡᠰ ᠲᠡᠪᠰᠢᠬᠦᠯᠬᠦ ᠶᠢ ᠲᠦᠷᠭᠡᠳᠭᠡᠨ ᠠᠬᠢᠭᠤᠯᠤᠨ᠎ᠠ᠃  ︽ ᠮᠢᠬ᠎ᠠ᠂ ᠠᠷᠢᠬᠢ᠂ ᠲᠤᠰᠤ᠂  ᠦᠨᠳᠡᠭᠡ᠂ ᠨᠤᠭᠤᠭ᠎ᠠ᠂ ᠡᠮ᠂ ᠵᠤᠭᠠᠴᠠᠯ︾   ᠲᠤᠯᠤᠭᠠᠨ ᠶᠡᠭᠡ ᠭᠤᠤᠯᠯᠠᠬᠤ ᠠᠵᠤ ᠦᠢᠯᠡᠰ ᠢ ᠬᠦᠴᠦᠷᠭᠡᠭᠵᠢᠬᠦᠯᠦᠨ ᠪᠤᠵᠠᠭᠠᠶᠢᠷᠠᠭᠤᠯᠵᠤ᠂ ᠨᠢᠬᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠬᠦᠨᠵᠡᠭᠡᠢ ᠠᠭᠤᠰᠤᠯᠴᠠᠯ ᠢ ᠲᠦᠯᠬᠢᠨ ᠠᠬᠢᠭᠤᠯᠵᠤ᠂ ᠠᠵᠤ ᠠᠬᠤᠢ ᠶᠢᠨ ᠬᠦᠭᠵᠢᠯᠳᠡ ᠶᠢᠨ ᠰᠢᠨ᠎ᠡ ᠬᠦᠳᠡᠯᠭᠡᠭᠡᠨ ᠤ ᠡᠨᠧᠷᠬᠢ ᠶᠢ ᠪᠤᠵᠢᠭᠤᠯᠬᠤ ᠭᠡᠷᠡᠭᠳᠡᠢ᠃ ᠶᠠᠰᠤ ᠴᠢᠨᠠᠷ ᠢᠶᠠᠷ ᠲᠠᠷᠢᠶᠠᠯᠠᠩ ᠢ ᠬᠦᠭᠵᠢᠬᠦᠯᠵᠦ᠂ ᠪᠤᠬᠢᠷᠳᠤᠯ ᠦᠬᠡᠢ ᠠᠷᠭ᠎ᠠ ᠪᠠᠷ ᠲᠠᠷᠢᠶᠠᠯᠠᠩ ᠢ ᠬᠦᠭᠵᠢᠬᠦᠯᠬᠦ ᠶᠢ ᠪᠠᠷᠢᠮᠳᠠᠯᠠᠨ᠂ ᠭᠠᠷᠤᠯᠳᠠ ᠨᠡᠮᠡᠭᠳᠡᠬᠦᠯᠬᠦ ᠴᠢᠭᠯᠡᠯ ᠢ ᠴᠢᠨᠠᠷ ᠰᠠᠶᠢᠵᠢᠷᠠᠭᠤᠯᠬᠤ ᠴᠢᠭᠯᠡᠯ ᠲᠡᠰᠢ ᠬᠦᠳᠦᠯᠵᠦ᠂  ᠲᠠᠷᠢᠶᠠᠯᠠᠩ ᠮᠠᠯ ᠠᠵᠤ ᠠᠬᠤᠢ ᠶᠢᠨ ᠪᠦᠷᠢᠯᠳᠦᠴᠡ ᠶᠢᠨ ᠲᠤᠬᠢᠷᠠᠭᠤᠯᠤᠯᠳᠠ ᠶᠢ ᠦᠷᠬᠦᠯᠵᠢᠯᠡᠨ ᠠᠬᠢᠭᠤᠯᠬᠤ ᠭᠡᠷᠡᠭᠳᠡᠢ᠃  ᠤᠳᠤ ᠪᠠᠶᠢᠭ᠎ᠠ ᠲᠠᠷᠢᠮᠠᠯ ᠤᠨ ᠵᠦᠢᠯ ᠢ ᠶᠡᠷᠦᠩᠬᠡᠢ ᠳᠤᠨᠢ ᠲᠤᠭᠳᠠᠪᠤᠷᠢᠵᠢᠭᠤᠯᠤᠭᠰᠠᠨ ᠰᠠᠭᠤᠷᠢᠨ ᠲᠡᠭᠡᠷ᠎ᠡ᠂ ︽ᠲᠦᠮᠦᠰᠦ ᠶᠢ ᠪᠠᠭᠠᠰᠬᠠᠵᠤ᠂ ᠨᠤᠭᠤᠭ᠎ᠠ  ᠂ ᠡᠮ᠂ ᠡᠪᠡᠰᠦ ᠶᠢ ᠨᠡᠮᠡᠭᠳᠡᠬᠦᠯᠬᠦ︾ ᠰᠡᠳᠬᠢᠴᠡ ᠶᠤᠰᠤᠭᠠᠷ᠂ ᠤᠰᠤ ᠠᠷᠪᠢᠯᠠᠬᠤ ᠲᠠᠷᠢᠶᠠᠯᠠᠩ ᠪᠠ ᠡᠬᠡᠯᠵᠢᠯᠡᠨ ᠲᠠᠷᠢᠬᠤ ᠠᠷᠭ᠎ᠠ ᠶᠢ ᠬᠦᠴᠦᠯᠡᠨ ᠲᠡᠯᠬᠡᠷᠡᠬᠦᠯᠵᠦ᠂  ᠡᠪᠡᠰᠦᠨ ᠡᠮ᠂ ᠰᠢᠬᠢᠷ ᠯᠤᠤᠪᠠᠩ᠂  ᠤᠯᠠᠭᠠᠨ ᠪᠤᠭᠤᠳᠠᠢ  ᠵᠡᠷᠭᠡ ᠤᠨᠴᠠᠯᠢᠭᠳᠤ ᠠᠵᠤ ᠠᠬᠤᠢ ᠶᠢᠨ ᠲᠠᠷᠢᠮᠠᠯ ᠤᠨ ᠲᠠᠯᠠᠪᠠᠢ ᠶᠢ ᠦᠷᠭᠡᠳᠭᠡᠨ᠎ᠡ᠃ ᠲᠠᠷᠢᠶᠠᠯᠠᠭ᠎ᠠ ᠶᠢ ᠵᠤᠭᠰᠤᠭᠠᠵᠤ ᠠᠮᠢ ᠠᠬᠤᠢ ᠶᠢ ᠰᠡᠷᠬᠦᠬᠡᠬᠦ ᠵᠡᠷᠭᠡ ᠭᠠᠵᠠᠷ ᠰᠢᠷᠤᠢ ᠶᠢᠨ ᠡᠬᠢ ᠪᠠᠶᠠᠯᠢᠭ ᠢ ᠪᠦᠳᠦᠮᠵᠢᠳᠡᠢ ᠠᠰᠢᠭᠯᠠᠨ᠂ ᠬᠤᠨᠴᠢᠷ ᠵᠡᠷᠭᠡ ᠡᠮ ᠤᠨ ᠮᠠᠲ᠋ᠧᠷᠢᠶᠠᠯ ᠲᠠᠷᠢᠬᠤ ᠰᠠᠭᠤᠷᠢᠨ ᠭᠠᠵᠠᠷ ᠢ ᠪᠠᠶᠢᠭᠤᠯᠤᠨ᠎ᠠ᠃ ᠰᠠᠶᠢᠨ ᠡᠬᠦᠯᠳᠡᠷ ᠤᠨ ᠮᠢᠬᠠᠨ  ᠤ ᠦᠬᠡᠷ᠂ ᠴᠠᠬᠠᠷ ᠬᠤᠨᠢ ᠵᠡᠷᠭᠡ ᠤᠨᠴᠠᠯᠢᠭᠳᠤ  ᠮᠠᠯᠵᠢᠯ ᠤᠨ ᠦᠢᠯᠡᠰ ᠢ ᠪᠦᠬᠦ ᠲᠠᠯᠠᠪᠠᠷ ᠲᠡᠯᠭᠡᠷᠡᠬᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠲᠦᠬᠦᠭᠡᠷᠦᠵᠢᠭᠰᠡᠨ᠂ ᠪᠠᠷᠢᠮᠵᠢᠶᠠᠵᠢᠭᠰᠠᠨ᠂ ᠭᠡᠪᠴᠢᠶᠡᠵᠢᠭᠰᠡᠨ ᠦᠢᠯᠡᠳᠪᠦᠷᠢᠯᠡᠯ  ᠢ ᠲᠦᠯᠬᠢᠨ ᠠᠬᠢᠭᠤᠯᠵᠤ᠂ ᠤᠶᠢᠷ᠎ᠠ ᠬᠠᠪᠢ ᠪᠠᠨ ᠲᠠᠶᠢᠴᠢᠯᠠᠭᠰᠠᠨ᠂ ᠪᠦᠬᠦ ᠤᠯᠤᠰ ᠲᠤ ᠬᠠᠨᠳᠤᠭᠰᠠᠨ ᠪᠤᠬᠢᠷᠳᠤᠯ ᠦᠬᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠤ ᠦᠢᠯᠡᠳᠪᠦᠷᠢᠯᠡᠯ ᠪᠠ ᠭᠠᠷᠭᠠᠯᠳᠠ ᠶᠢᠨ ᠰᠠᠭᠤᠷᠢᠨ ᠭᠠᠵᠠᠷ ᠢ ᠪᠦᠳᠦᠭᠡᠨ ᠪᠠᠶᠢᠭᠤᠯᠤᠨ᠎ᠠ᠃  ᠮᠠᠯ ᠤᠨ ᠬᠢᠵᠢᠭ ᠭᠡᠮ ᠰᠡᠷᠭᠡᠶᠢᠯᠡᠬᠦ ᠠᠵᠢᠯ ᠢ ᠴᠢᠩᠭᠠᠳᠬᠠᠵᠤ᠂ ᠠᠳᠤᠭᠤᠨ ᠤ ᠲᠦᠷᠦᠯ ᠤᠨ ᠬᠢᠵᠢᠭ ᠭᠡᠮ ᠦᠬᠡᠢ ᠤᠷᠤᠨ ᠢ ᠪᠦᠳᠦᠭᠡᠨ ᠪᠠᠶᠢᠭᠤᠯᠤᠨ᠎ᠠ᠃ ᠠᠵᠤ ᠦᠢᠯᠡᠳᠪᠦᠷᠢ ᠶᠢᠨ ᠠᠵᠤ ᠠᠬᠤᠢ ᠶᠢᠨ ᠭᠡᠯᠪᠡᠷᠢ ᠶᠢ ᠬᠤᠪᠢᠷᠠᠭᠤᠯᠵᠤ ᠲᠡᠰ ᠲᠡᠪᠰᠢᠬᠦᠯᠬᠦ ᠶᠢ ᠲᠦᠷᠭᠡᠳᠭᠡᠨ ᠠᠬᠢᠭᠤᠯᠵᠤ᠂ ᠤᠯᠠᠨ ᠡᠰᠢᠴᠢᠯᠡᠭᠰᠡᠨ ᠬᠦᠭᠵᠢᠯᠳᠡ ᠶᠢᠨ ᠵᠠᠮ ᠪᠠ ᠴᠢᠨᠠᠷ ᠢ ᠰᠠᠶᠢᠵᠢᠷᠠᠭᠤᠯᠵᠤ ᠠᠰᠢᠭ ᠢ ᠨᠡᠮᠡᠭᠳᠡᠬᠦᠯᠬᠦ ᠵᠠᠮ ᠢᠶᠠᠷ ᠵᠠᠮᠨᠠᠬᠤ ᠭᠡᠷᠡᠭᠳᠡᠢ᠃  ᠲᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠤᠷᠤᠨ ᠲᠤᠭᠤᠷᠢᠭ ᠳᠤ ᠲᠦᠰᠢᠭᠯᠡᠵᠦ᠂  ᠮᠠᠰᠢᠨ  ᠲᠤᠨᠤᠭᠯᠠᠯ ᠦᠢᠯᠡᠳᠬᠦ᠂ ᠲᠡᠭᠡᠳᠦ ᠰᠢᠨ᠎ᠡ ᠮᠡᠷᠭᠡᠵᠢᠯ ᠬᠢᠭᠡᠳ ᠬᠦᠩᠬᠡᠨ ᠠᠵᠤ ᠦᠢᠯᠡᠳᠪᠦᠷᠢ᠂ ᠪᠠᠷᠢᠯᠭ᠎ᠠ ᠶᠢᠨ ᠮᠠᠲ᠋ᠧᠷᠢᠶᠠᠯ ᠤᠨ ᠠᠵᠢᠯ ᠲᠦᠷᠦᠯ ᠢᠶᠠᠷ ᠭᠤᠤᠯᠳᠠᠯᠭ᠎ᠠ ᠪᠤᠯᠭᠠᠨ᠂ ᠪᠡᠭᠡᠵᠢᠩ ᠲᠢᠶᠠᠨᠵᠢᠨ ᠾᠧᠪᠸᠢ ᠶᠢᠨ ᠠᠵᠤ ᠦᠢᠯᠡᠰ  ᠤᠨ ᠰᠢᠯᠵᠢᠯᠳᠡ ᠲᠠᠢ ᠦᠨᠳᠦᠷ ᠪᠠᠷᠢᠮᠵᠢᠶ᠎ᠠ ᠪᠠᠷ  ᠵᠤᠯᠭᠠᠭᠤᠯᠬᠤ ᠭᠡᠷᠡᠭᠳᠡᠢ᠃ ᠦᠨᠳᠦᠰᠦᠳᠡᠨ ᠤ ᠤᠯᠠᠮᠵᠢᠯᠠᠯᠳᠤ ᠰᠤᠶᠤᠯ ᠢ ᠵᠠᠯᠭᠠᠮᠵᠢᠯᠠᠬᠤ ᠪᠠ ᠢᠯᠡᠷᠡᠬᠦᠯᠵᠦ᠂ ᠵᠤᠭᠠᠴᠠᠯ ᠤᠨ ᠦᠢᠯᠡᠰ ᠤᠨ ᠬᠦᠭᠵᠢᠯᠳᠡ ᠶᠢ ᠠᠬᠢᠭᠤᠯᠤᠨ᠂ ᠪᠦᠬᠦ ᠤᠷᠤᠨ ᠪᠦᠰᠡ ᠶᠢᠨ ᠵᠤᠭᠠᠴᠠᠯ ᠢ ᠬᠦᠭᠵᠢᠬᠦᠯᠵᠦ᠂ ᠲᠠᠯ᠎ᠠ ᠨᠤᠳᠤᠭ ᠤᠨ ᠠᠮᠢ ᠠᠬᠤᠢ ᠶᠢᠨ ᠰᠡᠯᠡᠬᠦᠴᠡᠯ ᠵᠤᠭᠠᠴᠠᠯ  ᠤᠨ ᠰᠠᠭᠤᠷᠢᠨ ᠭᠠᠵᠠᠷ ᠢ ᠪᠦᠬᠦ  ᠬᠦᠴᠦᠨ ᠢᠶᠠᠷ ᠡᠬᠦᠳᠦᠨ ᠪᠠᠶᠢᠭᠤᠯᠬᠤ ᠭᠡᠷᠡᠭᠳᠡᠢ᠃  ᠠᠷᠠᠯᠵᠢᠶ᠎ᠠ ᠬᠦᠢᠯᠬᠡᠬᠡᠨ ᠤ ᠤᠷᠤᠨ ᠲᠤᠭᠤᠷᠢᠭ ᠤᠨ ᠪᠦᠳᠦᠬᠡᠨ ᠪᠠᠶᠢᠭᠤᠯᠤᠯᠳᠠ ᠶᠢ ᠲᠦᠷᠭᠡᠳᠭᠡᠵᠦ᠂  ᠤᠳᠤ ᠦᠶ᠎ᠡ ᠶᠢᠨ ᠬᠦᠢᠯᠬᠡᠬᠡᠨ ᠤ ᠰᠢᠰᠲ᠋ᠧᠮᠵᠢ   ᠶᠢᠨ ᠬᠦᠭᠵᠢᠯᠳᠡ ᠶᠢ ᠠᠬᠢᠭᠤᠯᠤᠨ᠂ ᠲᠠᠯ᠎ᠠ ᠨᠤᠳᠤᠭ ᠢᠶᠠᠷ ᠠᠷᠤ ᠲᠦᠰᠢᠭ ᠪᠤᠯᠭᠠᠵᠤ᠂ ᠲᠤᠳᠤᠷ᠎ᠠ ᠭᠠᠵᠠᠷ ᠳᠤ ᠬᠠᠨᠳᠤᠭᠰᠠᠨ ᠰᠢᠯᠢ ᠶᠢᠨ ᠭᠤᠤᠯ ᠠᠶᠢᠮᠠᠭ ᠤᠨ ᠡᠮᠦᠨ᠎ᠡ ᠭᠡᠰᠡᠭ ᠤᠨ ᠬᠦᠢᠯᠬᠡᠬᠡᠨ ᠤ ᠲᠤᠬᠢᠷᠠᠭᠤᠯᠤᠨ ᠬᠦᠷᠭᠡᠬᠦ ᠲᠦᠪ ᠵᠦᠬᠡᠬᠡᠪᠦᠷᠢ ᠶᠢᠨ ᠬᠠᠮᠢᠶᠠᠷᠤᠯᠳᠠ ᠶᠢᠨ ᠲᠦᠪ ᠬᠢᠭᠡᠳ ᠬᠦᠢᠯᠬᠡᠬᠡᠨ ᠤ ᠮᠡᠳᠡᠭᠡ ᠵᠠᠩᠬᠢ ᠶᠢᠨ ᠲᠦᠪ ᠢ ᠡᠬᠦᠳᠦᠨ ᠪᠠᠶᠢᠭᠤᠯᠤᠨ᠎ᠠ᠃       ︵ᠬᠤᠶᠠᠷ︶ ᠦᠢᠯᠡᠳᠦᠯᠬᠡ ᠪᠠ ᠲᠡᠦᠬᠡ ᠶᠢᠨ ᠰᠢᠯᠭᠠᠯᠳᠠ ᠶᠢ ᠲᠠᠭᠠᠭᠠᠵᠤ ᠭᠠᠷᠬᠤ ᠪᠠᠷ ᠪᠠᠷᠢᠮᠵᠢᠶ᠎ᠠ ᠪᠤᠯᠭᠠᠨ᠂ ᠶᠠᠳᠠᠭᠤ ᠶᠢᠨ ᠮᠠᠯᠠᠭᠠᠢ ᠪᠠᠨ ᠠᠪᠴᠤ ᠬᠠᠶᠠᠬᠤ ᠬᠠᠷᠠᠯᠳᠠ ᠶᠢ ᠲᠤᠭᠳᠠᠭᠰᠠᠨ ᠬᠤᠭᠤᠴᠠᠭᠠᠨ ᠳᠤ ᠪᠡᠶᠡᠯᠡᠬᠦᠯᠦᠨ᠎ᠡ᠃  ᠶᠠᠳᠠᠭᠤ ᠬᠦᠴᠢᠷᠳᠡᠢ ᠬᠦᠮᠦᠨ ᠠᠮᠠ ᠪᠠ ᠶᠠᠳᠠᠭᠤ ᠬᠦᠴᠢᠷᠳᠡᠢ ᠭᠠᠵᠠᠷ ᠤᠷᠤᠨ ᠢ ᠪᠦᠬᠦ ᠤᠯᠤᠰ ᠯᠤᠭ᠎ᠠ ᠠᠯᠬᠤᠭ᠎ᠠ ᠨᠢᠬᠡᠳᠡᠢ ᠪᠠᠷ  ᠴᠢᠨᠡᠭᠡᠯᠢᠭ ᠨᠡᠶᠢᠬᠡᠮ ᠳᠤ ᠤᠷᠤᠭᠤᠯᠬᠤ ᠪᠤᠯ ᠮᠠᠨ ᠤ ᠨᠠᠮ ᠤᠨ ᠲᠦᠪ ᠴᠢᠩᠭ᠎ᠠ ᠠᠮᠠᠯᠠᠯᠳᠠ  ᠂ ᠮᠦᠨᠴᠤ ᠲᠤᠰ ᠬᠤᠭᠤᠴᠠᠭᠠᠨ ᠤ ᠵᠠᠰᠠᠭ ᠤᠨ ᠤᠷᠳᠤᠨ ᠤ ᠬᠤᠶᠢᠰᠢᠳᠠ ᠶᠢᠨ ᠲᠠᠪᠤᠨ ᠵᠢᠯ ᠤᠨ ᠲᠡᠷᠢᠬᠦᠨ ᠴᠢᠥᠬᠤᠯᠠ ᠤᠯᠤᠰ ᠲᠦᠷᠦ ᠶᠢᠨ ᠡᠬᠦᠷᠭᠡ ᠪᠤᠯᠤᠨ᠎ᠠ᠃ ᠪᠢᠳᠡ ᠡᠷᠭᠡᠪᠰᠢ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠤᠯᠤᠰ ᠲᠦᠷᠦ ᠶᠢᠨ ᠡᠬᠦᠷᠭᠡ ᠶᠢ ᠦᠨᠡᠨ ᠰᠡᠳᠬᠢᠯ ᠢᠶᠠᠷ ᠢᠶᠠᠨ ᠮᠦᠷᠦᠯᠡᠨ ᠠᠪᠴᠤ᠂  ᠤᠨᠢᠨ ᠲᠡᠭᠡᠷ᠎ᠡ  ᠨᠢ ᠶᠠᠳᠠᠭᠤ ᠶᠢ ᠳᠡᠳᠬᠦᠬᠦ᠂ ᠤᠨᠢᠨ ᠲᠡᠭᠡᠷ᠎ᠡ ᠨᠢ ᠶᠠᠳᠠᠭᠤ ᠠᠴᠠ ᠠᠩᠬᠢᠵᠢᠷᠠᠭᠤᠯᠬᠤ ᠦᠨᠳᠦᠰᠦᠨ ᠪᠤᠳᠤᠯᠭ᠎ᠠ ᠶᠢ ᠨᠢᠮᠪᠠᠢ ᠨᠠᠶᠢᠳᠠᠪᠤᠷᠢᠵᠢᠭᠤᠯᠤᠨ᠂ ᠪᠠᠷᠢᠮᠵᠢᠶ᠎ᠠ ᠶᠢ ᠲᠤᠷᠤᠭᠰᠢᠯᠠᠭᠤᠯᠬᠤ ᠦᠬᠡᠢ ᠮᠦᠷᠳᠡᠭᠡᠨ ᠶᠡᠭᠡ ᠶᠢ ᠰᠠᠨᠠᠬᠤ ᠦᠬᠡᠢ ᠪᠠᠶᠢᠵᠤ᠂  ᠪᠦᠬᠦ ᠬᠤᠰᠢᠭᠤᠨ ᠤ ᠬᠦᠴᠦᠨ ᠢ ᠲᠦᠪᠯᠡᠷᠡᠬᠦᠯᠦᠨ ᠤᠨᠴᠠᠯᠢᠭᠳᠤ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠵᠠᠮ ᠢᠶᠠᠷ ᠵᠠᠮᠨᠠᠨ᠂ ᠶᠠᠳᠠᠭᠤ ᠶᠢ ᠳᠡᠳᠬᠦᠬᠦ ᠨᠢᠭᠤᠷᠯᠠᠯ ᠤᠨ ︽ᠬᠤᠶᠠᠷ ᠲᠤ ᠦᠯᠦ ᠵᠤᠪᠠᠭ᠋ᠤ᠂ ᠭᠤᠷᠪᠠ ᠶᠢ ᠵᠠᠪᠠᠯ ᠪᠠᠳᠤᠯᠠᠬᠤ︾ ᠬᠠᠷᠠᠯᠳᠠ ᠶᠢ ᠲᠤᠭᠳᠠᠭᠤᠨ ᠢᠶᠠᠷ  ᠪᠡᠶᠡᠯᠡᠬᠦᠯᠬᠦ ᠭᠡᠷᠡᠭᠳᠡᠢ᠃ ᠶᠠᠳᠠᠭᠤ ᠶᠢ ᠳᠡᠳᠬᠦᠬᠦ ᠶᠢ  ᠤᠷᠮ᠎ᠠ ᠵᠤᠷᠢᠭ ᠢ ᠲᠡᠳᠬᠦᠬᠦ᠂ ᠤᠢ ᠪᠢᠯᠢᠭ ᠢ ᠲᠡᠳᠬᠦᠬᠦ ᠲᠠᠢ ᠬᠠᠷᠢᠯᠴᠠᠨ ᠤᠶᠠᠯᠳᠤᠭᠤᠯᠵᠤ᠂ ᠲᠠᠷᠢᠶᠠᠯᠠᠩ ᠮᠠᠯ ᠠᠵᠤ ᠠᠬᠤᠢ ᠳᠤ ᠬᠤᠯᠪᠤᠭᠳᠠᠭᠰᠠᠨ ᠪᠡᠯᠡ  ᠮᠦᠩᠬᠦ ᠶᠢ ᠬᠠᠮᠳᠤᠳᠬᠠᠬᠤ ᠡᠷᠴᠢᠮ ᠢ ᠴᠢᠩᠭᠠᠷᠠᠭᠤᠯᠤᠨ᠂ ᠨᠦᠯᠦᠬᠡᠯᠡᠨ ᠲᠠᠶᠢᠴᠢᠯᠠᠬᠤ ᠪᠦᠷᠬᠦᠴᠡ ᠦᠷᠭᠡᠨ᠂ ᠬᠦᠴᠦᠨ ᠴᠢᠩᠭ᠎ᠠ ᠲᠠᠷᠢᠶᠠᠯᠠᠩ ᠮᠠᠯ ᠠᠵᠤ ᠠᠬᠤᠢ ᠶᠢᠨ ᠲᠤᠯᠤᠭᠠᠶᠢᠯᠠᠭᠴᠢ ᠠᠵᠤ ᠠᠬᠤᠶᠢᠯᠠᠯ ᠢ ᠬᠦᠴᠦ ᠲᠠᠯᠪᠢᠨ ᠪᠤᠶᠢᠵᠢᠭᠤᠯᠵᠤ᠂ ︽ᠵᠠᠬᠢᠶᠠᠯᠠᠭ᠎ᠠ ᠶᠢᠨ ᠬᠡᠯᠪᠡᠷᠢᠳᠦ︾᠂ ︽ᠨᠠᠶᠢᠳᠠᠨ ᠬᠠᠮᠢᠶᠠᠷᠬᠤ ᠬᠡᠯᠪᠡᠷᠢᠳᠦ︾ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠵᠠᠭᠪᠤᠷ ᠢ ᠲᠡᠯᠭᠡᠷᠡᠬᠦᠯᠦᠨ᠂ ᠶᠠᠳᠠᠭᠤ ᠬᠦᠴᠢᠷᠳᠡᠢ ᠬᠦᠮᠦᠨ ᠠᠮᠠ ᠶᠢᠨ  ᠤᠷᠮ᠎ᠠ ᠵᠤᠷᠢᠭ ᠢ   ᠨᠢ ᠬᠦᠪᠴᠢᠯᠡᠵᠦ᠂  ᠬᠦᠭᠵᠢᠯᠳᠡ ᠶᠢᠨ ᠴᠢᠳᠠᠪᠤᠷᠢ ᠶᠢ ᠨᠢ ᠴᠢᠯᠭᠠᠷᠠᠭᠤᠯᠬᠤ ᠭᠡᠷᠡᠭᠳᠡᠢ᠃  ᠮᠦᠩᠬᠦᠨ ᠬᠦᠢᠯᠬᠡᠬᠡ ᠪᠠᠷ ᠶᠠᠳᠠᠭᠤ ᠶᠢ ᠳᠡᠳᠬᠦᠬᠦ᠂ ᠡᠷᠡᠬᠦᠯ ᠬᠠᠮᠠᠭᠠᠯᠠᠯ ᠢᠶᠠᠷ ᠶᠠᠳᠠᠭᠤ  ᠶᠢ ᠳᠡᠳᠬᠦᠬᠦ᠂ ᠰᠤᠷᠭᠠᠨ ᠬᠦᠮᠦᠵᠢᠯ ᠢᠶᠠᠷ ᠶᠠᠳᠠᠭᠤ ᠶᠢ ᠳᠡᠳᠬᠦᠬᠦ᠂ ᠡᠯᠧᠺᠲᠷᠤᠨ ᠬᠤᠳᠠᠯᠳᠤᠭ᠎ᠠ ᠪᠠᠷ ᠶᠠᠳᠠᠭᠤ ᠶᠢ ᠳᠡᠳᠬᠦᠬᠦ᠂ ᠵᠤᠭᠠᠴᠠᠯ ᠢᠶᠠᠷ ᠶᠠᠳᠠᠭᠤ ᠶᠢ ᠳᠡᠳᠬᠦᠬᠦ ᠠᠵᠢᠯ ᠤᠨ ᠰᠢᠨ᠎ᠡ ᠶᠢ ᠡᠬᠦᠳᠴᠦ᠂ ᠠᠵᠢᠯ ᠲᠦᠷᠦᠯ ᠬᠢᠭᠡᠳ ᠨᠡᠶᠢᠬᠡᠮ ᠤᠨ ᠶᠠᠳᠠᠭᠤ ᠶᠢ ᠳᠡᠳᠬᠦᠬᠦ ᠡᠷᠴᠢᠮ ᠢ ᠴᠢᠩᠭᠠᠷᠠᠭᠤᠯᠤᠨ᠂  ᠤᠨᠳᠤᠤ ᠭᠠᠵᠠᠷ ᠲᠤ ᠨᠡᠬᠦᠯᠬᠡᠨ ᠶᠠᠳᠠᠭᠤ ᠶᠢ ᠳᠡᠳᠬᠦᠬᠦ ᠢᠨᠵᠧᠨᠧᠷᠢᠩ ᠢ ᠰᠠᠶᠢᠳᠤᠷ ᠭᠡᠷᠡᠭᠵᠢᠬᠦᠯᠵᠦ᠂ 2019 ᠤᠨ ᠪᠤᠯᠳᠠᠯ᠎ᠠ ᠭᠤᠤᠯᠳᠠᠯᠭᠠᠳᠠᠢ ᠶᠠᠳᠠᠭᠤ ᠬᠦᠴᠢᠷᠳᠡᠢ ᠭᠠᠴᠠᠭ᠎ᠠ ᠲᠤᠰᠬᠤᠨ ᠤ ᠬᠠᠮᠳᠤ ᠶᠢᠨ ᠠᠵᠤ ᠠᠬᠤᠢ ᠶᠢᠨ ᠤᠷᠤᠯᠭ᠎ᠠ ᠶᠢ ᠪᠦᠬᠦᠨ ᠢ ᠪᠠᠷᠢᠮᠵᠢᠶ᠎ᠠ ᠳᠤ ᠬᠦᠷᠭᠡᠵᠦ᠂ ᠶᠠᠳᠠᠭᠤᠷᠠᠯ ᠤᠨ ᠨᠤᠷᠮ᠎ᠠ ᠶᠢ ᠤᠯᠤᠰ ᠤᠨ ᠪᠠᠷᠢᠮᠵᠢᠶ᠎ᠠ ᠠᠴᠠ ᠲᠤᠤᠷ᠎ᠠ ᠪᠤᠯᠭᠠᠨ᠂  ᠶᠠᠳᠠᠭᠤ ᠠᠴᠠ ᠠᠩᠬᠢᠵᠢᠷᠠᠵᠤ᠂ ᠶᠠᠳᠠᠭᠤ ᠶᠢᠨ ᠮᠠᠯᠠᠭ᠎ᠠ ᠪᠠᠨ ᠠᠪᠴᠤ ᠬᠠᠶᠠᠬᠤ ᠬᠠᠷᠠᠯᠳᠠ ᠶᠢ ᠲᠤᠭᠳᠠᠭᠰᠠᠨ ᠬᠤᠭᠤᠴᠠᠭᠠᠨ ᠳᠤ ᠪᠡᠶᠡᠯᠡᠬᠦᠯᠬᠦ ᠭᠡᠷᠡᠭᠳᠡᠢ᠃      ︵ᠭᠤᠷᠪᠠ︶ ᠬᠦᠳᠡᠭᠡ ᠲᠤᠰᠬᠤᠨ ᠢ ᠬᠦᠭᠵᠢᠬᠦᠯᠬᠦ ᠪᠠᠶᠢᠯᠳᠤᠬᠤ ᠪᠤᠳᠤᠯᠭ᠎ᠠ ᠪᠠᠷ ᠠᠨᠢᠰᠤ ᠪᠤᠯᠭᠠᠨ᠂ ᠬᠤᠳᠠ ᠬᠦᠳᠡᠭᠡ ᠶᠢᠨ ᠠᠭᠤᠰᠤᠯᠴᠠᠨ ᠬᠦᠭᠵᠢᠬᠦ ᠶᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠃ ᠮᠠᠯ ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ ᠢ ᠤᠷᠢᠳᠠᠵᠤ ᠬᠦᠭᠵᠢᠬᠦᠯᠬᠦ ᠵᠠᠷᠴᠢᠮ ᠢ ᠪᠠᠷᠢᠮᠳᠠᠯᠠᠨ᠂ ᠠᠵᠤ ᠦᠢᠯᠡᠰ ᠬᠦᠭᠵᠢᠭᠰᠡᠨ᠂ ᠠᠮᠢ ᠠᠬᠤᠢ ᠰᠠᠶᠢᠵᠢᠷᠠᠭᠰᠠᠨ᠂  ᠰᠤᠷᠳᠠᠯ ᠵᠠᠩᠰᠢᠯ ᠪᠤᠯᠪᠠᠰᠤᠨ᠂ ᠵᠠᠰᠠᠯᠳᠠ ᠬᠠᠮᠢᠶᠠᠷᠤᠯᠳᠠ ᠪᠦᠳᠦᠮᠵᠢᠳᠡᠢ᠂ ᠠᠵᠤ ᠠᠮᠢᠳᠤᠷᠠᠯ ᠴᠢᠨᠡᠭᠡᠯᠢᠭ ᠪᠠᠶᠢᠬᠤ ᠶᠡᠷᠦᠩᠬᠡᠢ ᠱᠠᠭᠠᠷᠳᠠᠯᠭ᠎ᠠ ᠶᠤᠰᠤᠭᠠᠷ᠂ ᠴᠢᠳᠠᠪᠤᠷᠢᠳᠠᠨ᠂ ᠬᠦᠷᠦᠩᠬᠡ ᠪᠡᠯᠡ  ᠂ ᠮᠡᠳᠡᠭᠡ ᠵᠠᠩᠬᠢ᠂ ᠮᠡᠷᠭᠡᠵᠢᠯ ᠵᠡᠷᠭᠡ ᠴᠢᠬᠤᠯᠠ ᠵᠦᠢᠯᠡᠰ ᠢ ᠢᠳᠡᠪᠬᠢᠳᠡᠢ ᠵᠢᠯᠤᠭᠤᠳᠤᠨ ᠬᠦᠳᠡᠭᠡ ᠲᠤᠰᠬᠤᠨ ᠳᠤ ᠲᠦᠪᠯᠡᠷᠡᠬᠦᠯᠵᠦ᠂ ᠬᠤᠳᠠ ᠬᠦᠳᠡᠭᠡ ᠠᠭᠤᠰᠤᠯᠴᠠᠨ ᠬᠦᠭᠵᠢᠭᠰᠡᠨ ᠰᠢᠨ᠎ᠡ ᠬᠡᠪ ᠪᠠᠶᠢᠳᠠᠯ ᠢ ᠲᠦᠷᠭᠡᠨ ᠡᠬᠦᠳᠬᠦ ᠭᠡᠷᠡᠭᠳᠡᠢ᠃ ᠬᠦᠳᠡᠭᠡ ᠲᠤᠰᠬᠤᠨ ᠤ ᠦᠨᠳᠦᠰᠦᠨ ᠡᠵᠡᠩᠨᠡᠯᠳᠡ ᠶᠢᠨ ᠲᠦᠷᠢᠮ ᠢ ᠪᠠᠳᠤᠳᠬᠠᠬᠤ ᠪᠠ ᠲᠡᠬᠦᠯᠳᠡᠷᠵᠢᠬᠦᠯᠵᠦ᠂ ᠲᠠᠭᠠᠭᠠᠴᠢᠯᠠᠯᠳᠠ ᠶᠢᠨ ᠲᠠᠷᠢᠶᠠᠨ ᠤ ︽ᠭᠤᠷᠪᠠᠨ  ᠡᠷᠭᠡ ᠶᠢ ᠰᠠᠯᠭᠠᠬᠤ︾ ᠦᠬᠡᠷᠡᠴᠢᠯᠡᠯᠳᠡ ᠶᠢ ᠬᠦᠨᠵᠡᠭᠡᠶᠢᠷᠡᠬᠦᠯᠦᠨ᠂ ᠰᠢᠨ᠎ᠡ ᠬᠡᠯᠪᠡᠷᠢ ᠶᠢᠨ ᠡᠵᠡᠩᠨᠡᠯᠳᠡ ᠶᠢᠨ ᠭᠤᠤᠯ ᠴᠤᠭᠴᠠ ᠶᠢ ᠬᠦᠴᠦ ᠲᠠᠯᠪᠢᠨ ᠪᠤᠶᠢᠵᠢᠭᠤᠯᠵᠤ ᠂  ᠨᠢᠬᠡ ᠪᠦᠯᠦᠭ ᠦᠪᠡᠷ ᠦᠪᠡᠷ ᠤᠨ ᠤᠨᠴᠠᠯᠢᠭ ᠰᠢᠨᠵᠢ ᠲᠠᠢ ᠲᠤᠰᠬᠤᠨ ᠪᠠᠯᠭᠠᠰᠤ ᠶᠢ ᠪᠠᠶᠢᠭᠤᠯᠬᠤ ᠭᠡᠷᠡᠭᠳᠡᠢ᠃᠂ ᠭᠠᠴᠠᠭ᠎ᠠ ᠲᠤᠰᠬᠤᠨ ᠤ ᠬᠠᠮᠳᠤ ᠶᠢᠨ ᠠᠵᠤ ᠠᠬᠤᠢ ᠶᠢ ᠬᠦᠭᠵᠢᠬᠦᠯᠦᠨ ᠪᠤᠵᠠᠭᠠᠶᠢᠷᠠᠭᠤᠯᠵᠤ᠂ ︽ ᠶᠠᠳᠠᠭᠤ ᠬᠤᠭᠤᠰᠤᠨ ᠲᠤᠰᠬᠤᠨ︾ ᠤ ᠠᠰᠠᠭᠤᠳᠠᠯ ᠢ ᠰᠢᠢᠳᠪᠦᠷᠢᠯᠡᠨ᠂ ᠵᠠᠬ᠎ᠠ ᠲᠡᠯᠬᠡᠬᠦᠷ ᠤᠨ ᠠᠵᠤ ᠠᠬᠤᠢ ᠶᠢᠨ ᠱᠠᠭᠠᠷᠳᠠᠯᠭ᠎ᠠ ᠳᠤ ᠨᠡᠶᠢᠴᠡᠭᠰᠡᠨ ᠬᠠᠮᠳᠤ ᠶᠢᠨ ᠠᠵᠤ ᠠᠬᠤᠢ ᠶᠢᠨ ᠠᠵᠢᠯᠯᠠᠭᠠᠨ ᠤ ᠲᠤᠭᠳᠠᠴᠠ ᠶᠢ  ᠪᠠᠶᠢᠭᠤᠯᠬᠤ ᠭᠡᠷᠡᠭᠳᠡᠢ᠃ ᠬᠦᠳᠡᠭᠡ ᠲᠤᠰᠬᠤᠨ ᠤ ᠦᠨᠳᠦᠰᠦᠨ ᠠᠵᠢᠯ ᠢ ᠴᠢᠩᠭᠠᠳᠬᠠᠵᠤ᠂ ᠬᠦᠳᠡᠭᠡ ᠲᠤᠰᠬᠤᠨ ᠤ ᠵᠠᠰᠠᠯᠳᠠ ᠶᠢᠨ  ᠰᠢᠰᠲ᠋ᠧᠮᠵᠢ ᠶᠢ ᠲᠡᠬᠦᠯᠳᠡᠷᠵᠢᠬᠦᠯᠦᠨ᠂  ᠲᠠᠷᠢᠶᠠᠯᠠᠩ ᠢ ᠮᠡᠳᠡᠳᠡᠭ᠂ ᠲᠠᠷᠢᠶᠠᠯᠠᠬᠤ ᠤᠷᠤᠨ ᠳᠤ ᠬᠠᠶᠢᠷᠠᠳᠠᠢ᠂ ᠲᠠᠷᠢᠶᠠᠴᠢᠨ ᠠᠷᠠᠳ ᠢ ᠬᠠᠯᠠᠮᠵᠢᠯᠠᠳᠠᠭ ᠨᠢᠬᠡᠨ ᠰᠠᠯᠠᠭ᠎ᠠ ᠠᠵᠢᠯᠯᠠᠬᠤ ᠡᠩᠨᠡᠭᠡ ᠶᠢ ᠪᠠᠶᠢᠭᠤᠯᠬᠤ ᠭᠡᠷᠡᠭᠳᠡᠢ᠃ ᠠᠵᠤ ᠦᠢᠯᠡᠳᠪᠦᠷᠢ ᠪᠠᠷ ᠲᠠᠷᠢᠶᠠᠯᠠᠩ ᠢ ᠨᠦᠬᠦᠪᠦᠷᠢᠯᠡᠵᠦ᠂ ᠬᠤᠳᠠ ᠪᠠᠯᠭᠠᠰᠤ ᠪᠠᠷ ᠬᠦᠳᠡᠭᠡ ᠶᠢ ᠲᠠᠶᠢᠴᠢᠯᠠᠬᠤ ᠶᠢ ᠪᠠᠷᠢᠮᠳᠠᠯᠠᠨ᠂ ᠭᠤᠤᠯᠳᠠᠯᠭᠠᠳᠠᠢ ᠨᠡᠶᠢᠳᠡ ᠶᠢᠨ ᠦᠢᠯᠡᠴᠢᠯᠡᠬᠡᠨ ᠤ ᠲᠦᠬᠦᠭᠡᠷᠦᠮᠵᠢ ᠶᠢ ᠮᠠᠯᠵᠢᠬᠤ ᠲᠠᠷᠢᠶᠠᠯᠠᠬᠤ ᠤᠷᠤᠨ ᠵᠦᠭ ᠦᠷᠭᠡᠳᠭᠡᠵᠦ᠂ ᠮᠠᠯᠵᠢᠬᠤ ᠲᠠᠷᠢᠶᠠᠯᠠᠬᠤ ᠤᠷᠤᠨ ᠤ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ  ᠶᠢᠨ ᠲᠡᠰ ᠲᠡᠪᠰᠢᠬᠦ ᠶᠢ ᠲᠦᠯᠬᠢᠨ ᠠᠬᠢᠭᠤᠯᠬᠤ ᠭᠡᠷᠡᠭᠳᠡᠢ᠃ ᠬᠤᠳᠠ ᠶᠢᠨ ᠪᠦᠳᠦᠬᠡᠨ ᠪᠠᠶᠢᠭᠤᠯᠤᠯᠳᠠ ᠪᠠ ᠬᠠᠮᠢᠶᠠᠷᠤᠯᠳᠠ ᠶᠢ ᠵᠡᠷᠭᠡᠪᠡᠷ ᠴᠢᠬᠤᠯᠠᠴᠢᠯᠠᠵᠤ᠂ ᠰᠢᠨ᠎ᠡ ᠲᠤᠭᠤᠷᠢᠭ ᠤᠨ ᠬᠦᠭᠵᠢᠬᠦᠯᠦᠯᠳᠡ ᠪᠠ ᠬᠠᠭᠤᠴᠢᠨ ᠲᠤᠭᠤᠷᠢᠭ ᠤᠨ ᠦᠬᠡᠷᠡᠴᠢᠯᠡᠯᠳᠡ ᠶᠢ  ᠵᠡᠷᠭᠡᠳᠡ ᠶᠠᠪᠤᠭᠳᠠᠭᠤᠯᠤᠨ᠂ ᠰᠢᠨ᠎ᠡ ᠬᠠᠭᠤᠴᠢᠨ ᠲᠤᠭᠤᠷᠢᠭ ᠢ ᠬᠤᠯᠪᠤᠭᠰᠠᠨ ᠬᠤᠶᠠᠷ ᠵᠤᠷᠪᠤᠰ ᠵᠠᠮ ᠬᠢᠭᠡᠳ ᠬᠠᠭᠤᠴᠢᠨ ᠲᠤᠭᠤᠷᠢᠭ ᠤᠨ ᠬᠤᠶᠠᠷ ᠵᠤᠷᠪᠤᠰ ᠭᠤᠤᠯ ᠵᠡᠬᠡᠯᠢ ᠶᠢ ᠪᠠᠶᠢᠭᠤᠯᠵᠤ᠂ ︽ᠲᠦᠷᠪᠡᠨ ᠭᠤᠯᠳᠤ ᠵᠢᠷᠭᠤᠭᠠᠨ ᠬᠦᠨᠳᠡᠯᠡᠨ︾ ᠵᠠᠮ ᠤᠨ ᠲᠤᠤᠷ ᠢ ᠪᠤᠢ ᠪᠤᠯᠭᠠᠨ᠎ᠠ᠃ ᠬᠠᠭᠤᠴᠢᠨ ᠤᠷᠤᠨ ᠰᠠᠭᠤᠴᠠᠳᠤ ᠲᠤᠭᠤᠷᠢᠭ ᠤᠨ ᠦᠬᠡᠷᠡᠴᠢᠯᠡᠯᠳᠡ ᠶᠢᠨ ᠡᠷᠴᠢᠮ ᠢ ᠴᠢᠩᠭᠠᠷᠠᠭᠤᠯᠵᠤ᠂ ᠤᠷᠤᠨ ᠰᠠᠭᠤᠴᠠ ᠶᠢᠨ ᠨᠦᠬᠦᠴᠡᠯ ᠮᠠᠭᠤ ᠠᠰᠠᠭᠤᠳᠠᠯ ᠢ ᠲᠤᠶᠢᠯᠪᠤᠷᠢᠳᠠᠢ ᠰᠢᠢᠳᠪᠦᠷᠢᠯᠡᠬᠦ ᠭᠡᠷᠡᠭᠳᠡᠢ᠃ ᠬᠠᠭᠤᠴᠢᠨ ᠬᠤᠳᠠ ᠶᠢᠨ ᠲᠤᠭᠤᠷᠢᠭ  ᠲᠤ ᠬᠤᠳᠠᠯᠳᠤᠭᠠᠨ ᠤ ᠵᠠᠬ᠎ᠠ ᠲᠡᠯᠬᠡᠬᠦᠷ᠂ ᠰᠡᠯᠡᠬᠦᠴᠡᠯ ᠤᠨ ᠠᠭᠤᠳᠠᠮ ᠲᠠᠯᠠᠪᠠᠢ᠂ ᠲᠠᠮᠢᠷ ᠤᠨ ᠤᠷᠳᠤᠨ ᠵᠡᠷᠭᠡ ᠦᠢᠯᠡᠴᠢᠯᠡᠬᠡᠨ ᠤ ᠲᠦᠬᠦᠭᠡᠷᠦᠮᠵᠢ ᠶᠢ ᠵᠦᠢ ᠵᠤᠬᠢᠰᠳᠠᠢ ᠪᠠᠶᠢᠷᠢᠰᠢᠭᠤᠯᠤᠨ ᠪᠠᠶᠢᠭᠤᠯᠵᠤ᠂ ᠦᠷᠭᠡᠨ ᠤᠯᠠᠨ ᠰᠠᠭᠤᠭᠠᠯᠢ ᠠᠷᠠᠳ ᠲᠤ ᠦᠨᠳᠦᠷ ᠴᠢᠨᠠᠷ ᠴᠢᠨᠰᠠᠭ᠎ᠠ ᠲᠠᠢ ᠨᠡᠶᠢᠳᠡ ᠶᠢᠨ ᠦᠢᠯᠡᠴᠢᠯᠡᠭᠡ ᠬᠠᠩᠭᠠᠨ᠎ᠠ᠃ ᠬᠤᠰᠢᠭᠤᠨ ᠤ ᠭᠡᠪᠴᠢᠶᠡᠨ  ᠳᠠᠬᠢ ᠭᠤᠤᠯ ᠵᠠᠮ ᠱᠤᠭᠤᠮ ᠢ ᠦᠬᠡᠷᠡᠴᠢᠯᠡᠨ ᠲᠡᠰ ᠲᠡᠪᠰᠢᠬᠦᠯᠵᠦ᠂ ᠰᠢᠯᠢᠩᠬᠤᠳᠠ ᠠᠴᠠ ᠴᠢᠭᠤᠯᠤᠯᠳᠤ ᠬᠠᠭᠠᠯᠭ᠎ᠠ ᠬᠦᠷᠬᠦ  ᠲᠡᠮᠦᠷ ᠵᠠᠮ ᠤᠨ ᠦᠷᠳᠡᠭᠡᠨ ᠤ ᠪᠠᠶᠢᠭᠤᠯᠤᠯᠳᠠ ᠶᠢ ᠢᠳᠡᠪᠬᠢᠳᠡᠢ ᠲᠦᠯᠬᠢᠨ ᠠᠬᠢᠭᠤᠯᠵᠤ᠂ ᠨᠢᠰᠬᠡᠯ ᠤᠨ ᠲᠠᠯᠠᠪᠠᠢ  ᠵᠡᠷᠭᠡ ᠭᠤᠤᠯᠳᠠᠯᠭᠠᠳᠠᠢ ᠵᠠᠮ ᠬᠠᠷᠢᠯᠴᠠᠭᠠᠨ ᠤ ᠲᠦᠷᠦᠯ ᠵᠦᠢᠯ ᠢ ᠲᠦᠯᠦᠪᠯᠡᠨ ᠬᠢᠵᠦ᠂ ᠪᠦᠬᠦ ᠤᠷᠤᠨ ᠪᠦᠰᠡ ᠶᠢᠨ ᠲᠦᠬᠦᠮ ᠲᠦᠳᠡ ᠵᠠᠮ ᠬᠠᠷᠢᠯᠴᠠᠭᠠᠨ ᠤ ᠲᠤᠤᠷ ᠢ ᠪᠦᠷᠢᠳᠦᠬᠦᠯᠬᠦ ᠭᠡᠷᠡᠭᠳᠡᠢ᠃ ᠡᠬᠦᠨ ᠤ ᠬᠠᠮᠳᠤ᠂ ᠤᠰᠤ᠂ ᠴᠠᠬᠢᠯᠭᠠᠨ᠂ ᠴᠢᠮᠡᠭᠡ ᠬᠤᠯᠪᠤᠭ᠎ᠠ ᠵᠡᠷᠭᠡ ᠰᠠᠭᠤᠷᠢ ᠲᠦᠬᠦᠭᠡᠷᠦᠮᠵᠢ ᠶᠢᠨ ᠲᠤᠳᠠᠭᠤᠳᠠᠯ ᠢ ᠲᠦᠷᠭᠡᠨ ᠨᠦᠬᠦᠪᠦᠷᠢᠯᠡᠵᠦ᠂ ᠠᠵᠤ ᠠᠬᠤᠢ ᠨᠡᠶᠢᠬᠡᠮ ᠤᠨ ᠬᠦᠭᠵᠢᠯᠳᠡ ᠳᠤ ᠲᠤᠯᠭᠠᠭᠤᠷᠢᠯᠠᠯ ᠪᠤᠯᠭᠠᠬᠤ ᠭᠡᠷᠡᠭᠳᠡᠢ᠃       ︵ᠲᠦᠷᠪᠡ︶ ᠪᠤᠬᠢᠷᠳᠤᠯ ᠰᠡᠷᠭᠡᠶᠢᠯᠡᠬᠦ ᠪᠤᠭᠤᠮᠳᠠ ᠰᠢᠪᠳᠤᠯᠬᠤ ᠲᠠᠶᠢᠯᠠᠯᠳᠤᠭᠠᠨ ᠢᠶᠠᠷ ᠨᠢᠭᠡᠳᠦᠯᠳᠡᠢ ᠵᠢᠯᠤᠭᠤᠳᠤᠭᠤᠯᠵᠤ᠂ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠡᠷᠴᠢᠮ ᠢ ᠦᠷᠬᠦᠯᠵᠢᠯᠡᠨ ᠴᠢᠩᠭᠠᠷᠠᠭᠤᠯᠤᠨ᠎ᠠ᠃ ︽ ᠨᠤᠮᠢᠨ ᠨᠤᠭᠤᠭᠠᠨ ᠠᠭᠤᠯᠠ  ᠤᠰᠤ ᠪᠤᠯ ᠠᠯᠳᠠ ᠮᠦᠩᠬᠦᠨ ᠠᠭᠤᠯᠠ  ᠤᠰᠤ︾ ᠬᠡᠮᠡᠬᠦ ᠬᠦᠭᠵᠢᠯᠳᠡ ᠶᠢᠨ ᠤᠶᠢᠯᠠᠭᠠᠭᠳᠠᠬᠤᠨ ᠢ ᠪᠠᠳᠤᠵᠢᠭᠤᠯᠵᠤ᠂ ︽ᠠᠭᠠᠷ ᠮᠠᠨᠳᠠᠯ ᠤᠨ ᠪᠤᠬᠢᠷᠳᠤᠯ ᠢ  ᠰᠡᠷᠭᠡᠶᠢᠯᠡᠨ ᠵᠠᠰᠠᠬᠤ ᠲᠦᠯᠦᠪᠯᠡᠭᠡ︾᠂ ︽ᠤᠰᠤᠨ ᠤ ᠪᠤᠬᠢᠷᠳᠤᠯ ᠢ ᠰᠡᠷᠭᠡᠶᠢᠯᠡᠨ ᠵᠠᠰᠠᠬᠤ ᠲᠦᠯᠦᠪᠯᠡᠭᠡ︾᠂ ︽ᠭᠠᠵᠠᠷ ᠰᠢᠷᠤᠢ  ᠶᠢᠨ ᠪᠤᠬᠢᠷᠳᠤᠯ ᠢ ᠰᠡᠷᠭᠡᠶᠢᠯᠡᠨ ᠵᠠᠰᠠᠬᠤ ᠲᠦᠯᠦᠪᠯᠡᠭᠡ︾ ᠶᠢ ᠴᠢᠩᠭ᠎ᠠ ᠨᠠᠶᠢᠳᠠᠪᠤᠷᠢᠵᠢᠭᠤᠯᠤᠨ᠂ ᠤᠷᠴᠢᠨ ᠲᠤᠭᠤᠷᠢᠨ  ᠤ ᠲᠤᠪᠤᠶᠢᠮ᠎ᠠ  ᠠᠰᠠᠭᠤᠳᠠᠯ ᠢ ᠬᠦᠴᠦ ᠲᠠᠯᠪᠢᠵᠤ ᠰᠢᠢᠳᠪᠦᠷᠢᠯᠡᠬᠦ ᠭᠡᠷᠡᠭᠳᠡᠢ᠃ ᠠᠭᠠᠷ ᠮᠠᠨᠳᠠᠯ ᠤᠨ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠦᠷᠬᠦᠯᠵᠢᠯᠡᠨ ᠭᠡᠷᠡᠭᠵᠢᠬᠦᠯᠵᠦ᠂ 10T/h  ᠵᠢᠴᠢ ᠲᠡᠬᠦᠨ ᠠᠴᠠ ᠲᠤᠷᠤᠭᠰᠢ ᠬᠡᠮᠵᠢᠶ᠎ᠡ ᠲᠠᠢ ᠨᠡᠬᠦᠷᠡᠰᠦ ᠰᠢᠳᠠᠭᠠᠬᠤ ᠵᠤᠤᠬ᠎ᠠ ᠶᠢ ᠲᠤᠶᠢᠯᠪᠤᠷᠢᠳᠠᠢ ᠴᠡᠪᠡᠷᠯᠡᠵᠦ᠂ ᠠᠭᠠᠷ ᠮᠠᠨᠳᠠᠯ ᠤᠨ ᠬᠠᠮᠠᠭᠠᠯᠠᠯᠳᠠ  ᠶᠢᠨ ᠲᠠᠶᠢᠯᠠᠯᠳᠤᠭᠠᠨ ᠤ ᠢᠯᠠᠯᠳᠠ ᠶᠢ ᠤᠯᠬᠤ ᠪᠠᠷ ᠴᠢᠷᠮᠠᠶᠢᠨ᠎ᠠ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠳᠠ  ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠢ ᠭᠡᠷᠡᠭᠯᠡᠬᠦ ᠳᠤ ᠬᠢᠨᠠᠨ ᠵᠦᠪᠰᠢᠶᠡᠷᠡᠬᠦᠯᠬᠦ ᠪᠠ ᠭᠠᠶᠢᠯᠢ ᠲᠤᠰᠢᠶᠠᠬᠤ ᠠᠵᠢᠯ ᠤᠨ ᠡᠷᠴᠢᠮ ᠢ ᠴᠢᠩᠭᠠᠷᠠᠭᠤᠯᠤᠨ᠂ ︽ᠭᠤᠤᠯ ᠤᠨ ᠲᠠᠷᠤᠭ᠎ᠠ︾  ᠶᠢᠨ ᠲᠦᠷᠢᠮ ᠢ ᠪᠦᠬᠦ ᠲᠠᠯᠠᠪᠠᠷ ᠨᠠᠶᠢᠳᠠᠪᠤᠷᠢᠵᠢᠭᠤᠯᠵᠤ᠂ ᠤᠰᠤᠨ ᠤ ᠪᠤᠬᠢᠷᠳᠤᠯ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠨ᠂ ᠭᠠᠵᠠᠷ ᠲᠤᠤᠷᠠᠬᠢ ᠤᠰᠤᠨ ᠤ ᠭᠡᠳᠦ ᠭᠡᠷᠡᠭᠯᠡᠯᠳᠡ ᠶᠢᠨ ᠤᠷᠤᠨ ᠪᠠ ᠤᠰᠤ ᠰᠢᠷᠤᠢ ᠶᠢᠨ ᠤᠷᠤᠰᠬᠠᠬᠭᠳᠠᠯ ᠤᠨ ᠤᠷᠤᠨ ᠤ ᠶᠡᠷᠦᠩᠬᠡᠶᠢᠯᠡᠭᠰᠡᠨ ᠵᠠᠰᠠᠯᠳᠠ ᠶᠢ ᠲᠦᠯᠬᠢᠨ ᠠᠬᠢᠭᠤᠯᠵᠤ᠂ ᠤᠰᠤᠨ ᠤ ᠠᠮᠢ ᠠᠬᠤᠢ  ᠶᠢᠨ ᠠᠮᠤᠷ ᠲᠦᠪᠰᠢᠨ ᠢ ᠦᠨᠡᠨᠬᠦ ᠰᠠᠶᠢᠨ ᠬᠠᠮᠠᠭᠠᠯᠠᠬᠤ ᠭᠡᠷᠡᠭᠳᠡᠢ᠃ ᠭᠠᠵᠠᠷ ᠰᠢᠷᠤᠢ ᠶᠢᠨ ᠪᠤᠬᠢᠷᠳᠤᠯ ᠢ ᠡᠵᠡᠮᠳᠡᠨ ᠬᠠᠮᠢᠶᠠᠷᠬᠤ ᠪᠠ ᠰᠡᠷᠬᠦᠬᠡᠨ ᠵᠠᠰᠠᠬᠤ ᠠᠵᠢᠯ ᠢ  ᠡᠷᠴᠢᠮᠵᠢᠬᠦᠯᠵᠦ᠂ ᠲᠠᠷᠢᠶᠠᠨ ᠭᠠᠵᠠᠷ ᠤᠨ ᠪᠤᠬᠢᠷᠳᠤᠯ  ᠰᠡᠷᠭᠡᠶᠢᠯᠡᠬᠦ ᠠᠵᠢᠯ ᠢ ᠴᠢᠩᠭᠠᠳᠬᠠᠨ᠂ ᠬᠦᠳᠡᠭᠡ  ᠲᠤᠰᠬᠤᠨ ᠤ ᠤᠷᠴᠢᠨ ᠲᠤᠭᠤᠷᠢᠨ ᠤ ᠶᠠᠰᠤ ᠴᠢᠨᠠᠷ ᠤᠨ ᠦᠷᠬᠦᠯᠵᠢᠯᠡᠨ ᠰᠠᠶᠢᠵᠢᠷᠠᠬᠤ ᠶᠢ ᠪᠠᠳᠤᠯᠠᠬᠤ ᠭᠡᠷᠡᠭᠳᠡᠢ᠃ ᠬᠠᠮᠠᠭᠠᠯᠠᠯᠳᠠ ᠪᠠᠷ ᠤᠷᠢᠳᠠᠵᠤ᠂ ᠠᠶᠠᠨᠳᠠᠭᠠᠨ ᠰᠡᠷᠬᠦᠬᠡᠬᠦ ᠪᠠᠷ ᠭᠤᠤᠯ ᠪᠤᠯᠭᠠᠬᠤ ᠴᠢᠭᠯᠡᠯᠳᠡ ᠶᠢ ᠪᠠᠷᠢᠮᠳᠠᠯᠠᠵᠤ᠂ ᠴᠢᠬᠤᠯᠠ  ᠶᠡᠭᠡ ᠠᠮᠢ ᠠᠬᠤᠢ ᠶᠢᠨ ᠰᠡᠷᠬᠦᠭᠡᠨ ᠵᠠᠰᠠᠯᠳᠠ ᠪᠠ ᠪᠦᠳᠦᠬᠡᠨ ᠪᠠᠶᠢᠭᠤᠯᠤᠯᠳᠠ ᠶᠢᠨ ᠢᠨᠵᠧᠨᠧᠷᠢᠩ ᠢ ᠬᠦᠨᠵᠡᠬᠡᠢ ᠭᠡᠷᠡᠭᠵᠢᠬᠦᠯᠦᠨ᠂ ᠠᠭᠤᠯᠠ  ᠤᠰᠤ ᠮᠤᠳᠤ ᠲᠠᠷᠢᠶᠠᠨ ᠤ ᠵᠠᠰᠠᠯᠳᠠ  ᠶᠢ ᠨᠢᠬᠡᠳᠦᠯᠳᠡᠢ ᠲᠦᠯᠦᠪᠯᠡᠨ ᠬᠢᠬᠦ ᠭᠡᠷᠡᠭᠳᠡᠢ᠃ ᠲᠠᠯ᠎ᠠ ᠨᠤᠳᠤᠭ ᠤᠨ ᠬᠠᠮᠠᠭᠠᠯᠠᠯᠳᠠ ᠪᠠ ᠪᠦᠳᠦᠬᠡᠨ ᠪᠠᠶᠢᠭᠤᠯᠤᠯᠳᠠ  ᠶᠢ ᠴᠢᠩᠭᠠᠳᠬᠠᠵᠤ᠂ ᠮᠠᠯ ᠪᠡᠯᠴᠢᠭᠡᠷ ᠤᠨ ᠲᠡᠩᠴᠡᠬᠦᠷᠢ ᠶᠢᠨ ᠲᠦᠷᠢᠮ᠂ ᠪᠡᠯᠴᠢᠬᠡᠷ ᠰᠡᠷᠬᠦᠬᠡᠵᠦ ᠪᠡᠯᠴᠢᠭᠡᠷᠯᠡᠬᠦᠯᠬᠦ ᠶᠢ ᠵᠤᠭᠰᠤᠭᠠᠬᠤ ᠲᠦᠷᠢᠮ ᠬᠢᠭᠡᠳ ᠠᠮᠢ ᠠᠬᠤᠢ ᠶᠢᠨ ᠱᠠᠩᠨ᠎ᠠ ᠨᠦᠬᠦᠪᠦᠷᠢ ᠶᠢᠨ ᠲᠦᠷᠦ ᠶᠢᠨ ᠪᠤᠳᠤᠯᠭ᠎ᠠ   ᠶᠢ ᠴᠢᠩᠭ᠎ᠠ ᠨᠠᠶᠢᠳᠠᠪᠤᠷᠢᠵᠢᠭᠤᠯᠤᠨ᠂  ᠮᠤᠳᠤ ᠲᠠᠷᠢᠵᠤ ᠨᠤᠭᠤᠭᠠᠷᠠᠭᠤᠯᠬᠤ᠂ ᠨᠡᠶᠢᠳᠡ ᠶᠢᠨ ᠠᠰᠠᠷᠠᠮᠵᠢ ᠶᠢᠨ ᠤᠢ ᠰᠢᠭᠤᠢ ᠶᠢ ᠬᠠᠮᠠᠭᠠᠯᠠᠬᠤ ᠵᠡᠷᠭᠡ ᠭᠤᠤᠯᠳᠠᠯᠭᠠᠳᠠᠢ ᠤᠢ ᠰᠢᠭᠤᠢ ᠶᠢᠨ ᠠᠮᠢ ᠠᠬᠤᠢ ᠶᠢᠨ ᠢᠨᠵᠧᠨᠧᠷᠢᠩ ᠢ ᠬᠦᠨᠵᠡᠭᠡᠢ ᠭᠡᠷᠡᠭᠵᠢᠬᠦᠯᠵᠦ᠂ ᠬᠦᠮᠦᠨ ᠪᠠᠶᠢᠭᠠᠯᠢ ᠡᠶ᠎ᠡ ᠵᠤᠬᠢᠴᠠᠯ ᠲᠠᠢ ᠬᠦᠭᠵᠢᠭᠰᠡᠨ ᠰᠢᠨ᠎ᠡ ᠬᠡᠪ ᠪᠠᠶᠢᠳᠠᠯ ᠢ ᠪᠤᠢ ᠪᠤᠯᠭᠠᠬᠤ ᠭᠡᠷᠡᠭᠳᠡᠢ᠃        ︵ᠲᠠᠪᠤ︶ ᠠᠷᠠᠳ ᠲᠦᠮᠡᠨ ᠳᠤ ᠨᠡᠩ ᠠᠷᠪᠢᠨ ᠠᠰᠢᠭ ᠲᠤᠰᠠ ᠬᠦᠷᠳᠡᠭᠡᠬᠦ ᠪᠠᠷ ᠡᠬᠦᠷᠭᠡ ᠪᠤᠯᠭᠠᠵᠤ᠂ ᠠᠷᠠᠳ ᠤᠨ ᠠᠮᠢᠳᠤᠷᠠᠯ ᠢ ᠪᠦᠬᠦ  ᠬᠦᠴᠦᠨ ᠢᠶᠠᠷ ᠪᠠᠳᠤᠯᠠᠬᠤ ᠶᠢᠨ ᠬᠠᠮᠳᠤ ᠰᠠᠶᠢᠵᠢᠷᠠᠭᠤᠯᠤᠨ᠎ᠠ᠃ ᠠᠷᠠᠳ ᠲᠦᠮᠡᠨ  ᠢᠶᠠᠷ ᠭᠤᠤᠯ ᠪᠤᠯᠭᠠᠭᠰᠠᠨ ᠬᠦᠭᠵᠢᠯᠳᠡ ᠶᠢᠨ ᠤᠶᠢᠯᠠᠭᠠᠭᠳᠠᠬᠤᠨ ᠢ ᠢᠮᠠᠭᠳᠠ ᠪᠠᠷᠢᠮᠳᠠᠯᠠᠵᠤ᠂  ᠦᠬᠡᠷᠡᠴᠢᠯᠡᠯᠳᠡ ᠬᠦᠭᠵᠢᠯᠳᠡ ᠶᠢᠨ ᠦᠷ᠎ᠡ ᠪᠦᠳᠬᠡᠯ ᠢ ᠠᠷᠠᠳ ᠲᠦᠮᠡᠨ ᠳᠤ ᠨᠡᠩ ᠢᠯᠡᠬᠦᠦ ᠬᠦᠷᠳᠡᠭᠡᠬᠦ ᠭᠡᠷᠡᠭᠳᠡᠢ᠃ ᠠᠵᠢᠯ ᠤᠯᠵᠤ ᠦᠢᠯᠡᠰ ᠪᠦᠳᠦᠬᠡᠬᠦ ᠠᠵᠢᠯ ᠢ ᠦᠨᠡᠨᠬᠦ ᠰᠠᠶᠢᠨ ᠬᠢᠵᠦ᠂ ︽ ᠤᠯᠠᠨ ᠢᠶᠠᠷ ᠢᠶᠠᠨ ᠦᠢᠯᠡᠰ ᠪᠦᠳᠦᠬᠡᠵᠦ᠂ ᠬᠠᠮᠳᠤ ᠪᠠᠷ  ᠢᠶᠠᠨ ᠰᠢᠨ᠎ᠡ ᠶᠢ ᠡᠬᠦᠳᠬᠦ︾ ᠶᠢ ᠲᠡᠳᠬᠦᠬᠦ ᠡᠷᠴᠢᠮ ᠢᠶᠠᠨ ᠴᠢᠩᠭᠠᠷᠠᠭᠤᠯᠤᠨ᠂   ᠭᠠᠳᠠᠭᠰᠢ ᠭᠠᠷᠤᠭᠰᠠᠨ ᠲᠠᠶᠢᠹᠤᠰᠧᠴᠤᠳ   ᠤᠨ ᠨᠤᠳᠤᠭ ᠲᠠᠭᠠᠨ ᠪᠤᠴᠠᠵᠤ ᠦᠢᠯᠡᠰ ᠪᠦᠳᠦᠬᠡᠬᠦ ᠪᠠ ᠠᠵᠢᠯ ᠤᠯᠬᠤ ᠶᠢ  ᠵᠤᠷᠢᠬᠵᠢᠭᠤᠯᠤᠨ᠎ᠠ᠃ ᠨᠡᠶᠢᠬᠡᠮ ᠤᠨ ᠪᠠᠳᠤᠯᠠᠭ᠎ᠠ ᠪᠠ ᠲᠤᠰᠠᠯᠠᠮᠵᠢ ᠶᠢᠨ ᠰᠢᠰᠲ᠋ᠧᠮᠵᠢ ᠶᠢ ᠲᠡᠬᠦᠯᠳᠡᠷᠵᠢᠬᠦᠯᠵᠦ᠂ ᠨᠡᠶᠢᠬᠡᠮ ᠤᠨ ᠪᠠᠳᠤᠯᠠᠭᠠᠨ ᠤ ᠪᠦᠷᠬᠦᠴᠡ ᠶᠢ ᠦᠷᠭᠡᠳᠭᠡᠨ᠂ ᠨᠡᠶᠢᠬᠡᠮ ᠤᠨ ᠪᠠᠳᠤᠯᠠᠭ᠎ᠠ ᠪᠠᠷ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠭᠡᠷᠡᠭᠳᠡᠢ᠃ ᠰᠤᠷᠭᠠᠨ ᠬᠦᠮᠦᠵᠢᠯ ᠤᠨ ᠦᠢᠯᠡᠰ ᠢ ᠤᠷᠢᠳᠠᠵᠤ ᠬᠦᠭᠵᠢᠬᠦᠯᠦᠨ᠂ ᠰᠠᠭᠤᠷᠢ ᠰᠤᠷᠭᠠᠨ ᠬᠦᠮᠦᠵᠢᠯ   ᠤᠨ ᠶᠠᠰᠤ ᠴᠢᠨᠠᠷ ᠢ ᠲᠡᠭᠡᠭᠰᠢᠯᠡᠬᠦᠯᠬᠦ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ᠶᠢ ᠨᠠᠷᠢᠨ ᠨᠢᠮᠪᠠᠢ ᠵᠤᠬᠢᠶᠠᠨ ᠪᠠᠶᠢᠭᠤᠯᠵᠤ ᠦᠷᠨᠢᠬᠦᠯᠦᠨ᠂ ᠰᠤᠷᠭᠠᠭᠤᠯᠢ ᠶᠢᠨ ᠵᠠᠬᠢᠷᠤᠯ ᠪᠠ ᠪᠠᠭᠰᠢ ᠶᠢᠨ ᠡᠩᠨᠡᠬᠡᠨ ᠤ ᠪᠦᠳᠦᠬᠡᠨ ᠪᠠᠶᠢᠭᠤᠯᠤᠯᠳᠠ ᠶᠢ ᠪᠦᠬᠦ ᠲᠠᠯᠠᠪᠠᠷ ᠴᠢᠩᠭᠠᠳᠬᠠᠵᠤ᠂ ᠪᠠᠭᠰᠢ ᠤᠷᠤᠭᠤᠯᠬᠤ ᠪᠠ  ᠱᠠᠩᠨᠠᠵᠤ ᠵᠤᠷᠢᠬᠵᠢᠭᠤᠯᠬᠤ ᠠᠵᠢᠯ ᠤᠨ ᠡᠷᠴᠢᠮ ᠢ ᠴᠢᠩᠭᠠᠷᠠᠭᠤᠯᠤᠨ᠂ ᠰᠤᠷᠭᠠᠨ ᠬᠦᠮᠦᠵᠢᠯ ᠤᠨ ᠶᠡᠷᠦᠩᠬᠡᠶᠢᠯᠡᠭᠰᠡᠨ ᠬᠢᠷᠢ ᠴᠢᠳᠠᠪᠤᠷᠢ ᠶᠢ ᠪᠦᠬᠦ ᠬᠦᠴᠦᠨ ᠢᠶᠠᠷ ᠲᠡᠭᠡᠭᠰᠢᠯᠡᠬᠦᠯᠬᠦ ᠭᠡᠷᠡᠭᠳᠡᠢ᠃ ᠡᠮ ᠡᠮᠨᠡᠯᠬᠡ ᠡᠷᠡᠬᠦᠯ ᠬᠠᠮᠠᠭᠠᠯᠠᠯ ᠤᠨ ᠪᠠᠶᠢᠭᠤᠯᠤᠯ ᠤᠨ ᠦᠬᠡᠷᠡᠴᠢᠯᠡᠯᠳᠡ ᠶᠢ ᠲᠠᠰᠤᠷᠠᠯᠳᠠ ᠦᠬᠡᠢ ᠬᠦᠨᠵᠡᠬᠡᠶᠢᠷᠡᠬᠦᠯᠵᠦ᠂ ᠨᠡᠶᠢᠳᠡ ᠶᠢᠨ ᠡᠷᠡᠬᠦᠯ ᠬᠠᠮᠠᠭᠠᠯᠠᠯ ᠤᠨ ᠦᠢᠯᠡᠴᠢᠯᠡᠭᠡ ᠪᠠ ᠡᠮᠨᠡᠯᠬᠡ ᠶᠢᠨ ᠪᠠᠳᠤᠯᠠᠭᠠᠨ ᠤ ᠴᠢᠳᠠᠪᠤᠷᠢ ᠶᠢ ᠴᠢᠩᠭᠠᠳᠬᠠᠨ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠬᠡ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠨᠦᠬᠦᠡᠴᠡᠯ ᠢ ᠤᠯᠠᠮ ᠨᠢᠬᠡ ᠠᠯᠬᠤᠮ ᠰᠠᠶᠢᠵᠢᠷᠠᠭᠤᠯᠬᠤ ᠭᠡᠷᠡᠭᠳᠡᠢ᠃ ᠨᠠᠰᠤᠳᠠᠶᠢᠴᠤᠳ ᠤᠨ ᠠᠰᠠᠷᠠᠮᠵᠢ ᠶᠢᠨ ᠦᠢᠯᠡᠰ ᠢ ᠢᠳᠡᠪᠬᠢᠳᠡᠢ ᠬᠦᠭᠵᠢᠬᠦᠯᠵᠦ᠂ ᠰᠢᠯᠢ ᠶᠢᠨ ᠭᠤᠤᠯ ᠠᠶᠢᠮᠠᠭ ᠤᠨ ᠡᠮᠦᠨ᠎ᠡ ᠬᠡᠰᠡᠭ ᠤᠨ ᠵᠢᠱᠢᠶ᠎ᠡ ᠦᠵᠡᠬᠦᠯᠬᠦ ᠴᠢᠨᠠᠷᠳᠠᠢ ᠠᠰᠠᠷᠠᠮᠵᠢ ᠶᠢᠨ ᠪᠠᠶᠢᠭᠤᠯᠤᠮᠵᠢ ᠶᠢ ᠪᠠᠶᠢᠭᠤᠯᠤᠨ᠂ ︽ᠨᠡᠬᠦᠳᠡᠯ  ᠤᠨ ᠬᠡᠯᠪᠡᠷᠢᠳᠦ︾ ᠦᠢᠯᠡᠴᠢᠯᠡᠭᠡ ᠶᠢ ᠠᠯᠬᠤᠮ ᠠᠯᠬᠤᠮ ᠢᠶᠠᠷ ᠡᠬᠦᠳᠦᠨ ᠪᠠᠶᠢᠭᠤᠯᠬᠤ ᠭᠡᠷᠡᠭᠳᠡᠢ  ᠃  ᠰᠢ ᠶᠢᠨ ᠫᠢᠩ ᠶᠡᠷᠦᠩᠬᠡᠢ ᠱᠦᠵᠢ ᠶᠢᠨ ᠤᠳᠬ᠎ᠠ ᠤᠷᠠᠯᠢᠭ ᠤᠨ ᠠᠵᠢᠯ  ᠪᠠ ᠤᠯᠠᠭᠠᠨᠮᠦ᠋ᠴᠢᠷ ᠲᠤ ᠦᠭᠬᠦᠭᠰᠡᠨ ᠴᠢᠬᠤᠯᠠ ᠵᠢᠭᠠᠪᠤᠷᠢ  ᠶᠢᠨ ᠵᠤᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠰᠤᠶᠤᠯ ᠢᠶᠠᠷ ᠠᠷᠠᠳ ᠲᠤ ᠠᠰᠢᠭ ᠬᠦᠷᠳᠡᠭᠡᠬᠦ ᠢᠨᠵᠧᠨᠧᠷᠢᠩ ᠢ ᠬᠦᠨᠵᠡᠬᠡᠢ ᠲᠦᠯᠬᠢᠨ ᠠᠬᠢᠭᠤᠯᠵᠤ᠂ ᠤᠯᠠᠭᠠᠨᠮᠦ᠋ᠴᠢᠷ ᠤᠨ ᠤᠷᠠᠯᠢᠭ ᠤᠨ ᠲᠦᠪ ᠪᠠ ᠦᠨᠳᠦᠷ ᠪᠠᠷᠢᠮᠵᠢᠶᠠᠳᠤ  ᠪᠡᠶ᠎ᠡ ᠴᠢᠬᠢᠷᠠᠭᠵᠢᠭᠤᠯᠬᠤ ᠲᠦᠪ ᠤᠨ ᠪᠦᠳᠦᠭᠡᠨ ᠪᠠᠶᠢᠭᠤᠯᠤᠯᠳᠠ ᠶᠢ ᠲᠦᠯᠦᠪᠵᠢᠬᠦᠯᠦᠨ ᠬᠢᠵᠦ᠂  ᠮᠠᠯᠵᠢᠬᠤ ᠲᠠᠷᠢᠶᠠᠯᠠᠬᠤ ᠤᠷᠤᠨ ᠢ ᠪᠦᠷᠬᠦᠭᠰᠡᠨ ᠰᠤᠶᠤᠯ ᠤᠨ ᠦᠢᠯᠡᠴᠢᠯᠡᠬᠡᠨ ᠤ ᠲᠤᠤᠷ ᠢ ᠪᠠᠶᠢᠭᠤᠯᠤᠨ᠂  ᠤᠯᠠᠨ ᠲᠦᠮᠡᠨ ᠤ ᠰᠤᠶᠤᠯ ᠤᠨ ᠠᠮᠢᠳᠤᠷᠠᠯ ᠢ ᠤᠯᠠᠮ  ᠪᠠᠶᠠᠯᠢᠬᠵᠢᠭᠤᠯᠬᠤ ᠪᠠᠷ ᠴᠢᠷᠮᠠᠶᠢᠨ᠎ᠠ᠃      ︵ᠵᠢᠷᠭᠤᠭ᠎ᠠ︶ ᠬᠦᠨᠳᠦ ᠶᠡᠭᠡ ᠲᠦᠭᠰᠢᠬᠦᠷᠢ ᠶᠢ ᠰᠡᠷᠭᠡᠶᠢᠯᠡᠬᠦ ᠪᠠ ᠰᠢᠢᠳᠪᠦᠷᠢᠯᠡᠬᠦ ᠪᠠᠷ  ᠴᠢᠬᠤᠯᠠ ᠡᠬᠦᠷᠭᠡ ᠪᠤᠯᠭᠠᠨ ᠨᠡᠶᠢᠬᠡᠮ ᠤᠨ ᠡᠶ᠎ᠡ ᠵᠤᠬᠢᠴᠠᠯ ᠠᠮᠤᠷ ᠲᠤᠭᠳᠠᠭᠤᠨ ᠢ ᠪᠦᠬᠦ ᠬᠦᠴᠦᠨ ᠢᠶᠠᠷ ᠬᠠᠮᠠᠭᠠᠯᠠᠨ᠎ᠠ᠃ ᠰᠢᠨ᠎ᠡ ᠭᠠᠶᠢᠯᠢ  ᠶᠢᠨ ᠢᠷᠡᠯᠳᠡ ᠶᠢ ᠪᠤᠶᠢᠵᠢᠭᠤᠯᠬᠤ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠷᠢᠯᠳᠦᠴᠡ ᠶᠢ ᠰᠢᠯᠢᠳᠡᠭᠵᠢᠬᠦᠯᠬᠦ᠂  ᠵᠤᠭᠤᠰ  ᠮᠦᠩᠬᠦ ᠶᠢ ᠡᠷᠬᠢᠯᠳᠦᠬᠦᠯᠦᠨ ᠭᠡᠷᠡᠭᠯᠡᠬᠦ  ᠂ ᠮᠠᠯ ᠲᠠᠷᠢᠶᠠᠯᠠᠩ ᠳᠤ ᠬᠤᠯᠪᠤᠭᠳᠠᠭᠰᠠᠨ ᠪᠡᠯᠡ  ᠮᠦᠩᠬᠦ ᠶᠢ ᠬᠠᠮᠳᠤᠳᠬᠠᠬᠤ᠂ ᠠᠯᠪᠠᠨ ᠵᠠᠷᠤᠳᠠᠯ ᠢ ᠪᠠᠭᠠᠰᠬᠠᠬᠤ  ᠵᠡᠷᠭᠡ ᠠᠷᠭ᠎ᠠ ᠪᠠᠷᠢᠯ ᠢᠶᠠᠷ ᠲᠠᠮᠵᠢᠨ᠂ ᠭᠤᠷᠪᠠᠨ ᠵᠢᠯ ᠤᠨ ᠬᠤᠭᠤᠴᠠᠭ᠎ᠠ  ᠭᠡᠷᠡᠭᠯᠡᠵᠦ ᠪᠠᠶᠢᠭᠠᠳ ᠵᠠᠰᠠᠭ ᠤᠨ ᠤᠷᠳᠤᠨ ᠤ ᠦᠷᠢ ᠦᠭᠴᠡᠭᠡ   ᠶᠢᠨ ᠨᠤᠷᠮ᠎ᠠ ᠶᠢ ᠵᠤᠬᠢᠰᠳᠠᠢ ᠲᠦᠪᠰᠢᠨ ᠳᠤ ᠬᠦᠷᠳᠡᠯ᠎ᠡ ᠪᠠᠭᠠᠰᠬᠠᠬᠤ ᠪᠠᠷ ᠴᠢᠷᠮᠠᠶᠢᠨ᠎ᠠ᠃ ᠠᠵᠢᠯᠳᠠᠨ ᠤ ᠶᠠᠪᠤᠳᠠᠯ ᠤᠨ ᠲᠤᠬᠠᠢ ᠲᠡᠦᠬᠡᠨ ᠠᠴᠠ ᠦᠯᠡᠳᠡᠭᠳᠡᠭᠰᠡᠨ ᠠᠰᠠᠭᠤᠳᠠᠯ ᠢ ᠰᠠᠨᠠᠭ᠎ᠠ ᠲᠠᠯᠪᠢᠨ ᠰᠢᠢᠳᠪᠦᠷᠢᠯᠡᠵᠦ᠂  ᠺᠠᠳᠠᠷ ᠤᠨ ᠲᠤᠭ᠎ᠠ ᠲᠤᠳᠠᠭᠳᠠᠵᠤ ᠴᠢᠳᠠᠪᠤᠷᠢᠳᠠᠨ ᠤ ᠢᠷᠡᠯᠳᠡ ᠲᠠᠰᠤᠷᠠᠬᠤ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠭᠡᠷᠡᠭᠳᠡᠢ᠃ ᠨᠡᠶᠢᠬᠡᠮ ᠤᠨ ᠵᠠᠰᠠᠯᠳᠠ ᠶᠢᠨ ᠲᠦᠷᠢᠮ ᠤᠨ ᠪᠠᠶᠢᠭᠤᠯᠤᠯᠳᠠ ᠶᠢ ᠴᠢᠩᠭᠠᠳᠬᠠᠨ᠂ ᠬᠠᠤᠯᠢᠵᠢᠭᠰᠠᠨ᠂ ᠤᠶᠤᠨᠵᠢᠭᠰᠠᠨ᠂ ᠲᠤᠰᠬᠠᠶᠢᠵᠢᠭᠰᠠᠨ ᠬᠢᠷᠢ ᠲᠦᠪᠰᠢᠨ ᠢ ᠲᠡᠭᠡᠭᠰᠢᠯᠡᠬᠦᠯᠬᠦ ᠭᠡᠷᠡᠭᠳᠡᠢ᠃ ᠨᠡᠶᠢᠬᠡᠮ ᠤᠨ ᠵᠦᠷᠢᠴᠡᠯ ᠢ ᠨᠠᠮᠳᠠᠭᠤᠯᠬᠤ ᠪᠠᠶᠢᠭᠤᠯᠤᠯ ᠲᠤᠭᠳᠠᠴᠠ ᠶᠢ ᠲᠡᠬᠦᠯᠳᠡᠷᠵᠢᠬᠦᠯᠵᠦ᠂  ᠬᠦᠳᠡᠭᠡ ᠲᠤᠰᠬᠤᠨ ᠤ ᠵᠠᠰᠠᠯᠳᠠ ᠶᠢᠨ ᠰᠢᠰᠲ᠋ᠧᠮᠵᠢ   ᠶᠢᠨ ᠰᠢᠨ᠎ᠡ ᠶᠢ ᠡᠬᠦᠳᠦᠨ᠂ ᠵᠦᠷᠢᠴᠡᠯ ᠮᠦᠷᠬᠦᠯᠳᠦᠬᠡᠨ ᠢ ᠦᠨᠳᠦᠰᠦᠨ ᠱᠠᠳᠤᠨ ᠳᠤᠨᠢ ᠰᠢᠢᠳᠪᠦᠷᠢᠯᠡᠬᠦ ᠭᠡᠷᠡᠭᠳᠡᠢ᠃  ᠠᠶᠤᠯᠬᠦᠢ ᠬᠦᠭᠵᠢᠯᠳᠡ ᠶᠢᠨ ᠤᠶᠢᠯᠠᠭᠠᠭᠳᠠᠬᠤᠨ ᠢ ᠪᠤᠢ ᠪᠤᠯᠭᠠᠵᠤ᠂ ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠲᠡᠬᠦᠯᠳᠡᠷᠵᠢᠬᠦᠯᠦᠨ᠂ ᠬᠦᠨᠳᠦ ᠶᠡᠭᠡ ᠠᠶᠤᠯᠬᠦᠢ ᠶᠢᠨ ᠭᠡᠷᠡᠭ ᠢ ᠡᠷᠡᠰ  ᠴᠢᠩᠭ᠎ᠠ ᠰᠡᠷᠭᠡᠶᠢᠯᠡᠨ ᠬᠤᠷᠢᠭᠯᠠᠬᠤ ᠭᠡᠷᠡᠭᠳᠡᠢ᠃  ᠤᠯᠠᠨ ᠨᠡᠶᠢᠳᠡ ᠶᠢᠨ ᠠᠮᠤᠷ ᠲᠦᠪᠰᠢᠨ ᠤ ᠰᠢᠰᠲ᠋ᠧᠮᠵᠢ ᠶᠢ ᠲᠡᠬᠦᠯᠳᠡᠷᠵᠢᠬᠦᠯᠵᠦ᠂ ᠭᠠᠮᠰᠢᠭ ᠲᠠᠢ ᠲᠡᠮᠡᠴᠡᠵᠦ ᠬᠤᠭᠢᠷᠠᠯ ᠢ ᠪᠠᠭᠠᠰᠬᠠᠬᠤ ᠪᠠ ᠭᠠᠮᠰᠢᠭ ᠠᠴᠠ ᠠᠪᠤᠷᠠᠬᠤ ᠴᠢᠳᠠᠪᠤᠷᠢ  ᠶᠢ ᠴᠢᠩᠭᠠᠷᠠᠭᠤᠯᠬᠤ ᠭᠡᠷᠡᠭᠳᠡᠢ᠃ ᠠᠮᠤᠷ ᠠᠮᠤᠭᠤᠯᠠᠩ ᠲᠠᠶᠢᠹᠤᠰᠧ ᠬᠤᠰᠢᠭᠤᠨ ᠤ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠬᠠᠤᠯᠢ ᠭᠡᠷᠡᠭᠵᠢᠬᠦᠯᠬᠦ ᠰᠠᠯᠠᠭ᠎ᠠ ᠮᠦᠴᠢᠷ ᠤᠨ ᠠᠵᠢᠯ ᠤᠨ ᠡᠷᠴᠢᠮ ᠢ ᠴᠢᠩᠭᠠᠷᠠᠭᠤᠯᠤᠨ᠂ ᠬᠤᠤᠷᠠᠳᠤ ᠡᠳ᠋᠂  ᠱᠠᠯᠢᠭ ᠵᠦᠢᠯᠡᠰ᠂ ᠮᠦᠷᠦᠢ ᠲᠠᠢ ᠲᠤᠭᠯᠠᠭᠠᠮ᠂  ᠬᠠᠷᠬᠢᠰ ᠬᠠᠷ᠎ᠠ  ᠬᠦᠴᠦᠨ ᠵᠡᠷᠭᠡ ᠬᠠᠤᠯᠢ ᠪᠤᠰᠤ ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠦ᠂ ᠠᠷᠠᠳ ᠲᠦᠮᠡᠨ ᠤ ᠠᠮᠢ ᠪᠡᠶ᠎ᠡ ᠪᠠ ᠡᠳ᠋ ᠬᠦᠷᠦᠩᠬᠡ  ᠶᠢᠨ ᠠᠮᠤᠷ ᠲᠦᠪᠰᠢᠨ ᠢ ᠬᠠᠮᠠᠭᠠᠯᠠᠨ᠂ ︽ᠡᠬᠡ ᠤᠯᠤᠰ ᠤᠨ ᠤᠮᠠᠷᠠᠳᠤ ᠬᠢᠵᠠᠭᠠᠷ ᠤᠨ ᠠᠮᠤᠷ ᠲᠦᠪᠰᠢᠨ ᠤ ᠬᠠᠯᠬᠠᠪᠴᠢ︾   ᠶᠢ ᠪᠠᠶᠢᠭᠤᠯᠬᠤ ᠠᠷᠢᠭᠤᠨ ᠲᠠᠷᠬᠠᠨ ᠡᠬᠦᠷᠭᠡ ᠶᠢ ᠮᠦᠷᠦᠯᠡᠬᠦ ᠭᠡᠷᠡᠭᠳᠡᠢ᠃ ᠦᠨᠳᠦᠰᠦᠳᠡᠨ ᠤ ᠠᠵᠢᠯ  ᠢ ᠡᠷᠴᠢᠮᠳᠡᠢ ᠰᠠᠶᠢᠨ ᠬᠢᠵᠦ᠂ ᠱᠠᠰᠢᠨ ᠰᠤᠷᠳᠠᠬᠤᠨ ᠤ ᠶᠠᠪᠤᠳᠠᠯ ᠢ ᠬᠠᠤᠯᠢ  ᠶᠤᠰᠤᠭᠠᠷ  ᠬᠠᠮᠢᠶᠠᠷᠬᠤ ᠭᠡᠷᠡᠭᠳᠡᠢ᠃ ᠤᠯᠤᠰ ᠤᠨ ᠪᠠᠳᠤᠯᠠᠨ ᠬᠠᠮᠠᠭᠠᠯᠠᠯᠳᠠ ᠶᠢᠨ ᠠᠵᠢᠯ ᠪᠠ ᠪᠡᠯᠡᠳᠭᠡᠯ ᠬᠦᠴᠦᠨ ᠤ ᠪᠠᠶᠢᠭᠤᠯᠤᠯᠳᠠ ᠶᠢ ᠴᠢᠩᠭᠠᠳᠬᠠᠵᠤ᠂ ᠴᠡᠷᠢᠭ ᠠᠷᠠᠳ ᠤᠨ ᠠᠭᠤᠰᠤᠯᠴᠠᠨ ᠬᠦᠭᠵᠢᠬᠦ ᠶᠢ ᠲᠦᠯᠬᠢᠨ ᠠᠬᠢᠭᠤᠯᠬᠤ ᠭᠡᠷᠡᠭᠳᠡᠢ᠃      ᠲᠦᠯᠦᠭᠡᠯᠡᠭᠴᠢᠳ ᠡ᠂ ᠨᠦᠬᠦᠳ ᠡ᠂ ᠦᠨᠦᠳᠦᠷ ᠤᠨ ᠲᠠᠶᠢᠹᠤᠰᠧ ᠬᠤᠰᠢᠭᠤ ᠨᠢ ᠲᠡᠦᠬᠡ ᠶᠢᠨ ᠰᠢᠨ᠎ᠡ ᠭᠠᠷᠤᠭ᠎ᠠ ᠲᠡᠭᠡᠷ᠎ᠡ ᠵᠤᠭᠰᠤᠵᠤ᠂ ᠤᠮᠤᠭ ᠲᠡᠬᠦᠯᠳᠡᠷ ᠪᠠᠶᠢᠳᠠᠯ ᠪᠠ ᠤᠬᠢ ᠰᠠᠶᠢᠨ ᠲᠦᠷᠬᠦ ᠪᠠᠨ  ᠲᠠᠶᠠᠭᠠᠷ ᠲᠤ ᠬᠠᠷᠠᠭᠤᠯᠵᠤ ᠪᠠᠶᠢᠨ᠎ᠠ᠃  ᠲᠡᠦᠬᠡ ᠬᠡᠵᠢᠶᠡᠳᠡ ᠤᠷᠤᠭᠰᠢ ᠲᠠᠪᠰᠢᠬᠤ ᠢᠳᠡᠭᠡᠯ ᠵᠤᠷᠢᠭᠳᠠᠨ ᠢ  ᠢᠪᠡᠭᠡᠨ ᠲᠡᠳᠬᠦᠵᠦ᠂  ᠤᠬᠤᠷᠢᠵᠤ ᠬᠤᠶᠢᠰᠢᠷᠠᠬᠤ ᠦᠬᠡᠨᠴᠡ ᠲᠤᠷᠤᠶᠢᠳᠠᠨ ᠢ ᠠᠷᠤ ᠳᠠᠭᠠᠨ ᠤᠷᠬᠢᠳᠠᠭ ᠶᠤᠮ᠃ ᠪᠢᠳᠡ ᠵᠦᠪᠬᠡᠨ ᠲᠠᠶᠢᠹᠤᠰᠧᠴᠤᠳ ᠤᠨ ᠢᠶᠠᠨ ᠠᠵᠢᠯᠴᠢ ᠬᠦᠳᠡᠯᠮᠦᠷᠢᠴᠢ᠂ ᠠᠷᠪᠢᠴᠢ ᠪᠤᠷᠤᠭᠵᠢᠭᠤᠨ  ᠰᠢᠯᠢᠳᠡᠭ ᠤᠳᠤᠮᠰᠢᠯ   ᠢ  ᠪᠠᠳᠠᠷᠠᠭᠤᠯᠵᠤ᠂ ᠡᠯ᠎ᠡ ᠱᠠᠳᠤᠨ ᠤ ᠺᠠᠳᠠᠷ ᠤᠨ ᠬᠠᠳᠠᠭᠤᠵᠢᠯᠳᠠᠢ ᠲᠡᠮᠡᠴᠡᠵᠦ ᠰᠢᠷᠭᠠᠭᠤ ᠠᠵᠢᠯᠯᠠᠳᠠᠭ ᠵᠤᠷᠢᠭ ᠰᠠᠨᠠᠭ᠎ᠠ  ᠶᠢ ᠪᠠᠳᠠᠷᠠᠭᠤᠯᠵᠤ᠂  ᠰᠡᠳᠬᠢᠯ ᠢᠶᠠᠨ ᠨᠢᠭᠡᠳᠭᠡᠨ ᠬᠦᠴᠦᠨ ᠢᠶᠠᠨ ᠨᠢᠬᠳᠠᠷᠠᠭᠤᠯᠪᠠᠯ᠂  ᠵᠢᠱᠢᠵᠦ ᠲᠤᠭᠳᠠᠭᠰᠠᠨ ᠡᠬᠦᠷᠭᠡ ᠬᠠᠷᠠᠯᠳᠠ ᠪᠠᠨ ᠠᠮᠵᠢᠯᠳᠠᠳᠠᠢ ᠪᠡᠶᠡᠯᠡᠬᠦᠯᠵᠦ᠂  ᠲᠠᠶᠢᠹᠤᠰᠧ ᠬᠤᠰᠢᠭᠤᠨ ᠤ 21 ᠲᠦᠮᠡᠨ ᠬᠦᠮᠦᠨ ᠠᠷᠠᠳ  ᠤᠨ ᠬᠦᠰᠡᠯ ᠵᠡᠬᠦᠳᠦ ᠶᠢ ᠲᠡᠷᠭᠡᠯᠰᠢᠬᠦᠯᠦᠨ᠂  ᠭᠡᠷᠡᠯ ᠰᠠᠴᠤᠷᠠᠩᠭᠤᠢ ᠢᠷᠡᠭᠡᠳᠦᠢ ᠶᠢᠨ ᠬᠠᠷᠭᠤᠢ ᠳᠤ ᠴᠢᠮᠪᠠᠢ ᠠᠯᠬᠤᠬᠤ ᠨᠢ ᠯᠠᠪᠳᠠᠢ᠃         ᠭᠤᠷᠪᠠ᠂ 2018 ᠤᠨ ᠤ ᠠᠵᠢᠯ ᠤᠨ ᠪᠠᠶᠢᠷᠢᠯᠠᠭᠤᠯᠤᠯᠳᠠ       2018 ᠣᠨ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ  ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠳᠡ ᠶᠢᠨ ᠵᠢᠯ᠂  ︽ᠠᠷᠪᠠᠨ ᠭᠤᠷᠪᠠᠳᠦᠭᠠᠷ ᠲᠠᠪᠦᠨ ᠵᠢᠯ  ︾ ᠤᠨ ᠲᠥᠯᠥᠪᠵᠢᠭᠦᠯᠭᠡ ᠶᠢ ᠭᠡᠷᠡᠭᠵᠢᠬᠦᠯᠵᠦ᠂ ᠤᠷᠢᠳᠤᠬᠢ ᠶᠢ ᠵᠠᠯᠭᠠᠮᠵᠢᠯᠠᠨ ᠬᠤᠶᠢᠨᠠᠬᠢ ᠶᠢ ᠰᠡᠩᠬᠡᠷᠡᠬᠦᠯᠬᠦ ᠵᠠᠩᠭᠢᠯᠠᠭ᠎ᠠ ᠶᠢᠨ ᠨᠢᠬᠡ ᠵᠢᠯ ᠪᠤᠯᠤᠨ᠎ᠠ᠃ ᠪᠦᠬᠦ ᠬᠤᠰᠢᠭᠤᠨ ᠤ ᠠᠵᠤ ᠠᠬᠤᠢ ᠶᠢᠨ ᠬᠦᠭᠵᠢᠯᠳᠡ ᠶᠢᠨ ᠭᠤᠤᠯ ᠪᠤᠯᠬᠤ ᠤᠷᠢᠳᠴᠢᠯᠠᠭᠰᠠᠨ ᠬᠠᠷᠠᠯᠳᠠ ᠪᠤᠯ᠄ ᠣᠷᠤᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 8 %   ᠪᠠᠷ ᠨᠡᠮᠡᠭᠳᠡᠬᠦᠯᠵᠦ᠂ ᠨᠡᠶᠢᠳᠡ ᠶᠢᠨ ᠡᠳ᠋ ᠤᠨ ᠵᠠᠰᠠᠭ ᠤᠨ ᠳᠥᠰᠥᠪ ᠤᠨ ᠤᠷᠤᠯᠭ᠎ᠠ ᠶᠢ 15.7%   ᠪᠠᠷ  ᠨᠡᠮᠡᠭᠳᠡᠬᠦᠯᠦᠨ᠂ ᠪᠥᠬᠦ ᠨᠡᠶᠢᠭᠡᠮ ᠤᠨ ᠲᠤᠭᠳᠠᠮᠠᠯ ᠬᠥᠷᠥᠩᠭᠡ ᠶᠢᠨ ᠪᠡᠯᠡ ᠤᠷᠤᠭᠤᠯᠤᠯᠳᠠ ᠶᠢ  9.5% ᠪᠠᠷ  ᠨᠡᠮᠡᠭᠳᠡᠬᠦᠯᠵᠦ᠂ ᠨᠡᠶᠢᠭᠡᠮ ᠤᠨ ᠬᠡᠷᠡᠭᠯᠡᠭᠡᠨ ᠤ ᠪᠤᠳᠠᠰ ᠤᠨ ᠵᠢᠵᠢᠭᠯᠡᠨ ᠪᠤᠷᠤᠯᠠᠭᠤᠯᠭ᠎ᠠ ᠶᠢᠨ ᠶᠡᠷᠥᠩᠭᠡᠢ  ᠬᠡᠮᠵᠢᠶ᠎ᠡ ᠶᠢ  8.5% ᠪᠠᠷ  ᠨᠡᠮᠡᠭᠳᠡᠬᠦᠯᠦᠨ᠂  ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠲᠤᠬᠢᠷᠠᠭᠤᠯᠵᠤ ᠪᠤᠯᠬᠤᠶᠢᠴᠠ ᠪᠤᠯᠬᠤ ᠤᠷᠤᠯᠭ᠎ᠠ ᠶᠢ ᠲᠤᠰᠪᠤᠷᠢ 7 % ᠪᠠᠷ  ᠨᠡᠮᠡᠭᠳᠡᠬᠦᠯᠵᠦ᠂ ᠪᠦᠬᠦ ᠠᠶᠢᠮᠠᠭ ᠤᠨ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠲᠤᠮᠳᠠ  ᠪᠠᠶᠢᠷᠢ ᠪᠠᠨ ᠲᠡᠭᠡᠭᠰᠢᠯᠡᠬᠦᠯᠵᠦ ᠤᠷᠤᠭᠰᠢ ᠲᠠᠪᠰᠢᠬᠤ ᠪᠠᠷ ᠴᠢᠷᠮᠠᠶᠢᠨ᠎ᠠ᠃ ︵ᠨᠢᠬᠡ︶ ᠲᠠᠷᠢᠶᠠᠯᠠᠩ ᠮᠠᠯ ᠠᠵᠤ ᠠᠬᠤᠢ ᠶᠢᠨ ᠪᠦᠷᠢᠯᠳᠦᠴᠡ ᠶᠢ ᠲᠤᠬᠢᠷᠠᠭᠤᠯᠵᠤ ᠲᠡᠰ ᠲᠡᠪᠰᠢᠬᠦᠯᠬᠦ ᠶᠢ ᠲᠦᠷᠭᠡᠳᠬᠡᠨ᠎ᠡ᠃ ᠲᠠᠷᠢᠵᠤ ᠤᠷᠭᠤᠭᠤᠯᠬᠤ ᠦᠢᠯᠡᠰ ᠨᠢ  ᠱᠸᠡᠭ ᠲᠠᠢ ᠡᠯ  ᠂  ᠪᠠᠢ ᠾᠥᠢ ᠱᠸᠡᠭ  ᠂ ᠭᠧ ᠷᠥᠢ ᠳ᠋ᠧ  ᠂  ᠴᠠᠩ ᠱᠧᠩ  ᠵᠡᠷᠭᠡ  ᠲᠠᠷᠢᠶᠠᠯᠠᠩ ᠤᠨ ᠲᠤᠯᠤᠭᠠᠶᠢᠯᠠᠭᠴᠢ ᠠᠵᠤ ᠠᠬᠤᠶᠢᠯᠠᠯ ᠳᠤ ᠲᠦᠰᠢᠭᠯᠡᠨ᠂  ︽ᠺᠤᠮᠫᠠᠨᠢ  +  ᠬᠤᠷᠰᠢᠶᠠᠵᠢᠯ  +  ᠡᠷᠦᠬᠡ + ᠰᠠᠭᠤᠷᠢᠨ ᠭᠠᠵᠠᠷ︾ ᠤᠨ ᠬᠥᠭᠵᠢᠯᠳᠡ ᠶᠢᠨ ᠵᠠᠭᠪᠤᠷ ᠢ ᠢᠳᠡᠪᠬᠢᠳᠡᠢ ᠲᠡᠯᠬᠡᠷᠡᠬᠦᠯᠵᠦ᠂ ᠤᠨᠴᠠᠯᠢᠬᠳᠥ ᠠᠵᠥ ᠠᠬᠤᠢ ᠶᠢᠨ ᠲᠠᠷᠢᠮᠠᠯ ᠤᠨ ᠲᠠᠯᠠᠪᠠᠢ ᠶᠢ ᠥᠷᠭᠡᠳᠭᠡᠨ᠂  7 ᠲᠥᠮᠡᠨ ᠮᠤ᠋  ᠲᠦᠮᠦᠰᠦ  ᠂ 3 ᠲᠥᠮᠡᠨ ᠮᠤ᠋  ᠬᠤᠨᠴᠢᠷ᠂ ᠬᠦᠬᠦᠷᠭᠡᠨ᠎ᠡ ᠶᠢᠨ ᠦᠨᠳᠦᠰᠦ ᠵᠡᠷᠭᠡ ᠡᠮ ᠤᠨ ᠮᠠᠲ᠋ᠧᠷᠢᠶᠠᠯ  ᠂ 10 ᠲᠦᠮᠡᠨ ᠵᠢᠩ ᠰᠢᠬᠢᠷ ᠯᠤᠤᠪᠠᠩ᠂ 18.7 ᠲᠥᠮᠡᠨ ᠮᠤ᠋ ᠡᠪᠡᠰᠦ ᠪᠤᠷᠳᠤᠭ᠎ᠠ᠂ 1 ᠲᠦᠮᠡᠨ ᠮᠤ᠋ ᠤᠯᠠᠭᠠᠨ ᠪᠤᠭᠤᠳᠠᠢ ᠲᠠᠷᠢᠵᠤ᠂  ᠤᠷᠭᠠᠨᠢᠭ ᠲᠠᠷᠢᠮᠠᠯ ᠤᠨ ᠰᠠᠭᠤᠷᠢᠨ ᠭᠠᠵᠠᠷ  1 ᠲᠦᠮᠡᠨ ᠮᠤ᠋  ᠪᠠᠶᠢᠭᠤᠯᠤᠨ᠂ ᠪᠦᠬᠦ ᠵᠢᠯ ᠳᠤ ᠠᠮᠤ ᠪᠤᠳᠠᠭᠠᠨ ᠤ ᠲᠠᠷᠢᠮᠠᠯ ᠤᠨ ᠤᠨᠠᠯᠳᠠ ᠶᠢ 3  ᠳ᠋ᠥᠡᠭᠰᠢᠭᠤᠷ  ᠺᠢᠯᠤᠭ᠍ᠷᠠᠮ ᠳᠤ ᠬᠦᠷᠭᠡᠨ᠎ᠡ᠃  ᠡᠮ ᠤᠨ ᠮᠠᠲ᠋ᠧᠷᠢᠶᠠᠯ  ᠤᠨ ᠰᠤᠯᠢᠯᠴᠠᠭᠠᠨ ᠤ ᠵᠠᠬ᠎ᠠ 1 ᠶᠢ ᠪᠠᠶᠢᠭᠤᠯᠵᠤ᠂  ᠲᠠᠪᠠᠭᠠᠨ ᠠᠷᠤ   ᠶᠢᠨ ᠭᠠᠵᠠᠷ ᠤᠷᠤᠨ ᠵᠢᠴᠢ  ᠤᠶᠢᠷ᠎ᠠ ᠬᠠᠪᠢ  ᠶᠢᠨ ᠬᠤᠰᠢᠭᠤ ᠰᠢᠶᠠᠨ ᠢ ᠨᠦᠯᠦᠬᠡᠯᠡᠨ ᠲᠠᠶᠢᠴᠢᠯᠠᠨ᠎ᠠ᠃  ︽ᠬᠤᠨᠢ ᠶᠢ ᠴᠦᠭᠡᠴᠢᠯᠡᠵᠦ ᠦᠬᠡᠷ ᠢ ᠦᠰᠭᠡᠬᠦ︾ ᠪᠠᠶᠢᠯᠳᠤᠬᠤ ᠪᠤᠳᠤᠯᠭ᠎ᠠ ᠶᠢ ᠬᠦᠨᠵᠡᠭᠡᠢ ᠭᠡᠷᠡᠭᠵᠢᠬᠦᠯᠵᠦ᠂  5000 ᠲᠤᠯᠤᠭᠠᠢ ᠰᠠᠶᠢᠨ ᠡᠬᠦᠯᠳᠡᠷ ᠤᠨ ᠮᠢᠬᠠᠨ ᠤ ᠦᠬᠡᠷ ᠤᠷᠤᠭᠤᠯᠤᠨ᠂  ᠠᠩᠬᠢᠰ ᠦᠬᠡᠷ ᠤᠨ ᠮᠠᠯᠵᠢᠯ ᠤᠨ ᠰᠥᠷᠥᠭ 13 ᠶᠢ ᠪᠤᠢ ᠪᠤᠯᠭᠠᠵᠤ᠂  ᠬᠡᠪᠴᠢᠶᠡᠵᠢᠭᠰᠡᠨ  ᠰᠠᠶᠢᠨ ᠡᠬᠦᠯᠳᠡᠷ ᠤᠨ ᠮᠢᠬᠠᠨ ᠤ ᠥᠬᠡᠷ  ᠮᠠᠯᠵᠢᠬᠤ ᠲᠠᠯᠠᠪᠠᠢ 5   ᠶᠢ  ᠪᠠᠶᠢᠭᠤᠯᠤᠨ᠂ ᠭᠡᠪᠴᠢᠶᠡᠵᠢᠭᠰᠡᠨ ᠪᠤᠬ᠎ᠠ ᠮᠠᠯᠵᠢᠬᠤ ᠲᠠᠯᠠᠪᠠᠢ 2 ᠶᠢ ᠪᠠᠶᠢᠭᠤᠯᠤᠨ᠎ᠠ᠃ ᠬᠦᠨᠪᠤᠯᠠᠭ ᠰᠤᠮᠤ ᠪᠠᠷ ᠭᠤᠤᠯ ᠪᠤᠯᠭᠠᠵᠤ᠂ ᠴᠠᠬᠠᠷ ᠬᠤᠨᠢ ᠪᠠ ᠰᠠᠶᠢᠨ ᠡᠬᠦᠯᠳᠡᠷ ᠤᠨ ᠮᠢᠬᠠᠨ ᠤ ᠬᠤᠨᠢ ᠮᠠᠯᠵᠢᠬᠤ ᠶᠢ ᠪᠦᠬᠦ ᠲᠠᠯᠠᠪᠠᠷ ᠲᠡᠯᠬᠡᠷᠡᠬᠦᠯᠦᠨ᠂ ᠪᠠᠭ᠎ᠠ ᠮᠠᠯᠵᠢᠬᠤ᠂ ᠨᠠᠷᠢᠯᠢᠭ ᠮᠠᠯᠵᠢᠬᠤ ᠪᠠᠷ ᠮᠠᠯ ᠪᠡᠯᠴᠢᠭᠡᠷ ᠤᠨ ᠲᠡᠩᠴᠡᠬᠦᠷᠢ ᠶᠢ ᠪᠡᠶᠡᠯᠡᠬᠦᠯᠦᠨ᠎ᠡ᠃ ᠲᠠᠷᠢᠶᠠᠯᠠᠩ ᠮᠠᠯ ᠠᠵᠤ ᠠᠬᠤᠢ   ᠶᠢᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠨᠢᠮᠪᠠᠢ ᠨᠠᠶᠢᠳᠠᠪᠤᠷᠢᠵᠢᠭᠤᠯᠵᠤ᠂  ᠲᠠᠷᠢᠶᠠᠯᠠᠩ ᠮᠠᠯ ᠠᠵᠤ ᠠᠬᠤᠢ ᠶᠢᠨ ᠡᠯ᠎ᠡ ᠲᠦᠷᠦᠯ ᠤᠨ ᠡᠵᠡᠩᠨᠡᠯᠳᠡ ᠶᠢᠨ ᠭᠤᠤᠯ ᠴᠤᠭᠴᠠ ᠶᠢ ᠲᠡᠳᠬᠦᠨ ᠬᠦᠭᠵᠢᠬᠦᠯᠵᠦ᠂ 2 ᠡᠷᠦᠬᠡ ᠲᠠᠷᠢᠶᠠᠯᠠᠩ ᠮᠠᠯ ᠠᠵᠤ ᠠᠬᠤᠢ ᠶᠢᠨ ᠲᠤᠯᠤᠭᠠᠶᠢᠯᠠᠭᠴᠢ ᠠᠵᠤ ᠠᠬᠤᠶᠢᠯᠠᠯ ᠢ ᠰᠢᠨ᠎ᠡ ᠪᠠᠷ ᠨᠡᠮᠡᠭᠳᠡᠬᠦᠯᠦᠨ᠂ 50 ᠡᠷᠦᠬᠡ ᠮᠠᠯᠴᠢᠨ ᠲᠠᠷᠢᠶᠠᠴᠢᠨ ᠤ ᠲᠤᠰᠬᠠᠢ ᠬᠤᠷᠰᠢᠶᠠᠵᠢᠯ ᠢ ᠲᠦᠷᠢᠮᠵᠢᠬᠦᠯᠵᠦ᠂ ᠪᠠᠷᠢᠮᠵᠢᠶᠠᠳᠤ ᠭᠡᠷ ᠪᠦᠯᠢ ᠶᠢᠨ ᠲᠠᠷᠢᠶᠠᠯᠠᠩ ᠮᠠᠯᠵᠢᠯ  ᠤᠨ ᠲᠠᠯᠠᠪᠠᠢ ᠪᠠ ᠲᠠᠷᠢᠵᠤ ᠮᠠᠯᠵᠢᠬᠤ ᠲᠤᠮᠤ ᠡᠷᠦᠬᠡ 100 ᠶᠢ ᠰᠢᠨ᠎ᠡ ᠪᠠᠷ ᠰᠢᠯᠭᠠᠨ ᠲᠤᠭᠳᠠᠭᠠᠨ᠎ᠠ᠃  ︽ᠭᠤᠷᠪᠠᠨ ᠪᠦᠳᠦᠭᠡᠭᠳᠡᠬᠦᠨ ᠨᠢᠭᠡ ᠲᠡᠮᠳᠡᠭ︾ ᠢᠶᠠᠷ ᠰᠢᠯᠭᠠᠨ ᠭᠡᠷᠡᠴᠢᠯᠡᠬᠦᠯᠬᠦ ᠲᠤᠭ᠎ᠠ ᠬᠡᠮᠵᠢᠶ᠎ᠡ ᠪᠠ ᠶᠠᠰᠤ ᠴᠢᠨᠠᠷ ᠢ ᠢᠳᠡᠪᠬᠢᠳᠡᠢ ᠲᠡᠭᠡᠭᠰᠢᠯᠡᠬᠦᠯᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠤ ᠶᠠᠰᠤ ᠴᠢᠨᠠᠷ ᠤᠨ ᠮᠦᠷᠳᠡᠨ ᠨᠡᠬᠡᠮᠵᠢᠯᠡᠬᠦ ᠰᠢᠰᠲ᠋ᠧᠮ ᠤᠨ ᠪᠠᠶᠢᠭᠤᠯᠤᠯᠳᠠ ᠶᠢ ᠲᠦᠷᠭᠡᠳᠭᠡᠬᠦ ᠭᠡᠷᠡᠭᠳᠡᠢ᠃ ︵ ᠬᠤᠶᠠᠷ︶  ᠰᠢᠨ᠎ᠡ ᠬᠡᠯᠪᠡᠷᠢ ᠶᠢᠨ ᠠᠵᠤ ᠦᠢᠯᠡᠳᠪᠦᠷᠢ ᠶᠢ ᠲᠠᠰᠤᠷᠠᠯᠳᠠ ᠦᠬᠡᠢ ᠪᠤᠶᠢᠵᠢᠭᠤᠯᠤᠨ ᠪᠤᠵᠠᠭᠠᠶᠢᠷᠠᠭᠤᠯᠤᠨ᠎ᠠ᠃ 2 ᠳ᠋ᠥᠡᠭᠰᠢᠭᠤᠷ ᠲᠥᠬᠦᠷᠢᠭ ᠤᠨ ᠪᠡᠯᠡ  ᠤᠷᠤᠭᠤᠯᠵᠤ᠂ ᠲᠡᠭᠡᠳᠦ ᠰᠢᠨ᠎ᠡ  ᠮᠡᠷᠭᠡᠵᠢᠯ ᠤᠨ ᠠᠵᠤ ᠦᠢᠯᠡᠰ ᠤᠨ ᠤᠷᠤᠨ ᠲᠤᠭᠤᠷᠢᠭ ᠤᠨ ᠰᠠᠭᠤᠷᠢ ᠲᠦᠬᠦᠭᠡᠷᠦᠮᠵᠢ ᠶᠢ ᠤᠯᠠᠮ ᠨᠢᠬᠡ ᠠᠯᠬᠤᠮ ᠲᠡᠬᠦᠯᠳᠡᠷᠵᠢᠬᠦᠯᠵᠦ᠂ ᠲᠦᠷᠦᠯ ᠵᠦᠢᠯ ᠲᠤᠭᠳᠠᠵᠤ ᠵᠦᠪᠰᠢᠶᠡᠷᠡᠬᠦᠯᠬᠦ ᠵᠡᠷᠭᠡ ᠪᠠᠳᠤᠯᠠᠭᠠᠨ ᠤ ᠠᠵᠢᠯ ᠢ ᠢᠳᠡᠪᠬᠢᠳᠡᠢ ᠰᠠᠶᠢᠨ ᠬᠢᠵᠦ᠂ ᠤᠷᠤᠨ ᠲᠤᠭᠤᠷᠢᠭ ᠲᠤ ᠤᠷᠤᠵᠤ ᠨᠤᠳᠤᠭᠰᠢᠭᠰᠠᠨ ᠠᠵᠤ ᠠᠬᠤᠶᠢᠯᠠᠯ ᠤᠨ ᠬᠠᠮᠢᠶᠠᠷᠤᠯᠳᠠ ᠶᠢ ᠲᠦᠷᠢᠮᠵᠢᠬᠦᠯᠦᠨ᠂ 40 ᠡᠷᠦᠬᠡ ᠠᠵᠤ ᠠᠬᠤᠶᠢᠯᠠᠯ ᠢ ᠰᠢᠨ᠎ᠡ ᠪᠠᠷ ᠤᠷᠤᠭᠤᠯᠵᠤ ᠨᠤᠳᠤᠭᠰᠢᠭᠤᠯᠤᠨ᠎ᠠ᠃ ᠱᠸᠡᠭ ᠲᠠᠢ ᠡᠯ ᠡᠮ ᠤᠨ ᠥᠢᠯᠡᠰ  ᠂  ᠪᠠᠢ ᠾᠦᠢ ᠱᠧᠩ ᠰᠢᠬᠢᠷ ᠤᠨ ᠦᠢᠯᠡᠳᠪᠦᠷᠢ  ᠂ ᠡᠤ ᠹᠧᠩ ᠮᠢᠬᠠᠨ ᠤ ᠦᠬᠡᠷ ᠤᠨ ᠠᠵᠤ ᠦᠢᠯᠡᠰ᠂  ᠳ᠋ᠧ ᠴᠢᠩ ᠶᠤᠸᠠᠨ  ᠢᠳᠡᠭᠡᠨ ᠤ ᠠᠵᠤ ᠦᠢᠯᠡᠰ᠂  ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠦᠷᠦᠯ ᠵᠦᠢᠯ᠂  ᠴᠠᠭᠠᠰᠤ ᠰᠦᠯᠢᠶᠤᠤ ᠪᠦᠳᠦᠭᠡᠭᠳᠡᠬᠦᠨ ᠤ ᠦᠢᠯᠡᠰ᠂ ᠡᠬᠦᠯᠡᠨ ᠪᠤᠳᠤᠯᠳᠠ ᠶᠢᠨ ᠲᠦᠪ  ᠤᠨ ᠪᠦᠳᠦᠭᠡᠨ ᠪᠠᠶᠢᠭᠤᠯᠤᠯᠳᠠ ᠵᠡᠷᠭᠡ ᠭᠤᠤᠯᠳᠠᠯᠭᠠᠳᠠᠢ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠪᠦᠬᠦ ᠬᠦᠴᠦᠨ ᠢᠶᠠᠷ ᠲᠡᠳᠬᠦᠵᠦ᠂  ᠡᠨᠡ  ᠵᠢᠯ ᠪᠦᠬᠦᠨ ᠢ ᠦᠢᠯᠡᠳᠪᠦᠷᠢᠯᠡᠯ ᠡᠬᠢᠯᠡᠬᠦᠯᠬᠦ ᠪᠠᠷ ᠴᠢᠷᠮᠠᠶᠢᠨ᠎ᠠ᠃  ᠺᠧ ᠲᠠᠢ ᠯᠦᠩ ᠳ᠋ᠠ  ᠂ ᠱᠧᠩ ᠲᠠᠢ ᠡᠯ᠂ ᠲᠠᠯ᠎ᠠ ᠨᠤᠳᠤᠭ ᠠᠷᠢᠬᠢᠨ ᠦᠢᠯᠡᠳᠪᠦᠷᠢ᠂ ᠬᠤᠩ ᠵᠢᠩ ᠶᠤᠸᠠᠨ  ᠲᠤᠰᠤᠨ ᠤ ᠦᠢᠯᠡᠳᠪᠦᠷᠢ ᠵᠡᠷᠭᠡ ᠭᠤᠤᠯᠳᠠᠯᠭᠠᠳᠠᠢ ᠠᠵᠤ ᠠᠬᠤᠶᠢᠯᠠᠯ ᠤᠨ ᠪᠦᠳᠦᠭᠡᠭᠳᠡᠬᠦᠨ ᠤ ᠰᠤᠳᠤᠯᠤᠨ ᠬᠦᠭᠵᠢᠬᠦᠯᠬᠦ ᠲᠦᠪ ᠪᠠᠶᠢᠭᠤᠯᠬᠤ ᠶᠢ ᠵᠤᠷᠢᠬᠵᠢᠭᠤᠯᠵᠤ᠂ ᠰᠢᠨᠵᠢᠯᠡᠭᠡ ᠮᠡᠷᠭᠡᠵᠢᠯ ᠤᠨ ᠰᠤᠳᠤᠯᠭᠠᠨ ᠳᠤ ᠲᠦᠰᠢᠭᠯᠡᠨ ᠪᠦᠳᠦᠭᠡᠭᠳᠡᠬᠦᠨ ᠤ ᠲᠡᠰ ᠲᠡᠪᠰᠢᠬᠦ ᠶᠢ ᠲᠦᠷᠭᠡᠳᠬᠡᠨ᠎ᠡ᠃ ᠠᠷᠠᠯᠵᠢᠶᠠᠴᠢᠨ ᠤᠷᠢᠵᠤ ᠪᠡᠯᠡ  ᠤᠷᠤᠭᠤᠯᠬᠤ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠰᠠᠶᠢᠳᠤᠷ  ᠠᠰᠢᠭᠯᠠᠵᠤ᠂ ᠨᠡᠩ ᠤᠯᠠᠨ ᠬᠦᠴᠦᠷᠭᠡᠭ ᠠᠵᠤ ᠠᠬᠤᠶᠢᠯᠠᠯ ᠢ ᠮᠠᠨ ᠤ ᠬᠤᠰᠢᠭᠤᠨ ᠳᠠᠭᠠᠨ ᠤᠷᠢᠨ ᠤᠷᠤᠭᠤᠯᠵᠤ᠂  ᠡᠨᠡ  ᠵᠢᠯ ᠤᠨ ᠠᠷᠠᠯᠵᠢᠶᠠᠴᠢᠨ ᠤᠷᠢᠵᠤ ᠤᠷᠤᠭᠤᠯᠬᠤ ᠪᠡᠯᠡ ᠶᠢ 22 ᠳ᠋ᠥᠡᠭᠰᠢᠭᠤᠷ ᠲᠥᠬᠦᠷᠢᠭ ᠠᠴᠠ ᠲᠠᠪᠠᠭᠤᠯᠤᠨ᠎ᠠ᠃  ︵ᠭᠤᠷᠪᠠ︶  ᠦᠢᠯᠡᠴᠢᠯᠡᠬᠡᠨ ᠤ ᠦᠢᠯᠡᠰ ᠤᠨ ᠬᠦᠭᠵᠢᠯᠳᠡ ᠶᠢ ᠲᠦᠷᠭᠡᠳᠭᠡᠨ ᠠᠬᠢᠭᠤᠯᠤᠨ᠎ᠠ᠃ ᠲᠤᠮᠤ ᠵᠤᠭᠠᠴᠠᠯ  ᠤᠨ ᠤᠶᠢᠯᠠᠭᠠᠭᠳᠠᠬᠤᠨ ᠢ ᠪᠠᠷᠢᠮᠳᠠᠯᠠᠵᠤ᠂  ᠪᠦᠬᠦ ᠤᠷᠤᠨ ᠪᠦᠰᠡ ᠶᠢᠨ ᠵᠤᠭᠠᠴᠠᠯ ᠤᠨ ᠲᠦᠯᠦᠪᠵᠢᠬᠦᠯᠬᠡ   ᠶᠢᠨ ᠨᠠᠶᠢᠷᠠᠭᠤᠯᠤᠨ ᠲᠤᠭᠳᠠᠬᠤ ᠠᠵᠢᠯ ᠢ ᠪᠦᠬᠦ ᠲᠠᠯᠠᠪᠠᠷ  ᠡᠬᠢᠯᠡᠨ᠂ ︽ᠵᠤᠭᠠᠴᠠᠯ + ᠠᠳᠤᠭᠤᠨ ᠦᠢᠯᠡᠰ  ᠂ ᠵᠤᠭᠠᠴᠠᠯ + ᠲᠠᠷᠢᠶᠠᠯᠠᠩ ᠮᠠᠯ ᠠᠵᠤ ᠠᠬᠤᠢ᠂ ᠵᠤᠭᠠᠴᠠᠯ + ᠠᠵᠤ ᠦᠢᠯᠡᠳᠪᠦᠷᠢ᠂ ᠵᠤᠭᠠᠴᠠᠯ + ᠦᠢᠯᠡᠴᠢᠯᠡᠬᠡᠨ ᠤ ᠦᠢᠯᠡᠰ  ︾ ᠤᠨ ᠠᠭᠤᠰᠤᠯᠴᠠᠭᠰᠠᠨ ᠬᠦᠭᠵᠢᠯᠳᠡ ᠶᠢ ᠲᠦᠶ᠋ᠷᠭᠡᠳᠭᠡᠨ ᠠᠬᠢᠭᠤᠯᠵᠤ᠂ ᠬᠠᠭᠠᠨ ᠤ ᠠᠳᠤᠭᠤᠨ ᠵᠤᠰᠠᠭᠠᠯ ᠢ ᠤᠯᠤᠰ  ᠤᠨ 5A ᠲᠡᠰ ᠤᠨ ᠦᠵᠡᠮᠵᠢ ᠶᠢᠨ ᠤᠷᠤᠨ ᠪᠤᠯᠭᠠᠨ᠂ ᠪᠦᠷᠳᠡ ᠴᠢᠨ᠋ᠸ᠎ᠠ ᠵᠤᠭᠠᠴᠠᠯ ᠤᠨ ᠭᠠᠵᠠᠷ ᠢ 3 A ᠲᠡᠰ ᠤᠨ ᠦᠵᠡᠮᠵᠢ ᠶᠢᠨ ᠤᠷᠤᠨ ᠪᠤᠯᠭᠠᠬᠤ ᠪᠠᠷ ᠴᠢᠷᠮᠠᠶᠢᠨ᠎ᠠ᠃ ︽ ᠭᠠᠴᠠᠭ᠎ᠠ ᠲᠤᠰᠬᠤᠨ ᠪᠤᠯᠭᠠᠨ ᠨᠢᠬᠡ ᠤᠨᠴᠠᠯᠢᠭ ᠲᠡᠮᠳᠡᠭ  ᠲᠠᠢ ᠪᠠᠶᠢᠬᠤ︾ ᠪᠦᠳᠦᠭᠡᠨ ᠪᠠᠶᠢᠭᠤᠯᠤᠯᠳᠠ ᠶᠢᠨ ᠰᠡᠳᠬᠢᠴᠡ ᠶᠢ ᠪᠠᠷᠢᠮᠳᠠᠯᠠᠵᠤ᠂ ᠭᠤᠤᠯᠳᠠᠯᠭᠠᠳᠠᠢ ᠵᠤᠭᠠᠴᠠᠯ ᠤᠨ ᠭᠠᠴᠠᠭ᠎ᠠ ᠲᠤᠰᠬᠤᠨ ᠤ ᠪᠦᠳᠦᠬᠡᠨ ᠪᠠᠶᠢᠭᠤᠯᠤᠯᠳᠠ ᠶᠢ ᠲᠦᠷᠭᠡᠳᠭᠡᠨ᠂  ᠨᠡᠷᠡᠳᠦ ᠲᠡᠮᠳᠡᠭᠵᠢᠭᠰᠡᠨ ᠵᠤᠭᠠᠴᠠᠯ ᠤᠨ ᠨᠠᠶᠢᠷ ᠨᠠᠭᠠᠳᠤᠮ ᠢ ᠦᠷᠬᠦᠯᠵᠢᠯᠡᠨ ᠡᠷᠬᠢᠯᠡᠬᠦ ᠭᠡᠷᠡᠭᠳᠡᠢ᠃ ︽ᠵᠤᠭᠠᠴᠠᠯ + ᠡᠯᠧᠺᠲᠷᠤᠨ ᠬᠤᠳᠠᠯᠳᠤᠭ᠎ᠠ︾ ᠶᠢᠨ ᠬᠦᠭᠵᠢᠯᠳᠡ ᠶᠢ ᠲᠦᠷᠭᠡᠳᠭᠡᠵᠦ᠂ ᠵᠤᠭᠠᠴᠠᠯ ᠤᠨ ᠲᠠᠸᠠᠷ ᠤᠨ ᠡᠵᠡᠩᠨᠡᠯᠳᠡ ᠪᠤᠷᠤᠯᠠᠭᠤᠯᠭ᠎ᠠ ᠶᠢᠨ ᠵᠠᠬ᠎ᠠ ᠲᠡᠯᠬᠡᠬᠦᠷ ᠢ ᠦᠷᠭᠡᠳᠭᠡᠬᠦ ᠭᠡᠷᠡᠭᠳᠡᠢ᠃ ᠵᠤᠭᠠᠴᠠᠯ ᠤᠨ ᠵᠠᠬ᠎ᠠ  ᠲᠡᠯᠬᠡᠬᠦᠷ ᠤᠨ ᠬᠢᠨᠠᠨ ᠬᠠᠮᠢᠶᠠᠷᠤᠯᠳᠠ ᠶᠢ ᠴᠢᠩᠭᠠᠳᠬᠠᠵᠤ᠂  ᠮᠠᠯᠴᠢᠨ ᠲᠠᠷᠢᠶᠠᠴᠢᠨ  ᠡᠷᠦᠬᠡ ᠶᠢᠨ ᠵᠤᠭᠠᠴᠠᠯ ᠤᠨ ᠭᠠᠵᠠᠷ ᠤᠨ ᠪᠦᠳᠦᠬᠡᠨ ᠪᠠᠶᠢᠭᠤᠯᠤᠯᠳᠠ ᠶᠢᠨ ᠪᠠᠷᠢᠮᠵᠢᠶ᠎ᠠ ᠬᠢᠭᠡᠳ ᠬᠠᠮᠢᠶᠠᠷᠤᠯᠳᠠ ᠶᠢᠨ ᠠᠷᠭ᠎ᠠ ᠶᠢ ᠴᠢᠩᠭ᠎ᠠ ᠭᠡᠷᠡᠭᠵᠢᠬᠦᠯᠵᠦ᠂ ︽ ᠵᠤᠷᠯᠤᠩ ᠤᠨ ᠦᠬᠡᠷᠡᠴᠢᠯᠡᠯᠳᠡ︾ ᠶᠢ ᠦᠷᠬᠦᠯᠵᠢᠯᠡᠨ ᠲᠦᠯᠬᠢᠨ ᠠᠬᠢᠭᠤᠯᠵᠤ᠂ ᠵᠤᠭᠠᠴᠠᠯ ᠤᠨ ᠵᠠᠬ᠎ᠠ ᠲᠡᠯᠬᠡᠬᠦᠷ ᠤᠨ ᠬᠦᠭᠵᠢᠯᠳᠡ ᠪᠠ ᠦᠢᠯᠡᠴᠢᠯᠡᠬᠡᠨ ᠤ ᠤᠷᠴᠢᠨ ᠲᠤᠭᠤᠷᠢᠨ ᠢ ᠲᠠᠰᠤᠷᠠᠯᠳᠠ ᠦᠬᠡᠢ ᠰᠢᠯᠢᠳᠡᠭᠵᠢᠬᠦᠯᠬᠦ ᠭᠡᠷᠡᠭᠳᠡᠢ᠃ ᠡᠯᠧᠺᠲᠷᠤᠨ ᠬᠤᠳᠠᠯᠳᠤᠭᠠᠨ ᠤ ᠶᠠᠪᠤᠳᠠᠯ  ᠤᠨ ᠲᠦᠷᠭᠡᠨ ᠬᠦᠭᠵᠢᠯᠳᠡ ᠶᠢ ᠠᠬᠢᠭᠤᠯᠵᠤ᠂  ᠲᠤᠤ ᠪᠤᠤ᠂ ᠵᠢᠩ ᠳ᠋ᠦᠩ  ᠂ ᠢᠦ ᠯᠧ ᠸᠠᠩ᠂ ᠯᠧ ᠼᠦᠨ ᠲᠤᠤ ᠵᠡᠷᠭᠡ ᠡᠯᠧᠺᠲᠷᠤᠨ ᠬᠤᠳᠠᠯᠳᠤᠭᠠᠨ ᠤ ᠲᠠᠪᠴᠠᠩ ᠳᠤ ᠲᠦᠰᠢᠭᠯᠡᠨ᠂  ᠤᠯᠤᠰ ᠤᠨ ᠲᠡᠰ ᠤᠨ ᠡᠯᠧᠺᠲᠷᠤᠨ ᠬᠤᠳᠠᠯᠳᠤᠭᠠᠨ ᠤ ᠶᠠᠪᠤᠳᠠᠯ ᠢ ᠬᠦᠳᠡᠭᠡ ᠲᠤᠰᠬᠤᠨ ᠳᠤ ᠤᠷᠤᠭᠤᠯᠬᠤ ᠵᠢᠱᠢᠶ᠎ᠡ ᠦᠵᠡᠬᠦᠯᠬᠦ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠯᠠᠪᠳᠠᠭᠤᠨ ᠢᠶᠠᠷ ᠲᠦᠯᠬᠢᠨ ᠠᠬᠢᠭᠤᠯᠬᠤ ᠭᠡᠷᠡᠭᠳᠡᠢ᠃ ᠠᠷᠠᠯᠵᠢᠶ᠎ᠠ ᠬᠦᠢᠯᠬᠡᠬᠡᠨ ᠤ ᠦᠢᠯᠡᠰ ᠢ ︽ ᠨᠧᠲ ᠰᠦᠯᠵᠢᠶ᠎ᠡ +︾ ᠲᠡᠰᠢ  ᠭᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠵᠦ᠂ ᠬᠦᠳᠡᠭᠡ ᠲᠤᠰᠬᠤᠨ ᠤ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠨᠡᠶᠢᠳᠡ ᠶᠢᠨ ᠦᠢᠯᠡᠴᠢᠯᠡᠬᠡᠨ ᠤ ᠰᠢᠰᠲ᠋ᠧᠮᠵᠢ᠂  ᠪᠤᠳᠠᠰ  ᠤᠨ ᠬᠦᠢᠯᠬᠡᠬᠡᠨ ᠤ ᠲᠤᠬᠢᠷᠠᠭᠤᠯᠤᠨ ᠬᠦᠷᠭᠡᠬᠦ ᠰᠢᠰᠲ᠋ᠧᠮᠵᠢ ᠬᠢᠭᠡᠳ ᠪᠦᠳᠦᠭᠡᠭᠳᠡᠬᠦᠨ ᠤ ᠶᠠᠰᠤ ᠴᠢᠨᠠᠷ ᠤᠨ ᠮᠦᠷᠳᠡᠨ ᠨᠡᠬᠡᠮᠵᠢᠯᠡᠬᠦ ᠰᠢᠰᠲ᠋ᠧᠮᠵᠢ ᠶᠢᠨ ᠪᠦᠳᠦᠬᠡᠨ ᠪᠠᠶᠢᠭᠤᠯᠤᠯᠳᠠ ᠶᠢ ᠲᠡᠬᠦᠯᠳᠡᠷᠵᠢᠬᠦᠯᠦᠨ᠂  ᠮᠠᠯᠵᠢᠬᠤ ᠲᠠᠷᠢᠶᠠᠯᠠᠬᠤ ᠤᠷᠤᠨ  ᠤ ᠡᠯᠧᠺᠲᠷᠤᠨ ᠬᠤᠳᠠᠯᠳᠤᠭᠠᠨ ᠤ ᠦᠢᠯᠡᠴᠢᠯᠡᠬᠡᠨ ᠤ ᠦᠷᠳᠡᠭᠡ 61 ᠶᠢ ᠰᠢᠨ᠎ᠡ ᠪᠠᠷ ᠪᠠᠶᠢᠭᠤᠯᠤᠨ᠎ᠠ᠃    ︵ ᠲᠦᠷᠪᠡ  ︶  ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠯᠬᠤᠭ᠎ᠠ   ᠪᠠᠨ ᠲᠦᠷᠭᠡᠳᠬᠡᠨ᠎ᠡ᠃  30 ᠶᠠᠳᠠᠭᠤ ᠬᠦᠴᠢᠷᠳᠡᠢ ᠭᠠᠴᠠᠭ᠎ᠠ ᠲᠤᠰᠬᠤᠨ ᠤ ᠶᠠᠳᠠᠭᠤ   ᠶᠢᠨ ᠮᠠᠯᠠᠭᠠᠢ ᠶᠢ ᠠᠪᠴᠤ ᠬᠠᠶᠠᠬᠤ ᠪᠠ 2000 ᠶᠠᠳᠠᠭᠤ ᠬᠦᠴᠢᠷᠳᠡᠢ ᠡᠷᠦᠬᠡ ᠶᠢ ᠶᠠᠳᠠᠭᠤ ᠠᠴᠠ ᠠᠩᠬᠢᠵᠢᠷᠠᠭᠤᠯᠬᠤ ᠡᠨᠡ ᠵᠢᠯ ᠤᠨ ᠡᠬᠦᠷᠭᠡ ᠬᠠᠷᠠᠯᠳᠠ ᠶᠢ ᠨᠠᠶᠢᠳᠠᠪᠤᠷᠢᠵᠢᠭᠤᠯᠵᠤ᠂  ᠶᠠᠳᠠᠭᠤ ᠠᠴᠠ ᠠᠩᠬᠢᠵᠢᠷᠠᠭᠤᠯᠬᠤ ᠪᠡᠯᠡ  ᠮᠦᠩᠬᠦᠨ ᠤ ᠤᠷᠤᠭᠤᠯᠤᠯᠳᠠ ᠶᠢ ᠶᠡᠬᠡᠰᠭᠡᠨ᠂  ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠤᠰᠬᠠᠢ ᠲᠦᠷᠦᠯ ᠤᠨ ᠪᠡᠯᠡ  ᠮᠦᠩᠬᠦ 1000 ᠲᠦᠮᠡᠨ ᠲᠦᠬᠦᠷᠢᠭ ᠢ  ᠲᠤᠬᠢᠷᠠᠭᠤᠯᠵᠤ᠂  ᠡᠯ᠎ᠡ ᠲᠦᠷᠦᠯ ᠤᠨ ᠲᠠᠷᠢᠶᠠᠯᠠᠩ ᠮᠠᠯ ᠠᠵᠤ ᠠᠬᠤᠢ ᠶᠢᠨ ᠬᠠᠮᠢᠶᠠᠳᠠᠢ ᠪᠡᠯᠡ  ᠮᠦᠩᠬᠦ 7500 ᠲᠦᠮᠡᠨ ᠲᠦᠬᠦᠷᠢᠭ ᠢ ᠬᠠᠮᠳᠤᠳᠬᠠᠨ᠂ ᠡᠯ᠎ᠡ ᠵᠦᠢᠯ ᠤᠨ ᠮᠦᠩᠬᠦᠨ ᠬᠦᠢᠯᠬᠡᠬᠡ ᠪᠠᠷ ᠶᠠᠳᠠᠭᠤ ᠶᠢ ᠲᠡᠳᠬᠦᠬᠦ ᠵᠢᠬᠡᠯᠡᠯᠬᠡ 1 ᠳ᠋ᠦ᠋ᠩᠰᠢᠭᠤᠷ ᠲᠦᠬᠦᠷᠢᠭ ᠢ ᠲᠠᠷᠬᠠᠭᠠᠨ᠎ᠠ᠃  ᠲᠠᠶᠢᠴᠢᠯᠠᠨ ᠲᠠᠭᠠᠭᠤᠯᠵᠤ ᠶᠠᠳᠠᠭᠤ ᠠᠴᠠ ᠠᠩᠬᠢᠵᠢᠷᠠᠭᠤᠯᠬᠤ ᠪᠠᠷ ᠭᠠᠷᠳᠠᠴᠠ ᠪᠤᠯᠭᠠᠨ᠂ ᠲᠦᠷᠦ ᠶᠢᠨ ᠪᠤᠳᠤᠯᠭ᠎ᠠ ᠶᠢ ᠶᠠᠳᠠᠭᠤ ᠬᠦᠴᠢᠷᠳᠡᠢ ᠭᠠᠴᠠᠭ᠎ᠠ ᠲᠤᠰᠬᠤᠨ ᠵᠦᠭ ᠲᠦᠪᠯᠡᠷᠡᠬᠦᠯᠵᠦ᠂ ᠪᠡᠯᠡ  ᠮᠦᠩᠬᠦ ᠶᠢ ᠶᠠᠳᠠᠭᠤ ᠬᠦᠴᠢᠷᠳᠡᠢ ᠡᠷᠦᠬᠡ ᠵᠦᠭ ᠲᠦᠪᠯᠡᠷᠡᠬᠦᠯᠦᠨ᠂ ᠪᠦᠬᠦ  ᠬᠦᠴᠦᠨ ᠢᠶᠠᠨ ᠶᠠᠳᠠᠭᠤ ᠬᠦᠴᠢᠷᠳᠡᠢ ᠨᠢᠭᠤᠷᠯᠠᠯ ᠲᠡᠰᠢ ᠲᠦᠪᠯᠡᠷᠡᠬᠦᠯᠬᠦ ᠭᠡᠷᠡᠭᠳᠡᠢ᠃ ᠴᠠᠩ ᠱᠧᠩ᠂  ᠳ᠋ᠧ ᠴᠢᠩ ᠶᠤᠸᠠᠨ ᠵᠡᠷᠭᠡ ᠠᠵᠤ ᠠᠬᠤᠶᠢᠯᠠᠯ ᠤᠨ  ᠶᠠᠳᠠᠭᠤ ᠶᠢ ᠳᠡᠳᠬᠦᠬᠦ  ᠲᠠᠪᠴᠠᠩ ᠤᠨ ᠪᠠᠶᠢᠭᠤᠯᠤᠯᠳᠠ ᠶᠢ ᠲᠦᠷᠭᠡᠳᠭᠡᠵᠦ᠂ ︽ᠠᠵᠤ ᠠᠬᠤᠶᠢᠯᠠᠯ +  ᠡᠷᠦᠬᠡ︾᠂ ︽ᠰᠠᠭᠤᠷᠢᠨ ᠭᠠᠵᠠᠷ +  ᠡᠷᠦᠬᠡ︾ ᠵᠡᠷᠭᠡ ᠠᠰᠢᠭ ᠲᠤᠰᠠ ᠶᠢᠨ ᠬᠤᠯᠪᠤᠭᠠᠯᠠᠯ ᠤᠨ ᠲᠤᠭᠳᠠᠴᠠ   ᠶᠢ  ᠪᠠᠶᠢᠭᠤᠯᠤᠨ᠂ ᠬᠦᠳᠡᠯᠮᠦᠷᠢ ᠬᠦᠴᠦᠨ ᠦᠬᠡᠢ ᠶᠠᠳᠠᠭᠤ ᠬᠦᠴᠢᠷᠳᠡᠢ ᠡᠷᠦᠬᠡ  ᠶᠢᠨ ᠲᠤᠭᠳᠠᠭᠤᠨ ᠢᠶᠠᠷ ᠤᠷᠤᠯᠭ᠎ᠠ ᠪᠠᠨ ᠨᠡᠮᠡᠭᠳᠡᠬᠦᠯᠬᠦ ᠶᠢ ᠪᠠᠳᠤᠯᠠᠬᠤ ᠭᠡᠷᠡᠭᠳᠡᠢ᠃ ᠡᠤ ᠹᠧᠩ᠂  ᠵᠦᠩ ᠰᠢᠤᠢ ᠷᠦᠩ ᠲᠠᠢ᠂  ᠱᠧᠩ ᠲᠠᠢ ᠡᠯ᠂ ᠪᠠᠢ ᠾᠦᠢ  ᠱᠧᠩ ᠵᠡᠷᠭᠡ ᠲᠤᠯᠤᠭᠠᠶᠢᠯᠠᠭᠴᠢ ᠠᠵᠤ ᠠᠬᠤᠶᠢᠯᠠᠯ ᠳᠤ ᠲᠦᠰᠢᠭᠯᠡᠨ᠂  ᠶᠠᠳᠠᠭᠤ ᠬᠦᠴᠢᠷᠳᠡᠢ ᠡᠷᠦᠬᠡ ᠶᠢ ᠵᠢᠯᠤᠭᠤᠳᠴᠤ ᠰᠠᠶᠢᠨ ᠡᠬᠦᠯᠳᠡᠷ ᠤᠨ ᠮᠢᠬᠠᠨ ᠤ ᠦᠬᠡᠷ ᠬᠤᠨᠢ ᠮᠠᠯᠵᠢᠬᠤ ᠪᠠ ᠡᠮ ᠤᠨ ᠮᠠᠲ᠋ᠧᠷᠢᠶᠠᠯ᠂ ᠰᠢᠬᠢᠷ ᠯᠤᠤᠪᠠᠩ  ᠲᠠᠷᠢᠬᠤ ᠵᠡᠷᠭᠡ ᠶᠠᠳᠠᠭᠤ ᠠᠴᠠ ᠠᠩᠬᠢᠵᠢᠷᠠᠭᠤᠯᠬᠤ ᠭᠤᠤᠯᠯᠠᠬᠤ ᠠᠵᠤ ᠦᠢᠯᠡᠰ   ᠲᠤ ᠤᠷᠤᠯᠴᠠᠭᠤᠯᠤᠨ᠂  ᠵᠠᠰᠠᠭ ᠤᠨ ᠤᠷᠳᠤᠨ ᠠᠴᠠ ᠵᠢᠯᠤᠭᠤᠳᠬᠤ᠂ ᠠᠵᠤ ᠠᠬᠤᠶᠢᠯᠠᠯ ᠠᠴᠠ ᠡᠵᠡᠩᠨᠡᠬᠦ ᠂ ᠶᠠᠳᠠᠭᠤ ᠬᠦᠴᠢᠷᠳᠡᠢ ᠡᠷᠦᠬᠡ ︵ᠬᠠᠮᠳᠤ︶  ᠬᠦᠳᠡᠯᠮᠦᠷᠢ ᠬᠦᠴᠦ ᠪᠤᠶᠤ ᠬᠦᠷᠦᠩᠬᠡ ᠮᠦᠩᠬᠦ ᠪᠠᠷ ᠢᠶᠠᠨ ᠬᠤᠪᠢ ᠤᠷᠤᠬᠤ ᠵᠡᠷᠭᠡ  ᠠᠷᠭ᠎ᠠ ᠭᠡᠯᠪᠡᠷᠢ ᠪᠠᠷ ᠲᠠᠮᠵᠢᠨ᠂  ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠶᠢ  ᠪᠡᠶᠡᠯᠡᠬᠦᠯᠦᠨ᠎ᠡ ᠃ ᠡᠨᠡ  ᠵᠢᠯ ᠤᠨ ᠤᠨᠳᠤᠤ ᠭᠠᠵᠠᠷ ᠨᠡᠬᠦᠯᠬᠡᠵᠦ ᠶᠠᠳᠠᠭᠤ ᠶᠢ ᠲᠡᠳᠬᠦᠬᠦ ᠠᠵᠢᠯ ᠡᠬᠦᠷᠭᠡ ᠶᠢ ᠪᠦᠬᠦ ᠲᠠᠯᠠᠪᠠᠷ ᠪᠡᠶᠡᠯᠡᠬᠦᠯᠬᠦ ᠭᠡᠷᠡᠭᠳᠡᠢ᠃ ᠲᠤᠮᠳᠠᠳᠤ ᠤᠯᠤᠰ ᠤᠨ ᠪᠠᠩᠬᠢ ᠶᠢᠨ ᠨᠡᠶᠢᠳᠡ ᠶᠢᠨ ᠠᠰᠠᠷᠠᠮᠵᠢ ᠶᠢᠨ ᠲᠠᠪᠴᠠᠩ ᠢ ᠠᠰᠢᠭᠯᠠᠨ᠂ ᠡᠯ᠎ᠡ ᠲᠦᠷᠦᠯ ᠤᠨ ᠠᠵ ᠠᠬᠤᠶᠢᠯᠠᠯ ᠢ ᠵᠢᠯᠤᠭᠤᠳᠴᠤ ᠰᠦᠯᠵᠢᠶᠡᠨ ᠤ  ᠪᠤᠶᠤ ᠰᠦᠯᠵᠢᠶᠡᠨ ᠤ ᠪᠤᠰᠤ ᠬᠠᠮᠳᠣᠷᠠᠯᠴᠠᠭ᠎ᠠ ᠳᠤ ᠤᠷᠤᠯᠴᠠᠭᠤᠯᠤᠨ᠂  ᠠᠵᠤ ᠠᠬᠤᠶᠢᠯᠠᠯ ᠬᠦᠴᠦᠷᠭᠡᠭᠵᠢᠬᠦ ᠪᠠ ᠶᠠᠳᠠᠭᠤ ᠬᠦᠴᠢᠷᠳᠡᠢ ᠡᠷᠦᠬᠡ ᠠᠰᠢᠭ ᠬᠦᠷᠳᠡᠬᠦ ᠬᠤᠤᠰ ᠦᠷ᠎ᠡ ᠠᠰᠢᠭ ᠢ ᠪᠡᠶᠡᠯᠡᠬᠦᠯᠬᠦ ᠭᠡᠷᠡᠭᠳᠡᠢ᠃  ᠡᠷᠡᠬᠦᠯ ᠬᠠᠮᠠᠭᠠᠯᠠᠯ ᠢᠶᠠᠷ ᠶᠠᠳᠠᠭᠤ ᠶᠢ ᠳᠡᠳᠬᠦᠬᠦ ᠶᠢ ᠬᠦᠨᠵᠡᠬᠡᠢ ᠲᠦᠯᠬᠢᠨ ᠠᠬᠢᠭᠤᠯᠵᠤ᠂  ᠡᠮᠨᠡᠯᠬᠡ ᠶᠢᠨ ᠠᠪᠤᠷᠠᠨ ᠲᠤᠰᠠᠯᠠᠬᠤ ᠪᠠᠳᠤᠯᠠᠭᠠᠨ ᠤ ᠰᠠᠭᠤᠷᠢ ᠮᠦᠩᠬᠦ ᠶᠢ ᠪᠠᠶᠢᠭᠤᠯᠤᠨ᠂ ᠡᠮᠨᠡᠯᠬᠡ ᠶᠢᠨ ᠰᠦᠢᠳᠭᠡᠯ ᠢ ᠬᠠᠰᠤᠵᠤ ᠬᠡᠯᠳᠦᠷᠢᠬᠦᠯᠬᠦ ᠪᠠ ᠲᠠᠩᠰᠠ ᠴᠠᠶᠢᠷᠠᠭᠤᠯᠬᠤ ᠠᠷᠭ᠎ᠠ ᠪᠠᠷ ᠢᠶᠠᠷ ᠶᠠᠳᠠᠭᠤ ᠶᠢ ᠲᠡᠳᠬᠦᠵᠦ᠂  ᠭᠡᠷ ᠪᠦᠯᠢ ᠶᠢᠨ ᠡᠮᠴᠢ ᠶᠢᠨ ᠭᠡᠷ᠎ᠡ ᠲᠤᠭᠳᠠᠬᠤ ᠦᠢᠯᠡᠴᠢᠯᠡᠭᠡ ᠵᠡᠷᠭᠡ  ᠶᠢ ᠭᠡᠷᠡᠭᠵᠢᠬᠦᠯᠦᠨ᠂  ᠶᠠᠳᠠᠭᠤ ᠬᠦᠴᠢᠷᠳᠡᠢ ᠡᠷᠦᠬᠡ ᠶᠢᠨ ᠡᠪᠡᠳᠴᠢᠳᠡᠨ ᠢ ᠲᠦᠷᠦ ᠬᠤᠪᠢᠶᠠᠵᠤ ᠠᠪᠤᠷᠠᠨ ᠲᠤᠰᠠᠯᠠᠬᠤ  ᠶᠢ ᠪᠠᠳᠤᠯᠠᠨ᠎ᠠ᠃ ᠭᠠᠴᠠᠭ᠎ᠠ ᠲᠤᠰᠬᠤᠨ ᠳᠤ ᠰᠠᠭᠤᠭ᠎ᠠ ᠬᠠᠪᠰᠤᠷᠤᠨ ᠲᠡᠳᠬᠦᠬᠦ ᠠᠵᠢᠯᠳᠠᠨ ᠤ ᠡᠩᠨᠡᠭᠡ ᠶᠢ ᠲᠤᠬᠢᠷᠠᠭᠤᠯᠤᠨ ᠲᠡᠬᠦᠯᠳᠡᠷᠵᠢᠬᠦᠯᠵᠦ᠂  ᠠᠵᠢᠯ ᠤᠨ ᠰᠠᠬᠢᠯᠭ᠎ᠠ ᠪᠠᠳᠤ ᠶᠢ ᠴᠢᠩᠭᠠᠳᠬᠠᠨ᠂  ᠶᠠᠳᠠᠭᠤ ᠬᠦᠴᠢᠷᠳᠡᠢ ᠡᠷᠦᠬᠡ ᠶᠢᠨ  ᠬᠠᠮᠢᠶᠠᠷᠤᠯᠳᠠ ᠶᠢᠨ ᠲᠠᠪᠴᠠᠩ ᠤᠨ ᠪᠦᠳᠦᠬᠡᠨ ᠪᠠᠶᠢᠭᠤᠯᠤᠯᠳᠠ ᠶᠢ ᠦᠷᠬᠦᠯᠵᠢᠯᠡᠨ ᠰᠠᠶᠢᠨ ᠠᠳᠬᠤᠵᠤ ᠂  ᠤᠷᠮᠠᠰᠢᠭᠤᠯᠤᠨ ᠵᠤᠷᠢᠬᠵᠢᠭᠤᠯᠬᠤ ᠪᠠ ᠬᠢᠨᠠᠨ ᠰᠢᠯᠭᠠᠬᠤ ᠲᠤᠭᠳᠠᠴᠠ ᠶᠢ ᠨᠠᠶᠢᠳᠠᠪᠤᠷᠢᠵᠢᠭᠤᠯᠤᠨ᠎ᠠ᠃ ᠵᠦᠪ ᠤᠨᠤᠪᠴᠢᠳᠠᠢ ᠲᠦᠷᠦ ᠶᠢᠨ ᠪᠤᠳᠤᠯᠭ᠎ᠠ ᠪᠠ ᠠᠵᠢᠯ ᠤᠨ ᠵᠢᠯᠤᠭᠤᠳᠤᠮᠵᠢ ᠶᠢ ᠪᠤᠢ ᠪᠤᠯᠭᠠᠵᠤ᠂ ︽ᠠᠯᠵᠠᠭᠤ ᠬᠦᠮᠦᠨ ᠲᠡᠵᠢᠬᠡᠬᠦ︾ ᠶᠢ  ᠡᠷᠡᠰ ᠬᠤᠷᠢᠭᠯᠠᠨ᠂  ᠶᠠᠳᠠᠭᠤ ᠪᠠᠷ ᠦᠩᠬᠡ ᠭᠡᠷᠡᠯ ᠪᠤᠯᠭᠠᠬᠤ ᠶᠢ ᠡᠷᠡᠰ ᠬᠤᠷᠢᠭᠯᠠᠬᠤ ᠭᠡᠷᠡᠭᠳᠡᠢ᠃       ︵ᠲᠠᠪᠤ  ︶ ᠬᠤᠲᠠ ᠬᠥᠳᠡᠭᠡ  ᠶᠢᠨ ᠪᠥᠳᠥᠭᠡᠨ ᠪᠠᠶᠢᠭᠤᠯᠣᠯᠲᠠ  ᠶᠢ ᠨᠢᠭᠡᠳᠣᠯᠲᠠᠢ ᠲᠥᠯᠥᠪᠯᠡᠨ ᠠᠬᠢᠭᠤᠯᠤᠨ᠎ᠠ᠃ ᠬᠤᠲᠠ ᠪᠠᠯᠭᠠᠰᠣᠨ  ᠤ ᠶᠡᠷᠥᠩᠬᠡᠢ ᠲᠥᠯᠥᠪᠵᠢᠭᠦᠯᠭᠡ  ᠶᠢ ᠰᠢᠨᠵᠢᠯᠡᠬᠦ ᠣᠬᠠᠭᠠᠨᠴᠢ  ᠪᠠᠷ ᠨᠠᠶᠢᠷᠠᠭᠤᠯᠵᠦ᠂ ᠬᠤᠲᠠ  ᠶᠢᠨ ᠪᠠᠶᠢᠭᠤᠯᠤᠯᠲᠠ  ᠶᠢ ᠬᠦᠴᠦᠲᠠᠢ  ᠠᠬᠢᠭᠤᠯᠤᠨ᠂ ᠰᠠᠭᠤᠷᠢ ᠲᠥᠭᠦᠭᠡᠷᠥᠮᠵᠢ  ᠶᠢᠨ  ᠪᠥᠳᠥᠭᠡᠨ ᠪᠠᠶᠢᠭᠤᠯᠤᠯᠲᠠ ᠶᠢᠨ  ᠬᠢᠷᠢ ᠲᠥᠪᠰᠢᠨ  ᠢ ᠲᠠᠰᠣᠷᠠᠯᠲᠠ ᠦᠬᠡᠢ  ᠲᠡᠬᠦᠯᠳᠡᠷᠵᠢᠬᠦᠯᠬᠦ ᠭᠡᠷᠡᠭᠳᠡᠢ᠃  ᠬᠤᠲᠠ ᠪᠠᠯᠭᠠᠰᠣᠨ  ᠤ 7 ᠺᠢᠯᠣᠮᠧᠲᠷ ᠵᠡᠭᠡᠯᠢ ᠭᠤᠳᠣᠮᠵᠢ  ᠶᠢ  ᠬᠠᠳᠠᠭᠤᠷᠠᠭᠤᠯᠤᠨ᠂ 16 ᠲᠥᠮᠡᠨ  ᠬᠠᠪᠳᠠᠭᠠᠢ ᠳᠥᠷᠪᠡᠯᠵᠢᠨ ᠮᠧᠲᠷ ᠶᠠᠪᠠᠭᠠᠨ ᠤ  ᠵᠠᠮ  ᠢ ᠳᠡᠪᠢᠰᠴᠦ᠂ 50 ᠲᠥᠮᠡᠨ ᠬᠠᠪᠳᠠᠭᠠᠢ ᠳᠦᠷᠪᠡᠯᠵᠢᠨ ᠮᠧᠲᠷ ᠭᠤᠣᠯ  ᠵᠠᠰᠠᠮᠠᠯ ᠵᠠᠮ ᠢ  ᠳᠡᠪᠢᠰᠴᠦ  ᠂ 4 ᠺᠢᠯᠣᠮᠧᠲᠷ  ᠴᠠᠷᠳᠠᠮᠠᠯ ᠵᠠᠮ  ᠢ  ᠰᠢᠨ᠎ᠡ ᠪᠠᠷ ᠳᠡᠪᠢᠰᠣᠨ᠎ᠡ᠃ ᠠᠮᠢ ᠠᠬᠤᠢ  ᠶᠢᠨ ᠣᠰᠣᠨ ᠤ ᠰᠢᠰᠲ᠋ᠧᠮ  ᠤᠨ ᠴᠡᠴᠡᠷᠯᠢᠭ  ᠤᠨ ᠪᠦᠳᠦᠭᠡᠨ ᠪᠠᠶᠢᠭᠤᠯᠤᠯᠳᠠ ᠶᠢ  ᠦᠷᠬᠦᠯᠵᠢᠯᠡᠬᠦᠯᠵᠦ᠂ ᠶᠡᠷᠥᠩᠬᠡᠶᠢᠯᠡᠭᠰᠡᠨ ᠪᠡᠶ᠎ᠡ ᠴᠢᠬᠢᠷᠠᠭᠵᠢᠭᠤᠯᠬᠤ ᠠᠭᠤᠳᠠᠮ ᠲᠠᠯᠠᠪᠠᠢ  ᠶᠢᠨ ᠪᠠᠷᠢᠯᠭ᠎ᠠ  ᠶᠢ  ᠡᠬᠢᠯᠡᠨ᠂ ᠲᠠᠶᠢᠹᠣᠰᠧ ᠬᠤᠰᠢᠭᠤᠨ  ᠤ ᠰᠣᠶᠣᠯ  ᠤᠨ ᠠᠭᠤᠳᠠᠮ ᠲᠠᠯᠠᠪᠠᠢ  ᠶᠢᠨ ᠵᠠᠰᠠᠨ ᠰᠡᠯᠪᠢᠬᠦ  ᠠᠵᠢᠯ ᠢ ᠬᠢᠵᠦ  ᠂  ᠵᠠᠮ  ᠤᠨ ᠬᠤᠶᠠᠷ ᠬᠠᠵᠠᠭᠤ᠂ ᠠᠯᠪᠠᠨ ᠪᠠᠶᠢᠭᠤᠯᠭ᠎ᠠ  ᠶᠢᠨ ᠬᠥᠷᠢᠶ᠎ᠡ ᠬᠠᠰᠢᠶ᠎ᠠ᠂ ᠰᠠᠭᠤᠭᠠᠯᠢ ᠠᠷᠠᠳ  ᠤᠨ ᠲᠣᠭᠤᠷᠢᠭ  ᠢ 10 ᠲᠥᠮᠡᠨ ᠬᠠᠪᠳᠠᠭᠠᠢ ᠲᠥᠷᠪᠡᠯᠵᠢᠨ ᠮᠧᠲᠷ  ᠨᠣᠭᠤᠭᠠᠷᠠᠭᠤᠯᠣᠨ᠎ᠠ᠃  ᠪᠤᠤᠴᠠᠩ ᠤᠨ ᠬᠤᠶᠢᠳᠤ ᠠᠮᠠ ᠶᠢᠨ ᠥᠭᠡᠷᠡᠴᠢᠯᠡᠨ ᠵᠠᠰᠠᠬᠤ  ᠠᠵᠢᠯ ᠢ ᠬᠢᠵᠦ᠂ 2.6 ᠺᠢᠯᠣᠮᠧᠲᠷ ᠵᠠᠮ ᠢ ᠥᠭᠡᠷᠡᠴᠢᠯᠡᠨ ᠵᠠᠰᠠᠨ᠎ᠠ᠃ ᠤᠰᠤ ᠭᠠᠳᠠᠭᠰᠢᠯᠠᠭᠤᠯᠬᠤ ᠬᠤᠭᠤᠯᠠᠢ  5.5 ᠺᠢᠯᠣᠮᠧᠲᠷ  ᠤᠭᠰᠠᠷᠠᠵᠤ᠂ ᠤᠰᠤ ᠬᠠᠩᠭᠠᠵᠤ ᠭᠠᠳᠠᠭᠰᠢᠯᠠᠭᠤᠯᠬᠤ ᠶᠡᠷᠥᠩᠬᠡᠶᠢᠯᠡᠭᠰᠡᠨ ᠦᠬᠡᠷᠡᠴᠢᠯᠡᠯᠳᠡ ᠶᠢᠨ ᠲᠥᠷᠥᠯ ᠵᠥᠢᠯ  ᠢ  ᠦᠷᠬᠦᠯᠵᠢᠯᠡᠬᠦᠯᠦᠨ᠂ 7 ᠺᠢᠯᠣᠮᠧᠲᠷ ᠤᠰᠤ ᠬᠠᠩᠭᠠᠬᠤ ᠬᠤᠭᠤᠯᠠᠢ ᠤᠭᠰᠠᠷᠠᠵᠤ᠂ ᠬᠠᠭᠤᠴᠢᠨ ᠬᠤᠲᠠ  ᠶᠢᠨ ᠳᠣᠭᠤᠷᠢᠭ  ᠤᠨ ᠲᠥᠭᠡᠭᠡᠯ ᠣᠰᠣᠨ  ᠤ ᠤᠶᠢᠯᠡᠳᠪᠣᠷᠢ  ᠶᠢᠨ ᠣᠰᠣᠨ  ᠤ ᠴᠢᠨᠠᠷ  ᠤᠨ ᠪᠠᠷᠢᠮᠵᠢᠶ᠎ᠠ  ᠶᠢ ᠳᠡᠭᠡᠭᠰᠢᠯᠡᠭᠦᠯᠬᠦ ᠢᠨᠵᠧᠨᠧᠷᠢᠩ  ᠢ  ᠭᠡᠷᠡᠭᠵᠢᠬᠦᠯᠦᠨ᠂ 9 ᠺᠢᠯᠣᠮᠧᠲᠷ ᠤᠰᠤ ᠬᠠᠩᠭᠠᠬᠤ ᠬᠤᠭᠤᠯᠠᠢ  ᠤᠭᠰᠠᠷᠠᠨ᠎ᠠ᠃ ᠢᠯᠴᠢ ᠬᠠᠩᠭᠠᠬᠤ ᠲᠣᠣᠷ ᠬᠤᠭᠤᠯᠡᠢ  15 ᠺᠢᠯᠣᠮᠧᠲᠷ ᠤᠭᠰᠠᠷᠠᠵᠤ  ᠂ 9 ᠰᠠᠭᠤᠷᠢ ᠢᠯᠴᠢ ᠬᠠᠩᠭᠠᠬᠤ ᠥᠷᠲᠡᠭᠡ  ᠶᠢ ᠥᠭᠡᠷᠡᠴᠢᠯᠡᠨ ᠪᠠᠶᠢᠭᠤᠯᠵᠦ᠂ ᠢᠯᠴᠢ ᠴᠠᠬᠢᠯᠭᠠᠨ ᠤ ᠬᠠᠮ ᠦᠢᠯᠡᠳᠪᠦᠷᠢᠯᠡᠯ ᠤᠨ ᠲᠥᠷᠥᠯ ᠵᠤᠶᠢᠯ ᠲᠠᠢ ᠬᠠᠮᠵᠢᠯᠴᠠᠨ 9 ᠺᠢᠯᠣᠮᠧᠲᠷ ᠢᠯᠴᠢ ᠬᠠᠩᠭᠠᠬᠤ ᠲᠤᠤᠷ ᠬᠤᠭᠤᠯᠠᠢ  ᠶᠢ  ᠰᠢᠨ᠎ᠡ ᠪᠠᠷ ᠤᠭᠰᠠᠷᠠᠨ᠎ᠠ᠃ ᠬᠢᠮᠳᠠ  ᠦᠨᠡᠳᠦ  ᠤᠷᠤᠨ ᠰᠠᠭᠤᠴᠠ ᠶᠢᠨ ᠬᠠᠩᠭᠠᠯᠭ᠎ᠠ   ᠶᠢ ᠴᠢᠩᠭᠠᠳᠬᠠᠵᠤ᠂ 2500 ᠡᠷᠥᠬᠡ  ᠶᠢᠨ ᠬᠠᠭᠤᠴᠢᠨ ᠣᠷᠣᠨ ᠰᠠᠭᠤᠴᠠ   ᠶᠢ ᠰᠢᠨᠡᠳᠬᠡᠨ ᠪᠠᠶᠢᠭᠤᠯᠤᠨ᠎ᠠ᠃ ᠣᠶᠣᠨ  ᠤ ᠪᠤᠯᠪᠠᠰᠤᠨ  ᠤ ᠪᠠᠶᠢᠭᠤᠯᠤᠯᠳᠠ ᠶᠢ ᠢᠳᠡᠪᠬᠢᠲᠠᠢ ᠥᠷᠨᠢᠭᠦᠯᠵᠦ᠂ ᠣᠶᠣᠨ ᠤ ᠪᠣᠯᠪᠠᠰᠤᠨ  ᠤ  ᠪᠠᠶᠢᠭᠤᠯᠤᠯᠲᠠ  ᠶᠢᠨ ᠰᠢᠨ᠎ᠡ  ᠲᠤᠷᠠᠶᠢᠮ᠎ᠠ ᠴᠡᠭ  ᠢ ᠡᠭᠦᠳᠴᠦ᠂  ᠰᠢᠯᠢᠳᠡᠭ ᠰᠠᠶᠢᠨ ᠣᠶᠣᠨ ᠰᠠᠨᠠᠭᠠᠨ  ᠤ ᠲᠥᠷᠢ ᠳᠥᠷᠭᠦ  ᠪᠠᠷ ᠪᠥᠬᠦ ᠠᠶᠢᠮᠠᠭ  ᠤᠨ ᠣᠶᠣᠨ  ᠤ ᠪᠣᠯᠪᠠᠰᠣᠨ  ᠤ  ᠪᠠᠶᠢᠭᠤᠯᠤᠯᠲᠠ   ᠶᠢᠨ ᠲᠣᠷᠰᠢᠯᠭ᠎ᠠ ᠰᠣᠯᠢᠯᠴᠠᠬᠤ ᠬᠤᠷᠠᠯ   ᠢ ᠣᠭᠲᠣᠬᠤ ᠬᠡᠷᠡᠭᠲᠠᠢ᠃ ᠦᠵᠡᠰᠬᠦᠯᠡᠩᠲᠦ  ᠬᠥᠳᠡᠭᠡ ᠲᠣᠰᠬᠤᠨ ᠤ ᠪᠥᠲᠦᠭᠡᠨ ᠪᠠᠶᠢᠭᠤᠯᠣᠯᠲᠠ ᠶᠢ  ᠥᠷᠨᠢᠭᠦᠯᠵᠦ᠂ ᠭᠡᠷ ᠬᠥᠷᠢᠶᠡᠨ  ᠤ  ᠭᠤᠶᠤᠵᠢᠭᠤᠯᠤᠯᠳᠠ᠂ ᠬᠦᠳᠡᠭᠡ ᠳᠣᠰᠬᠤᠨ ᠨᠣᠭᠤᠭᠠᠷᠠᠭᠤᠯᠣᠯᠲᠠ  ᠶᠢ  ᠬᠢᠵᠦ  ᠂    ︽ᠡᠷᠥᠢ ᠬᠤᠷᠣᠢ ᠦᠬᠡᠢ ᠣᠪᠣᠭᠠᠯᠠᠬᠤ﹀﹀  ᠦᠵᠡᠭᠳᠡᠯ ᠢ ᠴᠡᠭᠴᠡᠯᠡᠨ  ᠂ ᠮᠠᠯᠵᠢᠬᠤ ᠲᠠᠷᠢᠶᠠᠯᠠᠬᠤ ᠣᠷᠣᠨ  ᠤ  ᠤᠷᠤᠰᠢᠨ  ᠰᠠᠭᠤᠷᠢᠰᠢᠬᠤ ᠣᠷᠴᠢᠨ ᠲᠣᠭᠤᠷᠢᠨ ᠢ ᠰᠠᠶᠢᠵᠢᠷᠠᠭᠤᠯᠤᠨ᠎ᠠ᠃  ᠮᠠᠯᠵᠢᠬᠤ ᠲᠠᠷᠢᠶᠠᠯᠠᠬᠤ ᠣᠷᠣᠨ  ᠤ  ᠣᠯᠠᠨ ᠨᠡᠶᠢᠲᠡ  ᠶᠢᠨ ᠰᠣᠶᠣᠯ  ᠤᠨ ᠪᠠᠶᠢᠭᠤᠯᠤᠯᠲᠠ  ᠶᠢ ᠴᠢᠩᠭᠠᠳᠬᠠᠵᠤ᠂  ᠵᠠᠩᠰᠢᠯ ᠰᠣᠷᠲᠠᠯ   ᠢᠶᠠᠨ ᠰᠠᠶᠢᠵᠢᠷᠠᠭᠤᠯᠬᠤ ᠠᠵᠢᠯᠯᠠᠭ᠎ᠠ  ᠶᠢ  ᠦᠷᠨᠢᠬᠦᠯᠦᠨ᠂ ᠪᠣᠯᠪᠠᠰᠣᠨ ᠰᠠᠶᠢᠬᠠᠨ ᠨᠣᠳᠤᠭ  ᠤᠨ ᠰᠣᠷᠲᠠᠯ᠂ ᠭᠡᠷ  ᠤᠨ ᠰᠣᠷᠲᠠᠯ᠂ ᠢᠷᠭᠡᠳ  ᠤᠨ ᠰᠣᠷᠲᠠᠯ  ᠢ ᠪᠣᠢ ᠪᠣᠯᠭᠠᠵᠤ᠂ ᠬᠥᠳᠡᠭᠡ ᠳᠣᠰᠬᠤᠨ  ᠤ ᠨᠡᠶᠢᠭᠡᠮ  ᠤᠨ ᠪᠣᠯᠪᠠᠰᠣᠨ  ᠤ ᠬᠢᠷᠢ ᠲᠥᠪᠰᠢᠨ  ᠢ ᠲᠠᠰᠣᠷᠠᠯᠲᠠ ᠦᠬᠡᠢ ᠳᠡᠭᠡᠭᠡᠰᠢᠯᠡᠭᠦᠯᠦᠨ᠎ᠡ᠃ ᠬᠤᠲᠠ ᠬᠥᠳᠡᠭᠡ  ᠶᠢᠨ ᠰᠠᠭᠤᠷᠢ ᠲᠥᠬᠦᠭᠡᠷᠥᠮᠵᠢ  ᠶᠢᠨ ᠨᠥᠬᠦᠴᠡᠯ  ᠢ ᠣᠯᠡᠮ ᠨᠢᠭᠡ ᠠᠯᠬᠤᠮ ᠰᠠᠶᠢᠵᠢᠷᠠᠭᠤᠯᠵᠤ᠂ 304 ᠮᠤᠵᠢ  ᠶᠢᠨ ᠱᠤᠭᠤᠮ ︵ᠣᠣᠯ  ᠤᠨ ᠺᠠᠩ ᠱᠠᠨ ᠱᠣᠭᠤᠮ︶   ᠢ ᠲᠡᠰ ᠲᠡᠪᠰᠢᠬᠦᠯᠵᠦ ᠬᠤᠶᠠᠳᠤᠭᠠᠷ ᠲᠡᠰ  ᠤᠨ ᠵᠠᠰᠠᠮᠠᠯ ᠵᠠᠮ ᠪᠤᠯᠭᠠᠬᠤ ᠲᠥᠷᠥᠯ ᠵᠥᠢᠯ  ᠢ ᠡᠨᠡ ᠵᠢᠯ  ᠳᠡᠭᠡᠨ ᠡᠬᠢᠯᠡᠬᠦᠯᠬᠦ ᠪᠠᠷ ᠴᠢᠷᠮᠠᠶᠢᠵᠤ᠂ 4 ᠵᠤᠷᠪᠤᠰ  ᠰᠤᠮᠤ ᠰᠢᠶᠠᠩ ᠪᠠᠯᠭᠠᠰᠤ ᠳᠤ ᠨᠡᠪᠳᠡᠷᠡᠬᠦ ᠵᠠᠰᠠᠮᠠᠯ  ᠵᠠᠮ  ᠤᠨ ᠪᠠᠶᠢᠭᠤᠯᠤᠯᠲᠠ  ᠶᠢ 8 ᠰᠠᠷ᠎ᠠ  ᠶᠢᠨ ᠡᠴᠣᠰ  ᠲᠤ ᠲᠠᠭᠤᠰᠬᠠᠨ᠂ ᠲᠡᠷᠭᠡ ᠨᠡᠪᠲᠡᠷᠡᠭᠦ  ᠶᠢ ᠪᠠᠳᠣᠯᠠᠨ᠎ᠠ᠃ 50 ᠰᠠᠭᠤᠷᠢ ᠠᠶᠣᠯᠭᠦᠢ  ᠤᠰᠤ ᠤᠮᠳᠠ ᠶᠢᠨ  ᠪᠠᠬᠢᠵᠢᠬᠦᠯᠦᠯᠳᠡ ᠶᠢᠨ  ᠢᠨᠵᠧᠨᠧᠷᠢᠩ ᠢ ᠬᠡᠷᠡᠭᠵᠢᠭᠦᠯᠵᠦ᠂ 1.25 ᠲᠥᠮᠡᠨ ᠬᠦᠮᠦᠨ  ᠤ ᠣᠣᠭᠤᠬᠤ ᠣᠰᠣᠨ  ᠤ ᠠᠰᠠᠭᠤᠳᠠᠯ  ᠢ ᠰᠢᠢᠳᠪᠤᠷᠢᠯᠡᠨ᠎ᠡ᠃ ᠰᠠᠨ  ᠳ᠋ᠤᠤ  ᠭᠸᠦ ᠶᠢᠨ 110 ᠺᠢᠯᠣᠸᠣᠯᠲ ᠤᠨ ᠴᠠᠬᠢᠯᠭᠠᠨ ᠬᠤᠪᠢᠰᠬᠠᠬᠤ ᠥᠷᠲᠡᠭᠡ ᠵᠡᠷᠭᠡ  ᠶᠢᠨ ᠦᠬᠡᠷᠡᠴᠢᠯᠡᠯᠳᠡ ᠶᠢᠨ ᠠᠵᠢᠯ  ᠢ ᠪᠡᠶᠡᠯᠡᠭᠦᠯᠵᠦ᠂ 110.8 ᠺᠢᠯᠣᠮᠧᠲᠷ  ᠴᠠᠬᠢᠯᠭᠠᠨ  ᠲᠠᠮᠵᠢᠭᠤᠯᠬᠤ ᠱᠣᠭᠤᠮ  ᠢ  ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠪᠠᠶᠢᠭᠤᠯᠤᠨ᠎ᠠ᠃ ︽ᠥᠪᠡᠷᠳᠡᠭᠡᠨ ᠵᠠᠰᠠᠬᠤ ᠣᠷᠣᠨ  ᠤ ᠴᠠᠬᠢᠯᠭᠠᠨ ᠬᠤᠯᠪᠣᠭᠠᠨ  ᠤ ᠨᠡᠶᠢᠳᠡᠮ ᠣᠶᠢᠯᠡᠴᠢᠯᠡᠭᠡ  ᠶᠢᠨ ᠵᠢᠱᠢᠶ᠎ᠡ ᠥᠵᠡᠭᠦᠯᠬᠦ‍ ᠴᠢᠭ︾ ᠤᠨ ᠢᠨᠵᠧᠨᠧᠷᠢᠩ  ᠢ ᠬᠥᠨᠵᠡᠭᠡᠢ ᠬᠡᠷᠡᠭᠵᠢᠭᠦᠯᠵᠦ᠂  ᠡᠨᠡ  ᠵᠢᠯ ᠪᠥᠬᠦ ᠵᠠᠰᠠᠭ ᠵᠠᠬᠢᠷᠭᠠᠨ  ᠤ ᠳᠣᠰᠬᠤᠨ  ᠳᠤ ᠥᠷᠭᠡᠨ ᠪᠥᠰᠡᠲᠦ ᠰᠥᠯᠵᠢᠶ᠎ᠡ  ᠪᠥᠷᠬᠦᠭᠦᠯᠵᠦ᠂ 5G ᠲᠣᠣᠷ ᠰᠥᠯᠵᠢᠶ᠎ᠡ ᠶᠢᠨ ᠳᠣᠷᠰᠢᠯᠲᠠ ᠶᠢᠨ ᠴᠡᠭ   ᠤᠨ ᠠᠵᠢᠯ ᠢ  ᠪᠥᠬᠦ ᠠᠶᠢᠮᠠᠭ  ᠲᠤ  ᠬᠠᠮᠤᠭ ᠤᠷᠢᠳᠠ  ᠪᠡᠶᠡᠯᠡᠬᠦᠯᠬᠦ ᠪᠠᠷ ᠴᠢᠷᠮᠠᠶᠢᠨ᠎ᠠ᠃         ︵ᠵᠢᠷᠭᠤᠭ᠎ᠠ︶ ᠠᠮᠢ ᠠᠬᠤᠢ ᠶᠢᠨ ᠬᠠᠮᠠᠭᠠᠯᠠᠯᠲᠠ ᠪᠠ ᠪᠦᠳᠦᠬᠡᠨ ᠪᠠᠶᠢᠭᠤᠯᠤᠯᠲᠠ ᠶᠢ  ᠴᠢᠩᠭᠠᠳᠬᠠᠨ᠎ᠠ᠃  ᠮᠠᠯᠵᠢᠬᠤ ᠣᠷᠣᠨ ᠤ ᠮᠠᠯ ᠪᠡᠯᠴᠢᠭᠡᠷ   ᠤᠨ ᠳᠡᠩᠴᠡᠭᠦᠷᠢ ᠶᠢᠨ ᠲᠦᠷᠢᠮ᠂ ᠲᠠᠷᠢᠶᠠᠯᠠᠬᠤ ᠣᠷᠣᠨ  ᠤ ᠪᠣᠭ ᠮᠠᠯ  ᠢ ᠪᠦᠬᠦ ᠵᠢᠯ  ᠢᠶᠠᠷ  ᠬᠠᠰᠢᠶᠠᠨ ᠮᠠᠯᠵᠢᠬᠤ  ᠲᠥᠷᠢᠮ  ᠢ ᠥᠷᠭᠦᠯᠵᠢᠯᠡᠨ ᠴᠢᠩᠭ᠎ᠠ ᠬᠡᠷᠡᠭᠵᠢᠭᠦᠯᠵᠦ᠂ ᠣᠢ ᠰᠢᠭᠤᠢ ᠪᠣᠯᠣᠨ ᠠᠮᠢ ᠠᠬᠤᠢ  ᠶᠢᠨ ᠰᠠᠯᠠᠭ᠎ᠠ ᠮᠥᠴᠢᠷ  ᠤᠨ  ᠬᠢᠨᠠᠨ ᠬᠠᠮᠢᠶᠠᠷᠣᠯᠲᠠ  ᠶᠢᠨ ᠬᠦᠴᠦᠯᠡᠴᠡ  ᠶᠢ ᠴᠢᠩᠭᠠᠳᠬᠠᠵᠤ ᠂ ᠲᠥᠷᠥᠯ ᠵᠦᠢᠯ  ᠤᠨ ᠣᠷᠣᠨ  ᠳᠤ ᠬᠤᠯᠠᠭᠠᠢ  ᠪᠠᠷ ᠪᠡᠯᠴᠢᠭᠡᠷᠯᠡᠭᠦᠯᠬᠦ ᠵᠡᠷᠬᠡ ᠠᠮᠢ ᠠᠬᠤᠢ  ᠶᠢᠨ ᠣᠷᠴᠢᠨ ᠲᠣᠭᠤᠷᠢᠨ  ᠢ ᠡᠪᠳᠡᠭᠰᠡᠨ ᠠᠵᠢᠯᠯᠠᠭ᠎ᠠ  ᠳᠤ  ᠴᠢᠩᠭ᠎ᠠ ᠴᠣᠬᠢᠯᠲᠠ  ᠦᠭᠬᠦ ᠬᠡᠷᠡᠭᠲᠡᠢ᠃ ᠰᠢᠨ᠎ᠡ ᠨᠢᠭᠡᠨ  ᠡᠭᠡᠯᠵᠢ  ᠶᠢᠨ ᠲᠠᠯ᠎ᠠ ᠨᠣᠳᠤᠭ  ᠤᠨ ᠠᠮᠢ ᠠᠬᠤᠢ  ᠶᠢᠨ ᠱᠠᠩᠨᠠᠵᠦ ᠨᠥᠬᠦᠪᠦᠷᠢᠯᠡᠬᠦ ᠲᠥᠷᠥ  ᠶᠢᠨ ᠪᠣᠳᠣᠯᠭ᠎ᠠ  ᠶᠢ ᠰᠠᠶᠢᠳᠣᠷ ᠨᠠᠶᠢᠳᠠᠪᠣᠷᠢᠵᠢᠭᠤᠯᠵᠦ᠂ ᠮᠠᠯ  ᠢ ᠴᠥᠭᠡᠳᠬᠡᠵᠦ᠂ ᠪᠡᠯᠴᠢᠭᠡᠷ  ᠢᠶᠠᠨ ᠨᠡᠮᠡᠭᠳᠡᠭᠦᠯᠬᠦ ᠠᠷᠭ᠎ᠠ ᠬᠡᠮᠵᠢᠶ᠎ᠡ ᠪᠣᠯᠣᠨ ᠱᠠᠩᠨᠠᠯ ᠨᠦᠬᠦᠪᠦᠷᠢ ᠶᠢᠨ ᠲᠠᠷᠬᠠᠭᠠᠯᠳᠠ ᠶᠢ ᠬᠤᠯᠪᠣᠭᠳᠠᠭᠤᠯᠵᠤ᠂ ᠮᠠᠯᠴᠢᠨ ᠲᠠᠷᠢᠶᠠᠴᠢᠨ  ᠤ  ᠠᠮᠢ ᠠᠬᠤᠢ  ᠬᠠᠮᠠᠭᠠᠯᠠᠬᠤ ᠢᠳᠡᠪᠬᠢᠵᠢᠯ  ᠢ ᠲᠠᠶᠢᠴᠢᠯᠠᠬᠤ  ᠬᠡᠷᠡᠭᠲᠡᠢ᠃ ᠪᠡᠭᠡᠵᠢᠩ᠂ ᠲᠢᠶᠠᠨᠵᠢᠨ  ᠤ ᠡᠷᠬᠢᠨ ᠲᠤᠭᠤᠷᠢᠨ ᠤ ᠡᠯᠡᠰᠤᠨ  ᠤ ᠡᠬᠢ  ᠶᠢ ᠵᠠᠰᠠᠬᠤ ᠵᠡᠷᠭᠡ ᠠᠮᠢ ᠠᠬᠤᠢ  ᠶᠢᠨ ᠪᠥᠳᠥᠭᠡᠨ ᠪᠠᠶᠢᠭᠤᠯᠤᠯᠲᠠ  ᠶᠢᠨ ᠢᠨᠵᠧᠨᠧᠷᠢᠩ  ᠢ ᠰᠠᠶᠢᠳᠦᠷ ᠬᠡᠷᠡᠭᠵᠢᠭᠦᠯᠵᠦ ᠂ 0.5 ᠲᠥᠮᠡᠨ ᠮᠤ᠋  ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠣᠯᠲᠠ ᠪᠠ 1 ᠲᠥᠮᠡᠨ ᠮᠤ᠋  ᠬᠥᠮᠥᠨ  ᠤ ᠬᠦᠴᠦ  ᠪᠠᠷ ᠮᠤᠳᠤ ᠲᠠᠷᠢᠬᠤ ᠠᠵᠢᠯ ᠢ  ᠪᠡᠶᠡᠯᠡᠭᠦᠯᠵᠦ᠂ ᠪᠤᠬᠢᠷᠳᠣᠯ ᠦᠬᠡᠢ ᠠᠭᠤᠷᠬᠠᠢ ᠶᠢᠨ ᠣᠷᠣᠨ  ᠤ ᠪᠥᠳᠥᠭᠡᠨ ᠪᠠᠶᠢᠭᠤᠯᠤᠯᠲᠠ  ᠶᠢ ᠯᠠᠪᠳᠠᠭᠤᠨ ᠪᠠᠳᠣᠳᠠᠢ ᠥᠷᠨᠢᠭᠦᠯᠬᠦ ᠬᠡᠷᠡᠭᠲᠡᠢ᠃  ᠬᠢᠨᠠᠨ ᠵᠦᠪᠰᠢᠶᠡᠷᠡᠬᠦ ᠳᠥᠷᠢᠮ ᠲᠣᠭᠳᠠᠭᠠᠯ  ᠢ ᠴᠢᠩᠭ᠎ᠠ ᠬᠡᠷᠡᠭᠵᠢᠭᠦᠯᠵᠦ᠂ ᠣᠷᠴᠢᠨ ᠲᠣᠭᠤᠷᠢᠨ  ᠤ ᠬᠢᠨᠠᠨ  ᠪᠠᠶᠢᠴᠠᠭᠠᠯᠲᠠ  ᠶᠢᠨ ᠥᠨᠳᠦᠷ ᠳᠠᠷᠤᠯᠲᠠᠲᠤ ᠪᠠᠶᠢᠳᠠᠯ  ᠢᠶᠠᠨ ᠥᠷᠭᠦᠯᠵᠢᠯᠡᠨ ᠬᠠᠳᠠᠭᠠᠯᠠᠬᠤ ᠬᠡᠷᠡᠭᠲᠡᠢ᠃ ᠣᠰᠣᠨ  ᠤ ᠡᠬᠢ ᠪᠠᠶᠠᠯᠢᠭ   ᠤᠨ ᠬᠠᠮᠢᠶᠠᠷᠣᠯᠲᠠ  ᠶᠢ ᠬᠦᠴᠦᠯᠡᠨ ᠴᠢᠩᠭᠠᠳᠬᠠᠵᠤ᠂ ᠲᠠᠷᠢᠶᠠᠯᠠᠩ   ᠤᠨ ᠤᠰᠤ ᠬᠡᠷᠡᠭᠯᠡᠬᠦ ᠶᠡᠷᠥᠩᠬᠡᠢ ᠬᠡᠮᠵᠢᠶ᠎ᠡ  ᠶᠢ ᠴᠢᠩᠭ᠎ᠠ ᠬᠢᠵᠠᠭᠠᠷᠯᠠᠵᠦ᠂ ᠣᠰᠣᠨ  ᠤ ᠡᠬᠢ ᠪᠠᠶᠠᠯᠢᠭ  ᠤᠨ ᠭᠠᠶᠢᠯᠢ ᠬᠤᠷᠢᠶᠠᠯᠲᠠ  ᠶᠢᠨ ᠠᠵᠢᠯ  ᠢ ᠡᠬᠢᠯᠡᠨ ᠬᠡᠷᠡᠭᠵᠢᠭᠦᠯᠦᠨ᠎ᠡ᠃  ︽ᠰᠥᠷᠴᠢᠨ ᠣᠰᠣᠯᠠᠬᠤ ᠠᠴᠠ ᠲᠣᠰᠣᠯᠠᠭᠤᠯᠣᠨ ᠣᠰᠣᠯᠠᠬᠤ  ︾  ᠦᠬᠡᠷᠡᠴᠢᠯᠡᠯᠳᠡ ᠶᠢ ᠢᠳᠡᠪᠬᠢᠲᠠᠢ ᠠᠬᠢᠭᠤᠯᠵᠦ᠂ ᠲᠠᠷᠢᠶᠠᠯᠠᠩ   ᠳᠤ ᠭᠡᠷᠡᠭᠯᠡᠬᠦ ᠣᠰᠣᠨ  ᠤ ᠥᠨ᠎ᠡ  ᠶᠢᠨ ᠶᠡᠷᠥᠩᠬᠡᠢ ᠥᠭᠡᠷᠡᠴᠢᠯᠡᠯᠲᠠ  ᠶᠢᠨ ᠠᠵᠢᠯ  ᠢ ᠡᠬᠢᠯᠡᠭᠦᠯᠵᠦ᠂ ᠬᠡᠮᠵᠢᠯᠲᠡ  ᠶᠢᠨ ᠲᠥᠭᠦᠭᠡᠷᠥᠮᠵᠢ  950 ᠢᠵᠢ ᠤᠭᠰᠠᠷᠠᠨ᠎ᠠ︔ 30  ᠬᠠᠪᠳᠠᠭᠠᠢ ᠳᠥᠷᠪᠡᠯᠵᠢᠨ ᠺᠢᠯᠣᠮᠧᠲᠷ  ᠪᠠᠭ᠎ᠠ ᠰᠠᠪᠠ ᠭᠠᠵᠠᠷ ᠲᠤ ᠵᠠᠰᠠᠯᠲᠠ ᠬᠢᠵᠦ᠂ 2.8 ᠲᠥᠮᠡᠨ ᠮᠦ ᠤᠰᠤ ᠠᠷᠪᠢᠯᠠᠵᠤ ᠠᠰᠢᠭ ᠨᠡᠮᠡᠭᠳᠡᠭᠦᠯᠬᠦ ᠣᠰᠣᠯᠠᠯᠲᠠ  ᠶᠢᠨ ᠲᠠᠯᠠᠪᠠᠢ  ᠶᠢ  ᠰᠢᠨ᠎ᠡ ᠪᠠᠷ ᠨᠡᠮᠡᠭᠳᠡᠭᠦᠯᠬᠦ ᠪᠠ ᠥᠭᠡᠷᠡᠴᠢᠯᠡᠨ ᠪᠠᠶᠢᠭᠤᠯᠤᠨ᠎ᠠ  ᠃ ᠪᠣᠣᠴᠠᠩ ᠪᠠᠯᠭᠠᠰᠤᠨ  ᠤ ᠣᠰᠣᠨ  ᠤ  ᠢᠷᠡᠯᠳᠡ ᠶᠢᠨ ᠣᠷᠣᠨ  ᠤ ᠶᠡᠷᠥᠩᠬᠡᠶᠢᠯᠡᠭᠰᠡᠨ ᠬᠠᠮᠠᠭᠠᠯᠠᠯᠲᠠ ᠶᠢᠨ ᠢᠨᠵᠧᠨᠧᠷᠢᠩ   ᠳᠤ ᠭᠡᠷᠡᠭᠵᠢᠬᠦᠯᠵᠦ᠂ ᠡᠯ᠎ᠡ ᠠᠵᠢᠯ  ᠲᠦᠷᠦᠯ ᠤᠨ ᠬᠢᠨ  ᠳᠤ ᠤᠰᠤ ᠠᠷᠪᠢᠯᠠᠬᠤ ᠠᠵᠢᠯᠯᠠᠭ᠎ᠠ  ᠶᠢ ᠶᠡᠬᠡᠪᠡᠷ ᠥᠷᠨᠢᠭᠦᠯᠥᠨ᠎ᠡ᠃  ᠲᠠᠷᠢᠶᠠᠯᠠᠩ   ᠤᠨ ᠪᠣᠬᠢᠷᠳᠣᠯ ᠢ ᠵᠠᠰᠠᠬᠤ ᠬᠦᠴᠦᠯᠡᠴᠡ ᠪᠠᠨ ᠴᠢᠩᠭᠠᠳᠬᠠᠵᠣ᠂  ᠬᠢᠮᠢ  ᠶᠢᠨ ᠪᠣᠷᠳᠣᠭᠤᠷ᠂ ᠲᠠᠷᠢᠶᠠᠯᠠᠩ  ᠤᠨ ᠡᠮ  ᠤᠨ ᠶᠡᠷᠥᠩᠬᠡᠢ ᠬᠡᠮᠵᠢᠶ᠎ᠡ  ᠶᠢ ᠪᠠᠭᠠᠰᠬᠠᠵᠦ᠂ ᠬᠠᠶᠠᠭᠳᠠᠮᠠᠯ ᠪᠣᠳᠠᠰ  ᠢ ᠪᠣᠴᠠᠭᠠᠨ ᠬᠤᠷᠢᠶᠠᠬᠤ  ᠶᠢ  ᠴᠢᠬᠤᠯᠠᠴᠢᠯᠠᠨ᠂ ᠲᠠᠷᠢᠶᠠᠨ ᠭᠠᠵᠠᠷ  ᠤᠨ ᠡᠬᠡᠯᠵᠢᠯᠡᠨ ᠲᠠᠷᠢᠬᠤ ᠪᠠ ᠣᠷᠭᠠᠨᠢᠭ ᠪᠣᠷᠳᠣᠭᠤᠷ ᠬᠡᠷᠡᠭᠯᠡᠬᠦ ᠲᠠᠯᠠᠪᠠᠢ  ᠶᠢ ᠥᠷᠭᠡᠳᠬᠡᠵᠦ᠂ ᠲᠠᠷᠢᠶᠠᠨ ᠭᠠᠵᠠᠷ  ᠤᠨ ᠶᠠᠰᠣ ᠴᠢᠨᠠᠷ  ᠢ ᠪᠦᠬᠦ ᠲᠠᠯ᠎ᠠ ᠪᠠᠷ ᠳᠡᠭᠡᠭᠡᠰᠢᠯᠡᠭᠦᠯᠦᠨ᠎ᠡ᠃         ︵ᠳᠣᠯᠤᠭ᠎ᠠ︶  ᠠᠷᠠᠳ ᠲᠥᠮᠡᠨ  ᠳᠤ ᠠᠰᠢᠭ ᠬᠥᠷᠲᠡᠭᠡᠭᠦ  ᠪᠠᠨ ᠥᠷᠭᠦᠯᠵᠢᠯᠡᠨ ᠴᠢᠩᠭᠠᠳᠬᠠᠨ᠎ᠠ᠃   ᠠᠵᠢᠯ  ᠤᠨ ᠪᠠᠶᠢᠷᠢ 1 ᠲᠦᠮᠡ   ᠶᠢ ᠡᠯᠰᠡᠵᠦ᠂  1500 ᠨᠡᠷ᠎ᠡ  ᠬᠤᠲᠠ ᠪᠠᠯᠭᠠᠰᠤᠨ  ᠤ ᠡᠯ᠎ᠡ  ᠲᠦᠷᠦᠯ ᠤᠨ  ᠬᠦᠮᠦᠨ ᠳᠤ ᠠᠵᠢᠯ ᠲᠤᠬᠢᠷᠠᠭᠤᠯᠤᠨ᠂ ᠮᠠᠯᠵᠢᠬᠤ ᠲᠠᠷᠢᠶᠠᠯᠠᠬᠤ ᠣᠷᠣᠨ  ᠤ ᠢᠯᠡᠭᠦᠴᠡ ᠬᠥᠳᠡᠯᠮᠥᠷᠢ ᠬᠦᠴᠦᠨ  3000 ᠬᠥᠮᠥᠨ ᠢ ᠰᠢᠯᠵᠢᠭᠦᠯᠵᠦ᠂ ᠬᠤᠲᠠ ᠪᠠᠯᠭᠠᠰᠤᠨ  ᠤ ᠲᠠᠩᠰᠠᠯᠠᠭᠤᠯᠤᠭᠰᠠᠨ ᠠᠵᠢᠯ  ᠠᠯᠳᠠᠬᠤ ᠨᠣᠷᠮ᠎ᠠ  ᠶᠢ 3 %  ᠳᠣᠲᠣᠷ᠎ᠠ ᠬᠢᠵᠠᠭᠠᠷᠯᠠᠨ᠎ᠠ᠃ ᠬᠤᠲᠠ ᠬᠥᠳᠡᠭᠡ  ᠶᠢ ᠪᠥᠷᠬᠦᠭᠰᠡᠨ ᠨᠡᠶᠢᠭᠡᠮ  ᠤᠨ ᠪᠠᠲᠣᠯᠠᠭᠠᠨ  ᠤ ᠰᠢᠰᠲ᠋ᠧᠮ  ᠢ ᠲᠠᠰᠣᠷᠠᠯᠲᠠ ᠦᠬᠡᠢ ᠲᠡᠭᠦᠯᠲᠡᠷᠵᠢᠭᠦᠯᠵᠦ᠂  ᠨᠡᠶᠢᠭᠡᠮ  ᠤᠨ ᠪᠠᠲᠣᠯᠠᠭᠠᠨ  ᠤ  ᠬᠥᠷᠢᠶ᠎ᠡ ᠬᠡᠪᠴᠢᠶ᠎ᠡ  ᠶᠢ ᠤᠯᠠᠮ ᠨᠢᠭᠡ ᠠᠯᠬᠤᠮ  ᠦᠷᠭᠡᠳᠭᠡᠨ᠂  ᠮᠤᠵᠢ ᠤᠷᠤᠨ  ᠠᠯᠤᠰᠯᠠᠵᠤ ᠡᠪᠡᠳᠴᠢᠨ ᠥᠵᠡᠭᠦᠯᠬᠦ ᠵᠠᠷᠣᠳᠠᠯ  ᠢ ᠰᠢᠭᠤᠳ ᠲᠠᠰᠣᠯᠣᠨ ᠪᠣᠳᠣᠬᠤ  ᠶᠢ ᠪᠦᠬᠦ ᠲᠠᠯ᠎ᠠ  ᠪᠠᠷ ᠠᠬᠢᠭᠤᠯᠤᠨ᠎ᠠ᠃   ᠨᠡᠶᠢᠭᠡᠮ  ᠤᠨ ᠨᠠᠰᠣᠵᠢᠯ  ᠤᠨ ᠣᠶᠢᠯᠡᠰ  ᠤᠨ ᠬᠥᠭᠵᠢᠯᠲᠡ ᠶᠢᠨ ᠱᠠᠭᠠᠷᠳᠠᠯᠭ᠎ᠠ ᠲᠠᠢ  ᠵᠣᠬᠢᠴᠠᠭᠤᠯᠵᠦ᠂  ︽ᠠᠯᠪᠠᠨ  ᠠᠴᠠ ᠪᠠᠶᠢᠭᠤᠯᠵᠦ ᠠᠷᠠᠳ  ᠠᠴᠠ ᠡᠵᠡᠩᠨᠡᠬᠦ  ︾  ᠂  ︽ᠠᠷᠠᠳ  ᠠᠴᠠ ᠡᠵᠡᠩᠨᠡᠵᠦ᠂ ᠠᠯᠪᠠᠨ  ᠠᠴᠠ ᠳᠣᠰᠠᠯᠠᠬᠤ  ︾ ᠨᠠᠰᠣᠵᠢᠯ  ᠤᠨ ᠥᠢᠯᠡᠴᠢᠯᠡᠭᠡᠨ  ᠤ ᠬᠡᠯᠪᠡᠷᠢ  ᠶᠢ ᠰᠥᠪᠡᠭᠴᠢᠯᠡᠵᠦ᠂ ᠣᠷᠣᠨ ᠪᠥᠰᠡ  ᠶᠢᠨ ᠴᠢᠨᠠᠷᠲᠠᠢ ᠶᠡᠷᠥᠩᠬᠡᠶᠢᠯᠡᠭᠰᠡᠨ ᠨᠠᠰᠤᠳᠠᠶᠢᠴᠤᠳ ᠤᠨ ᠠᠰᠠᠷᠠᠮᠵᠢ  ᠶᠢᠨ ᠬᠥᠷᠢᠶᠡᠯᠡᠩ ᠢ  ᠡᠨᠡ  ᠵᠢᠯ ᠠᠰᠢᠭᠯᠠᠯᠲᠠ  ᠳᠤ ᠣᠷᠣᠭᠤᠯᠣᠨ᠎ᠠ᠃ ᠣᠷᠣᠰᠢᠭᠤᠯᠭ᠎ᠠ  ᠶᠢᠨ ᠣᠶᠢᠯᠡᠴᠢᠯᠡᠭᠡᠨ  ᠤ ᠲᠥᠪ  ᠤᠨ ᠲᠥᠷᠥᠯ  ᠵᠦᠢᠯ ᠪᠣᠯᠣᠨ ᠨᠡᠶᠢᠲᠠ  ᠶᠢᠨ ᠣᠩᠭᠤᠨ  ᠤ ᠪᠠᠶᠢᠭᠤᠯᠥᠯᠲᠠ  ᠶᠢ ᠲᠥᠷᠭᠡᠳᠬᠡᠵᠦ᠂ ᠣᠷᠥᠰᠢᠭᠤᠯᠭ᠎ᠠ   ᠶᠢᠨ ᠠᠵᠢᠯᠯᠠᠭ᠎ᠠ ᠶᠢ ᠣᠯᠠᠮ ᠨᠢᠭᠡ ᠠᠯᠬᠤᠮ ᠲᠥᠷᠢᠮᠵᠢᠭᠦᠯᠬᠦ  ᠬᠡᠷᠡᠭᠲᠠᠢ᠃ ᠰᠣᠷᠭᠠᠨ ᠬᠥᠮᠥᠵᠢᠯ ᠤᠨ ᠣᠶᠢᠯᠡᠰ ᠢ  ᠤᠷᠢᠳᠠᠵᠤ ᠬᠦᠭᠵᠢᠬᠦᠯᠦᠨ᠂ ᠪᠣᠣᠴᠠᠩ  ᠪᠠᠯᠭᠠᠰᠣᠨ ᠤ ᠴᠧᠩ ᠪᠸᠢ ᠬᠡᠣᠬᠡᠳ ᠤᠨ ᠴᠡᠴᠡᠷᠯᠢᠭ  ᠪᠣᠯᠣᠨ ᠲᠠᠪᠣᠳᠣᠭᠠᠷ ᠪᠠᠭ᠎ᠠ ᠰᠣᠷᠭᠠᠭᠤᠯᠢ ᠶᠢᠨ  ᠶᠡᠷᠥᠩᠬᠡᠶᠢᠯᠡᠭᠰᠡᠨ ᠠᠰᠠᠷ ᠤᠨ ᠪᠥᠳᠥᠭᠡᠨ ᠪᠠᠶᠢᠭᠤᠯᠣᠯᠲᠠ ᠶᠢ  ᠬᠢᠵᠦ᠂ ᠮᠣᠩᠭᠤᠯ ᠥᠨᠳᠣᠰᠣᠲᠡᠨ  ᠤ ᠰᠣᠷᠭᠠᠭᠤᠯᠢ  ᠶᠢᠨ  ᠶᠡᠷᠥᠩᠬᠡᠶᠢᠯᠡᠭᠰᠡᠨ ᠠᠰᠠᠷ ᠪᠣᠯᠣᠨ ᠲᠠᠪᠣᠳᠣᠭᠠᠷ ᠪᠠᠭ᠎ᠠ ᠰᠣᠷᠭᠠᠭᠤᠯᠢ  ᠶᠢᠨ ᠲᠠᠮᠢᠷ  ᠤᠨ ᠲᠠᠯᠠᠪᠠᠢ  ᠶᠢᠨ ᠪᠠᠷᠢᠯᠭ᠎ᠠ  ᠶᠢ ᠡᠬᠢᠯᠡᠭᠦᠯᠥᠨ᠎ᠡ᠃ 66 ᠨᠡᠷᠡᠰ ᠪᠠᠭᠰᠢ  ᠶᠢ ᠣᠷᠢᠨ ᠡᠯᠰᠡᠵᠦ᠂ 100 ᠲᠥᠮᠡᠨ ᠲᠥᠭᠦᠷᠢᠭ  ᠤᠨ ᠰᠣᠷᠭᠠᠨ ᠬᠥᠮᠥᠵᠢᠯ  ᠤᠨ ᠬᠢᠷᠢ ᠪᠥᠳᠥᠮᠵᠢ  ᠶᠢᠨ ᠱᠠᠩᠨᠠᠵᠦ ᠬᠥᠬᠢᠭᠦᠯᠬᠦ ᠮᠥᠩᠭᠦ  ᠶᠢ  ᠲᠤᠬᠢᠷᠠᠭᠤᠯᠤᠨ᠂ ᠨᠢᠭᠡᠳᠣᠭᠡᠷ ᠹᠷᠣᠨᠲ  ᠳᠠᠬᠢ ᠰᠢᠯᠢᠳᠡᠭ ᠪᠠᠭᠰᠢ  ᠶᠢ ᠭᠤᠣᠯᠳᠠᠯᠭ᠎ᠠ ᠲᠠᠢ ᠱᠠᠩᠨᠠᠨ ᠬᠥᠬᠢᠭᠦᠯᠦᠨ᠎ᠡ᠃ ᠠᠯᠪᠠᠨ  ᠠᠴᠠ ᠪᠠᠶᠢᠭᠤᠯᠤᠭᠰᠠᠨ ᠡᠮᠨᠡᠯᠭᠡ  ᠶᠢᠨ ᠬᠤᠷᠢᠶᠠᠨ  ᠤ ᠥᠭᠡᠷᠡᠴᠢᠯᠡᠯᠲᠠ  ᠶᠢ ᠲᠥᠷᠭᠡᠳᠬᠡᠨ ᠠᠬᠢᠭᠤᠯᠵᠦ᠂ ᠡᠮ  ᠡᠮᠨᠡᠯᠬᠡ ᠡᠷᠡᠭᠦᠯ ᠬᠠᠮᠠᠭᠠᠯᠠᠯ  ᠤᠨ ᠳᠣᠰᠬᠠᠢ ᠮᠡᠷᠭᠡᠵᠢᠯ  ᠤᠨ ᠴᠢᠳᠠᠪᠣᠷᠢᠲᠠᠨ  ᠢ ᠣᠯᠠᠨ ᠠᠷᠭ᠎ᠠ ᠵᠠᠮ  ᠢᠶᠠᠷ ᠣᠷᠢᠨ ᠣᠷᠣᠭᠤᠯᠵᠦ᠂ ᠡᠬᠡ ᠨᠢᠯᠬᠠᠰ  ᠤᠨ ᠡᠷᠡᠭᠦᠯ ᠬᠠᠮᠠᠭᠠᠯᠠᠯ  ᠲᠥᠯᠥᠪᠡᠯᠡᠭᠡᠳᠦ ᠥᠷᠡᠵᠢᠯ  ᠤᠨ ᠥᠢᠯᠡᠴᠢᠯᠡᠭᠡᠨ  ᠤ ᠶᠡᠷᠥᠩᠬᠡᠶᠢᠯᠡᠭᠰᠡᠨ ᠠᠰᠠᠷ  ᠢ ᠠᠰᠢᠭᠯᠠᠯᠲᠠ  ᠳᠤ ᠣᠷᠣᠭᠤᠯᠣᠨ᠎ᠠ᠃ ᠵᠡᠭᠦᠨ ᠭᠠᠷ ᠲᠠᠶᠢᠹᠤᠰᠧ ᠶᠠᠮᠤᠨ  ᠤ  ᠪᠠᠭᠤᠷᠢ  ᠂ ᠪᠦᠬᠦ ᠠᠷᠠᠳ  ᠤᠨ ᠪᠡᠶ᠎ᠡ  ᠴᠢᠬᠢᠷᠠᠭᠵᠢᠭᠤᠯᠬᠤ ᠬᠥᠲᠡᠯᠪᠣᠷᠢ  ᠶᠢᠨ ᠲᠥᠪ᠂ ᠵᠠᠯᠠᠭᠤᠴᠤᠳ ᠪᠠᠭᠠᠴᠣᠳ  ᠤᠨ ᠬᠥᠯ ᠪᠥᠮᠪᠥᠭᠡᠨ  ᠤ ᠪᠣᠯᠪᠠᠰᠣᠷᠠᠯ  ᠤᠨ ᠰᠠᠭᠤᠷᠢᠨ ᠭᠠᠵᠠᠷ  ᠵᠡᠷᠭᠡ ᠲᠥᠷᠥᠯ ᠵᠦᠢᠯ  ᠤᠨ ᠪᠥᠳᠥᠭᠡᠨ ᠪᠠᠶᠢᠭᠤᠯᠤᠯᠲᠠ  ᠶᠢ ᠲᠥᠷᠭᠡᠳᠬᠡᠨ ᠠᠬᠢᠭᠤᠯᠵᠦ᠂ ᠰᠣᠶᠣᠯ ᠤᠨ ᠠᠵᠢᠯᠯᠠᠭ᠎ᠠ ᠪᠣᠯᠣᠨ ᠪᠡᠶ᠎ᠡ ᠲᠠᠮᠢᠷ  ᠤᠨ ᠣᠷᠣᠯᠳᠣᠭᠠᠨ  ᠤ ᠨᠡᠷᠡᠲᠦ ᠲᠡᠮᠳᠡᠭ  ᠢ ᠡᠭᠦᠳᠥᠨ ᠪᠠᠶᠢᠭᠤᠯᠬᠤ ᠬᠡᠷᠡᠭᠲᠡᠢ᠃ ᠵᠡᠮᠳᠡᠭᠴᠦᠳ᠂ ᠨᠠᠰᠣᠲᠠᠶᠢᠴᠣᠳ᠂ ᠡᠮᠡᠭᠲᠡᠶᠢᠴᠦᠳ᠂ ᠬᠡᠣᠬᠡᠳ ᠪᠠᠭᠠᠴᠣᠳ  ᠤᠨ ᠡᠷᠬᠡ ᠠᠰᠢᠭ  ᠢ ᠬᠠᠮᠠᠭᠠᠯᠠᠬᠤ ᠠᠵᠢᠯ  ᠢ ᠤᠯᠠᠮ  ᠰᠠᠶᠢᠨ ᠬᠢᠵᠦ᠂ ᠣᠯᠠᠭᠠᠨ ᠵᠠᠭᠠᠯᠮᠠᠶᠢᠳᠠᠨ  ᠤ ᠨᠡᠶᠢᠭᠡᠮᠯᠢᠭ ᠵᠡᠷᠭᠡ ᠨᠢᠭᠦᠯᠡᠰᠥᠩᠭᠦᠢ   ᠶᠢᠨ ᠦᠢᠯᠡᠰ᠂ ᠠᠯᠪᠠᠨ ᠵᠢᠷᠤᠮ  ᠤᠨ ᠠᠵᠢᠯ ᠣᠶᠢᠯᠡᠰ  ᠢ ᠶᠡᠬᠡᠪᠡᠷ ᠬᠥᠭᠵᠢᠭᠦᠯᠬᠦ ᠬᠡᠷᠡᠭᠲᠡᠢ᠃        ︵ᠨᠠᠢᠮᠠ︶ ᠨᠡᠶᠢᠭᠡᠮ  ᠤᠨ ᠡᠶ᠎ᠡ ᠵᠤᠬᠢᠴᠠᠯ ᠠᠮᠤᠷ ᠳᠣᠭᠳᠠᠭᠤᠨ ᠢ  ᠪᠦᠬᠦ ᠬᠦᠴᠦᠨ ᠢᠶᠠᠷ ᠬᠠᠮᠠᠭᠠᠯᠠᠨ᠎ᠠ᠃ ᠡᠯ᠎ᠡ ᠠᠵᠢᠯ ᠲᠦᠷᠦᠯ ᠤᠨ ᠬᠠᠮᠢᠶᠠᠷᠣᠯᠲᠠ ᠶᠢ ᠡᠷᠴᠢᠮᠵᠢᠭᠦᠯᠵᠦ᠂ ᠵᠤᠭᠠᠴᠠᠯ  ᠂ ᠢᠳᠡᠭᠡᠨ ᠣᠮᠳᠠᠭᠠᠨ᠂  ᠬᠤᠨᠤᠭ  ᠪᠠᠭᠤᠳᠠᠯ ᠂ ᠣᠶᠢᠯᠡᠳᠪᠤᠷᠢ ᠠᠭᠤᠷᠬᠠᠢ  ᠶᠢᠨ  ᠠᠵᠢᠯ ᠲᠦᠷᠦᠯ ᠪᠠ   ᠲᠤᠮᠤ  ᠬᠡᠯᠪᠡᠷᠢ  ᠶᠢᠨ ᠬᠤᠳᠠᠯᠳᠣᠭᠠᠨ  ᠤ ᠲᠠᠯᠠᠪᠣᠷ᠂ ᠬᠤᠲᠠ  ᠶᠢᠨ ᠲᠥᠷᠢ ᠲᠥᠷᠬᠦ᠂ ᠬᠤᠲᠠ ᠪᠠᠯᠭᠠᠰᠣᠨ  ᠤ  ᠤᠶᠢᠷ᠎ᠠ ᠤᠷᠴᠢᠨ ᠳᠠᠬᠢ ᠣᠷᠣᠰᠢᠭᠤᠯᠭ᠎ᠠ  ᠂ ᠵᠠᠮ  ᠬᠠᠷᠢᠯᠴᠠᠭᠠᠨ ᠤ ᠡᠮᠬᠢ ᠳᠢᠭᠯᠢᠮ ᠵᠢᠴᠢ ᠠᠶᠠᠨᠴᠢᠳ ᠪᠠ ᠪᠠᠷᠠᠭᠠᠨ  ᠤ ᠲᠡᠭᠡᠭᠡᠪᠦᠷᠢ᠂ ᠰᠣᠷᠭᠠᠭᠤᠯᠢ  ᠶᠢᠨ  ᠤᠷᠴᠢᠨ  ᠤ  ᠡᠷᠡᠭᠦᠯ ᠬᠠᠮᠠᠭᠠᠯᠠᠯ᠂ ᠪᠠᠷᠢᠯᠭ᠎ᠠ  ᠶᠢᠨ ᠲᠠᠯᠠᠪᠣᠷ ᠵᠡᠷᠬᠡ 10  ᠲᠦᠷᠥᠯ  ᠤᠨ  ᠲᠤᠰᠬᠠᠢ ᠴᠡᠭᠴᠡᠯᠡᠯᠲᠡ ᠶᠢ ᠥᠷᠭᠦᠯᠵᠢᠯᠡᠨ ᠭᠥᠨᠵᠡᠬᠡᠢ ᠥᠷᠨᠢᠭᠦᠯᠵᠦ᠂ ᠥᠢᠯᠡᠴᠢᠯᠡᠭᠡᠨ  ᠤ ᠬᠢᠷᠢ ᠬᠡᠮᠵᠢᠶ᠎ᠡ  ᠶᠢ ᠪᠦᠬᠦ ᠲᠠᠯ᠎ᠠ  ᠪᠠᠷ ᠳᠡᠭᠡᠭᠰᠢᠯᠡᠭᠦᠯᠬᠦ ᠬᠡᠷᠡᠭᠲᠡᠢ᠃ ᠨᠡᠶᠢᠭᠡᠮ  ᠤᠨ ᠵᠠᠰᠠᠯᠲᠠ  ᠶᠢᠨ ᠠᠷᠭ᠎ᠠ ᠮᠠᠶ᠋ᠢᠭ  ᠢ ᠰᠢᠨᠡᠴᠢᠯᠡᠵᠦ᠂  ︽ᠳᠣᠯᠣᠳᠣᠭᠠᠷ ᠲᠠᠪᠣᠨ ᠵᠢᠯ︾ ᠤᠨ ᠬᠠᠣᠯᠢ ᠲᠥᠭᠡᠮᠡᠯᠵᠢᠬᠦᠯᠬᠦ  ᠠᠵᠢᠯ ᠢ ᠪᠦᠬᠦ ᠲᠠᠯ᠎ᠠ  ᠪᠠᠷ  ᠠᠬᠢᠭᠤᠯᠤᠨ᠂ ᠣᠯᠠᠨ ᠨᠡᠶᠢᠲᠡ  ᠶᠢᠨ ᠬᠠᠣᠯᠢ ᠴᠠᠭᠠᠵᠠ  ᠶᠢᠨ ᠥᠢᠯᠡᠴᠢᠯᠡᠭᠡᠨ  ᠤ ᠰᠢᠰᠲ᠋ᠧᠮ  ᠢ ᠪᠥᠷᠢᠨᠰᠢᠭᠦᠯᠵᠦ᠂ ᠣᠯᠠᠨ ᠲᠡᠰ ᠲᠠᠪᠬᠤᠷᠭ᠎ᠠ᠂ ᠣᠯᠠᠨ ᠬᠦᠷᠢᠶ᠎ᠡ ᠬᠡᠪᠴᠢᠶᠡᠨ  ᠤ ᠬᠠᠣᠯᠢ  ᠪᠠᠷ ᠵᠠᠰᠠᠬᠤ ᠬᠢᠷᠢ ᠲᠥᠪᠰᠢᠨ  ᠢ ᠳᠡᠭᠡᠭᠰᠢᠯᠡᠭᠦᠯᠬᠦ ᠬᠡᠷᠡᠭᠲᠡᠢ᠃ ᠵᠠᠬᠢᠲᠠᠯ ᠰᠣᠷᠪᠣᠯᠵᠢᠯᠠᠭ᠎ᠠ  ᠶᠢᠨ ᠠᠵᠢᠯ  ᠤᠨ   ᠲᠤᠭᠳᠠᠴᠠ   ᠶᠢᠨ ᠰᠢᠨ᠎ᠡ ᠶᠢ ᠡᠬᠦᠳᠦᠨ᠂ ᠠᠷᠠᠳ  ᠤᠨ ᠶᠠᠪᠣᠲᠠᠯ  ᠢ ᠠᠷᠠᠳ ᠲᠦᠮᠡᠨ ᠵᠥᠪᠯᠡᠬᠦ   ᠶᠢ ᠪᠠᠶᠢᠩᠭᠤᠵᠢᠭᠤᠯᠵᠤ᠂ ᠣᠯᠠᠨ ᠲᠥᠮᠡᠨ  ᠤ ᠵᠦᠢ  ᠵᠤᠬᠢᠰᠳᠠᠢ ᠭᠤᠶᠣᠴᠢᠯᠠᠯ  ᠢ ᠬᠥᠴᠦ ᠲᠠᠯᠪᠢᠨ ᠰᠢᠢᠳᠪᠣᠷᠢᠯᠡᠵᠦ᠂ ᠪᠥᠳᠥᠭᠦᠯᠢᠭ  ᠢᠶᠠᠷ ᠵᠠᠷᠭᠤ ᠵᠠᠭᠠᠯᠳᠣᠯᠭ᠎ᠠ  ᠬᠢᠵᠦ ᠨᠡᠶᠢᠭᠡᠮ  ᠤᠨ ᠡᠮᠬᠢ ᠲᠢᠭᠯᠢᠮ  ᠢ ᠰᠠᠮᠠᠭᠤᠷᠠᠭᠤᠯᠬᠤ ᠠᠵᠢᠯᠯᠠᠭ᠎ᠠ  ᠳᠤ ᠬᠠᠣᠯᠢ ᠶᠤᠰᠤᠭᠠᠷ ᠴᠣᠬᠢᠯᠲᠠ ᠥᠭᠬᠦ ᠬᠡᠷᠡᠭᠲᠡᠢ᠃ ᠠᠶᠣᠯᠬᠦᠢ ᠣᠶᠢᠯᠡᠳᠪᠣᠷᠢᠯᠡᠯ  ᠤᠨ ᠬᠠᠷᠢᠭᠤᠴᠠᠯᠭ᠎ᠠ  ᠶᠢᠨ ᠲᠥᠷᠢᠮ  ᠢ  ᠴᠢᠩᠭ᠎ᠠ ᠨᠠᠶᠢᠳᠠᠪᠣᠷᠢᠵᠢᠭᠤᠯᠵᠦ᠂  ᠬᠦᠨᠳᠦ ᠶᠡᠭᠡ  ᠠᠳᠡᠯ ᠡᠭᠦᠰᠬᠦ   ᠶᠢ ᠰᠡᠷᠭᠡᠶᠢᠯᠡᠨ ᠬᠤᠷᠢᠭᠠᠯᠬᠤ ᠬᠡᠷᠡᠭᠲᠡᠢ᠃ ᠭᠠᠮᠰᠢᠭ  ᠠᠴᠠ ᠰᠡᠷᠬᠡᠶᠢᠯᠡᠵᠦ᠂ ᠬᠤᠬᠢᠷᠠᠯ ᠢ ᠪᠠᠭᠠᠰᠬᠠᠬᠤ ᠰᠢᠰᠲ᠋ᠧᠮ  ᠤᠨ ᠪᠠᠶᠢᠭᠤᠯᠤᠯᠲᠠ  ᠶᠢ ᠴᠢᠩᠭᠠᠳᠬᠠᠵᠤ᠂ ᠭᠠᠯ ᠰᠡᠷᠭᠡᠶᠢᠯᠡᠯᠲᠡ  ᠶᠢᠨ ᠥᠷᠲᠡᠭᠡ ᠵᠢᠴᠢ ᠪᠣᠯᠪᠠᠰᠣᠷᠠᠯ  ᠤᠨ ᠲᠠᠰᠤᠭ ᠢ 9 ᠰᠠᠷ᠎ᠠ  ᠶᠢᠨ ᠰᠡᠭᠦᠯᠴᠢ  ᠠᠴᠠ ᠡᠮᠤᠨ᠎ᠡ ᠠᠰᠢᠭᠯᠠᠯᠲᠠ  ᠳᠤ ᠣᠷᠣᠭᠤᠯᠣᠨ᠎ᠠ᠃ ᠢᠳᠡᠭᠡᠨ ᠡᠮ  ᠤᠨ ᠵᠦᠢᠯ   ᠤᠨ ᠬᠢᠨᠠᠨ ᠬᠠᠮᠢᠶᠠᠷᠣᠯᠲᠠ  ᠶᠢ ᠴᠢᠩᠭᠠᠳᠬᠠᠵᠤ᠂ ᠣᠯᠠᠨ ᠲᠥᠮᠡᠨ  ᠤ ᠢᠳᠡᠭᠡᠨ ᠤᠮᠳᠠᠭᠠᠨ ᠡᠮ  ᠤᠨ ᠵᠦᠢᠯ  ᠤᠨ ᠠᠮᠣᠷ ᠲᠥᠪᠰᠢᠨ  ᠢ ᠥᠨᠡᠨᠬᠦ ᠪᠠᠲᠣᠯᠠᠬᠤ ᠬᠡᠷᠡᠭᠲᠡᠢ᠃ ᠠᠮᠣᠷ ᠠᠮᠤᠭᠤᠯᠠᠩ ᠤᠨ ᠪᠠᠶᠢᠭᠤᠯᠤᠯᠳᠠ   ᠶᠢ  ᠭᠥᠨᠵᠡᠬᠡᠶᠢᠷᠡᠭᠦᠯᠵᠦ᠂ ᠰᠥᠷᠳᠡᠭᠦᠯᠦᠯ  ᠤᠨ ᠴᠢᠨᠠᠷᠳᠠᠢ᠂ ᠬᠠᠷ᠎ᠠ ᠪᠥᠯᠥᠭ  ᠤᠨ ᠴᠢᠨᠠᠷᠳᠠᠢ ᠶᠠᠯᠠᠲᠤ ᠠᠵᠢᠯᠯᠠᠭ᠎ᠠ  ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ ᠮᠡᠳᠡᠭᠡ ᠵᠠᠩᠬᠢ᠂ ᠲᠣᠣᠷ ᠰᠥᠯᠵᠢᠶᠡᠨ  ᠤ ᠥᠢᠯᠡᠰ  ᠤᠨ ᠬᠥᠭᠵᠢᠯᠲᠡ  ᠶᠢ ᠲᠥᠷᠭᠡᠳᠬᠡᠵᠦ᠂  ᠰᠢᠯᠢᠳᠡᠭ ᠰᠠᠶᠢᠨ ᠲᠣᠣᠷ ᠰᠥᠯᠵᠢᠶᠡᠨ  ᠤ ᠣᠷᠴᠢᠨ ᠲᠣᠭᠤᠷᠢᠨ  ᠢ ᠪᠠᠶᠢᠭᠤᠯᠵᠦ᠂ ᠲᠣᠣᠷ ᠰᠥᠯᠵᠢᠶ᠎ᠡ ᠪᠣᠯᠣᠨ ᠮᠡᠳᠡᠭᠡ ᠵᠠᠩᠬᠢ  ᠶᠢᠨ ᠠᠮᠣᠷ ᠲᠥᠪᠰᠢᠨ  ᠢ ᠪᠠᠲᠣᠯᠠᠬᠤ ᠬᠡᠷᠡᠭᠲᠡᠢ᠃   ︽ ᠦᠨᠡᠨᠴᠢ ᠢᠳᠡᠭᠡᠮᠵᠢᠳᠡᠢ ᠲᠠᠶᠢᠹᠣᠰᠧ ᠬᠤᠰᠢᠭᠤ﹀︾ ᠶᠢᠨ ᠪᠥᠲᠥᠭᠡᠨ ᠪᠠᠶᠢᠭᠤᠯᠣᠯᠲᠠ ᠶᠢ ᠠᠬᠢᠭᠤᠯᠵᠣ᠂  ︽ ᠦᠨᠡᠨᠴᠢ ᠢᠳᠡᠭᠡᠮᠵᠢᠳᠡᠢ ᠪᠠᠷ ᠭᠠᠶᠢᠯᠢ  ᠲᠤᠰᠢᠶᠠᠵᠤ ᠠᠷᠠᠯᠵᠢᠶ᠎ᠠ ᠬᠢᠬᠦ︾  ᠰᠢᠯᠢᠳᠡᠭ ᠰᠠᠶᠢᠨ ᠠᠭᠤᠷ ᠠᠮᠢᠰᠬᠤᠯ ᠢ ᠪᠣᠢ ᠪᠣᠯᠭᠠᠬᠤ ᠬᠡᠷᠡᠭᠲᠠᠢ  ᠃  ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠣᠯᠣᠰ ᠲᠥᠷᠥ ᠶᠢᠨ ᠵᠦᠪᠯᠡᠯᠭᠡᠨ ᠤ ᠬᠢᠨᠠᠯᠲᠠ   ᠶᠢ ᠣᠬᠠᠮᠰᠠᠷ ᠠᠴᠠ ᠪᠠᠨ ᠬᠦᠯᠢᠶᠡᠵᠣ᠂ ᠠᠷᠠᠳ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠪᠣᠯᠣᠨ ᠣᠯᠣᠰ ᠲᠦᠷᠦ ᠶᠢᠨ ᠵᠦᠪᠯᠡᠯᠭᠡᠨ ᠤ ᠭᠡᠰᠢᠭᠦᠳ ᠤᠨ ᠰᠠᠨᠠᠯ ᠲᠤᠷᠠᠳᠤᠯᠭ᠎ᠠ ᠶᠢ ᠭᠦᠢᠴᠡᠳᠬᠡᠬᠦ ᠴᠢᠨᠠᠷ ᠴᠢᠨᠰᠠᠭ᠎ᠠ ᠶᠢ ᠲᠠᠰᠣᠷᠠᠯᠲᠠ ᠦᠭᠡᠢ ᠳᠡᠭᠡᠭᠰᠢᠯᠡᠭᠦᠯᠬᠦ ᠬᠡᠷᠡᠭᠲᠠᠢ᠃        ᠣᠯᠠᠨ ᠲᠥᠮᠡᠨ ᠤ  ᠠᠩᠬᠠᠷᠤᠨ ᠬᠠᠯᠠᠮᠵᠢᠯᠠᠵᠤ ᠪᠠᠶᠢᠭ᠎ᠠ ᠠᠰᠠᠭᠤᠳᠠᠯ ᠳᠤ ᠢᠳᠡᠪᠬᠢᠲᠠᠢ ᠬᠠᠷᠢᠭᠤᠯᠲᠠ ᠥᠭᠴᠦ᠂ ᠣᠯᠠᠨ ᠲᠥᠮᠡᠨ ᠤ ᠰᠠᠶᠢᠨ ᠰᠠᠶᠢᠬᠠᠨ ᠠᠮᠢᠳᠣᠷᠠᠯ ᠤᠨ ᠬᠦᠰᠡᠯ ᠱᠠᠭᠠᠷᠳᠠᠯᠭ᠎ᠠ ᠳᠤ ᠨᠡᠶᠢᠴᠡᠭᠰᠡᠨ  ᠪᠤᠳᠠᠳᠠᠢ ᠠᠵᠢᠯ ᠢ ᠬᠦᠴᠦ  ᠲᠠᠯᠪᠢᠵᠤ ᠰᠠᠶᠢᠲᠣᠷ ᠬᠢᠬᠦ ᠬᠡᠷᠡᠭᠲᠠᠢ  ᠄  ᠨᠢᠬᠡ ᠳᠤ᠂  ᠪᠡᠶ᠎ᠡ ᠴᠢᠬᠢᠷᠠᠭᠵᠢᠭᠤᠯᠬᠤ ᠠᠭᠤᠳᠠᠮ ᠲᠠᠯᠠᠪᠠᠢ  1 ᠶᠢ  ᠪᠠᠶᠢᠭᠤᠯᠵᠣ᠂ ᠬᠤᠲᠠ ᠶᠢᠨ ᠬᠠᠭᠤᠴᠢᠨ ᠲᠣᠭᠤᠷᠢᠭ ᠲᠤ ᠰᠡᠯᠡᠭᠦᠴᠡᠯ ᠤᠨ ᠠᠭᠤᠳᠠᠮ ᠲᠠᠯᠠᠪᠠᠢ ᠲᠣᠳᠠᠭᠳᠠᠵᠣ ᠪᠠᠶᠢᠬᠤ ᠠᠰᠠᠭᠤᠳᠠᠯ   ᠢ ᠰᠢᠢᠳᠪᠦᠷᠢᠯᠡᠨ᠎ᠡ  ᠃ ᠬᠤᠶᠠᠷ ᠲᠤ᠂ ᠵᠠᠬ᠎ᠠ ᠳᠡᠯᠭᠡᠭᠦᠷ ᠤᠨ ᠦᠨ᠎ᠡ ᠬᠠᠩᠰᠢ  ᠠᠴᠠ ᠳᠣᠣᠷ᠎ᠠ ᠥᠷᠳᠡᠭ ᠲᠠᠢ ᠬᠠᠭᠤᠴᠢᠨ ᠣᠷᠣᠨ ᠰᠠᠭᠤᠴᠠ ᠶᠢ ᠨᠣᠷᠠᠭᠠᠨ ᠰᠢᠯᠵᠢᠭᠦᠯᠬᠦ ᠰᠠᠭᠤᠭᠠᠯᠢ ᠠᠷᠠᠳ ᠤᠨ ᠲᠣᠭᠤᠷᠢᠭ 2   ᠢ ᠪᠠᠶᠢᠭᠤᠯᠵᠣ᠂ ᠬᠠᠭᠤᠴᠢᠨ ᠣᠷᠣᠨ ᠰᠠᠭᠤᠴᠠ ᠶᠢᠨ ᠲᠣᠭᠤᠷᠢᠭ ᠲᠠᠬᠢ ᠰᠠᠭᠤᠭᠠᠯᠢ ᠠᠷᠠᠳ   ᠤᠨ  ᠭᠡᠷ ᠬᠤᠳᠠᠯᠳᠣᠨ ᠠᠪᠬᠤ ᠭᠦᠴᠢᠷᠳᠡᠯ ᠢ ᠰᠢᠢᠳᠪᠦᠷᠢᠯᠡᠨ᠎ᠡ  ᠃  ᠭᠤᠷᠪᠠ ᠳᠤ᠂ ᠬᠤᠲᠠ ᠶᠢᠨ ᠬᠠᠭᠤᠴᠢᠨ ᠲᠣᠭᠤᠷᠢᠭ  ᠲᠤ 1  ᠰᠠᠭᠤᠷᠢ  ᠪᠠᠷᠢᠮᠵᠢᠶᠠᠳᠤ ᠬᠡᠥᠬᠡᠳ ᠤᠨ ᠴᠡᠴᠡᠷᠯᠢᠭ ᠪᠠᠶᠢᠭᠤᠯᠡᠵᠦ᠂ ᠬᠠᠭᠤᠴᠢᠨ ᠬᠤᠲᠠ ᠶᠢᠨ ᠲᠣᠭᠤᠷᠢᠭ  ᠤᠨ ᠰᠣᠷᠬᠤ ᠨᠠᠰᠣᠨ ᠠᠴᠠ ᠡᠮᠦᠨᠡᠬᠢ ᠬᠡᠥᠬᠡᠳ ᠪᠠᠭᠠᠴᠣᠳ ᠤᠨ ᠴᠡᠴᠡᠷᠯᠢᠭ ᠲᠤ ᠰᠠᠭᠤᠬᠤ ᠳᠤ ᠬᠦᠴᠢᠷᠲᠠᠢ ᠠᠰᠠᠭᠤᠳᠠᠯ ᠢ ᠰᠢᠢᠳᠪᠦᠷᠢᠯᠡᠨ᠎ᠡ  ᠃ ᠳᠦᠷᠪᠡ ᠳᠤ᠂  ᠬᠤᠲᠠ ᠶᠢᠨ ᠬᠠᠭᠤᠴᠢᠨ ᠲᠣᠭᠤᠷᠢᠭ ᠲᠤ 1 ᠰᠠᠭᠤᠷᠢ  ᠬᠤᠳᠠᠯᠳᠣᠭᠠᠨ ᠤ  ᠵᠠᠬ᠎ᠠ  ᠳᠡᠯᠭᠡᠭᠦᠷ  ᠪᠠᠶᠢᠭᠤᠯᠵᠤ  ᠂  ᠬᠠᠭᠤᠴᠢᠨ ᠲᠣᠭᠤᠷᠢᠭ ᠤᠨ ᠠᠷᠠᠯᠵᠢᠶᠠᠨ ᠤ ᠡᠮᠬᠢ ᠳᠢᠭᠯᠡᠮ ᠦᠭᠡᠢ᠂ ᠣᠷᠴᠢᠨ ᠲᠣᠭᠤᠷᠢᠨ ᠤ  ᠠᠷᠢᠭᠤᠨ ᠴᠡᠪᠡᠷ ᠠᠨᠠᠢ ᠪᠠᠶᠢᠬᠤ ᠠᠰᠠᠭᠤᠳᠠᠯ ᠢ ᠰᠢᠢᠳᠪᠦᠷᠢᠯᠡᠨ᠎ᠡ  ᠃ ᠲᠠᠪᠤ ᠳᠤ᠂ ᠰᠢ ᠱᠠᠨ ᠵᠠᠮ᠂ ᠯᠥᠸᠧ ᠲᠥᠸᠧ ᠱᠠᠨ ᠵᠠᠮ ᠢ ᠨᠡᠪᠲᠡᠷᠡᠭᠦᠯᠵᠦ᠂ ᠪᠣᠣᠴᠠᠩ ᠪᠠᠯᠭᠠᠰᠣᠨ ᠤ  ᠵᠠᠮ ᠤᠨ ᠲᠥᠭᠵᠢᠷᠡᠯ   ᠢ ᠰᠢᠢᠳᠪᠦᠷᠢᠯᠡᠨ᠎ᠡ᠃  ᠵᠢᠷᠭᠤᠭ᠎ᠠ ᠳᠤ᠂ ᠭᠠᠴᠠᠭ᠎ᠠ  ᠲᠣᠰᠬᠤᠨ ᠤ  ᠺᠠᠳᠠᠷ ᠤᠨ ᠴᠠᠯᠢᠩ  ᠂ ᠭᠠᠴᠠᠭ᠎ᠠ ᠲᠣᠰᠬᠤᠨ   ᠤ  ᠵᠣᠬᠢᠶᠠᠨ ᠪᠠᠶᠢᠭᠤᠯᠣᠯᠲᠠ ᠶᠢᠨ ᠠᠵᠢᠯ ᠤᠨ ᠰᠦᠢᠳᠬᠡᠯ᠂ ᠨᠠᠮ ᠤᠨ ᠵᠣᠬᠢᠶᠠᠨ ᠪᠠᠶᠢᠭᠤᠯᠣᠯᠲᠠ ᠶᠢᠨ ᠬᠦᠳᠡᠯᠪᠦᠷᠢ ᠠᠵᠢᠯᠯᠠᠭᠠᠨ ᠤ ᠰᠦᠢᠳᠬᠡᠯ᠂  ᠠᠵᠢᠯ ᠠᠴᠠ ᠪᠠᠨ ᠠᠮᠠᠷᠠᠭᠰᠠᠨ  ᠺᠠᠳ᠋ᠷ ᠤᠨ ᠠᠮᠢᠳᠣᠷᠠᠯ ᠤᠨ ᠨᠥᠬᠦᠪᠦᠷᠢ ᠶᠢ ᠦᠷᠭᠦᠯᠵᠢᠯᠡᠨ ᠵᠤᠬᠢᠰᠳᠠᠢ ᠦᠰᠭᠡᠵᠦ᠂ ᠦᠨᠳᠦᠰᠦᠨ ᠱᠠᠲᠣᠨ ᠤ ᠵᠣᠬᠢᠶᠠᠨ ᠪᠠᠶᠢᠭᠤᠯᠣᠯᠲᠠ ᠶᠢᠨ ᠠᠵᠢᠯ ᠤᠨ ᠵᠠᠷᠣᠳᠠᠯ  ᠢᠶᠠᠷ ᠲᠣᠳᠠᠮᠠᠭ  ᠂ ᠭᠠᠴᠠᠭ᠎ᠠ ᠲᠣᠰᠬᠤᠨ ᠤ ᠺᠠᠳᠠᠷ ᠤᠨ  ᠴᠠᠯᠢᠩ  ᠣᠯᠭᠤᠮᠵᠢ ᠳᠣᠣᠷ᠎ᠠ ᠪᠠᠶᠢᠬᠤ ᠠᠰᠠᠭᠤᠲᠠᠯ ᠢ ᠰᠢᠢᠳᠪᠦᠷᠢᠯᠡᠨ᠎ᠡ  ᠃ ᠳᠣᠯᠤᠭ᠎ᠠ ᠳᠤ᠂ ᠶᠠᠳᠠᠭᠤ ᠶᠢ ᠲᠡᠳᠬᠦᠬᠦ ᠠᠷᠠᠳ ᠢ ᠨᠡᠭᠦᠯᠭᠡᠭᠦ ᠲᠥᠷᠥᠯ ᠵᠦᠢᠯ ᠢ 368  ᠡᠷᠦᠬᠡ᠂ 800  ᠬᠦᠮᠦᠨ ᠳᠤ ᠬᠡᠷᠡᠭᠵᠢᠭᠦᠯᠵᠣ᠂ ᠬᠦᠳᠡᠭᠡ ᠲᠣᠰᠬᠤᠨ ᠤ 2000  ᠡᠷᠦᠬᠡ ᠶᠢᠨ ᠠᠶᠣᠯᠲᠠᠢ ᠭᠡᠷ ᠪᠠᠶᠢᠰᠢᠩ ᠢ  ᠥᠭᠡᠷᠡᠴᠢᠯᠡᠨ ᠪᠠᠶᠢᠭᠤᠯᠵᠣ᠂ ᠺᠠᠷᠲ ᠪᠠᠷ ᠳᠠᠩᠰᠠᠯᠠᠭᠰᠠᠨ ᠶᠠᠳᠠᠭᠤ ᠬᠦᠴᠢᠷᠲᠠᠢ ᠡᠷᠦᠬᠡ᠂  ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠣᠯᠠᠭᠠᠲᠣ ᠡᠷᠦᠬᠡ᠂  ᠲᠠᠪᠤᠨ ᠪᠠᠲᠣᠯᠠᠭᠠᠳᠣ ᠡᠷᠦᠬᠡ᠂ ᠵᠡᠮᠳᠡᠭ ᠡᠷᠦᠬᠡ ᠶᠢᠨ ᠠᠶᠣᠯᠭᠦᠢ ᠣᠷᠣᠨ ᠰᠠᠭᠤᠴᠠ ᠶᠢᠨ ᠠᠰᠠᠭᠤᠳᠠᠯ ᠢ ᠰᠢᠢᠳᠪᠦᠷᠢᠯᠡᠨ᠎ᠡ  ᠃ ᠨᠠᠢᠮᠠ ᠳᠤ  ᠂  10 ᠰᠠᠷ᠎ᠠ   ᠠᠴᠠ ᠡᠮᠦᠨ᠎ᠡ ᠢᠯᠴᠢ  ᠴᠠᠬᠢᠯᠭᠠᠨ ᠤ ᠬᠠᠮ ᠦᠢᠯᠡᠳᠪᠦᠷᠢᠯᠡᠯ ᠤᠨ  ᠲᠥᠷᠥᠯ ᠵᠦᠢᠯ ᠢ ᠠᠰᠢᠭᠯᠠᠯᠲᠠ ᠳᠤ ᠣᠷᠣᠭᠤᠯᠣᠨ᠂ ᠬᠤᠲᠠ ᠪᠠᠯᠭᠠᠰᠣᠨ ᠤ  ᠲᠤᠯᠠᠭᠠᠯᠠᠭ᠎ᠠ ᠶᠢᠨ ᠠᠰᠠᠭᠤᠳᠠᠯ ᠢ ᠲᠣᠶᠢᠯᠪᠣᠷᠢᠳᠠᠢ ᠰᠢᠢᠳᠪᠦᠷᠢᠯᠡᠨ᠎ᠡ᠃         ᠲᠥᠯᠥᠭᠡᠯᠡᠭᠴᠢᠳ ᠡ᠂ ᠨᠥᠬᠦᠳ ᠡ᠂ ᠲᠠᠶᠢᠹᠣᠰᠧ ᠬᠤᠰᠢᠭᠤᠨ ᠤ ᠬᠦᠭᠵᠢᠯᠲᠡ ᠶᠢᠨ ᠠᠤᠭ᠎ᠠ ᠲᠥᠰᠥᠪ ᠪᠢᠳᠡᠨ ᠤ ᠡᠮᠦᠨ᠎ᠡ  ᠲᠡᠯᠭᠡᠭᠳᠡᠵᠦ᠂  ᠪᠥᠬᠦ ᠬᠤᠰᠢᠭᠤᠨ ᠤ  ᠺᠠᠳ᠋ᠷ  ᠠᠷᠠᠳ ᠲᠥᠮᠡᠨ  ᠬᠦᠰᠡᠯ  ᠡᠷᠡᠮᠡᠯᠵᠡᠯ ᠢᠶᠠᠨ ᠪᠢᠳᠡᠨ ᠳᠤ  ᠨᠠᠶᠢᠳᠠᠵᠤ  ᠪᠠᠶᠢᠨ᠎ᠠ᠃  ᠬᠤᠶᠢᠰᠢᠲᠠ ᠶᠢᠨ ᠠᠵᠢᠯ ᠤᠨ ᠳᠣᠮᠳᠠ ᠪᠠᠨ  ᠪᠢᠳᠡ ᠡᠷᠭᠡᠪᠰᠢ  ᠠᠵᠢᠯ ᠤᠨ ᠣᠶᠢᠯᠭᠠᠭᠳᠠᠬᠤᠨ ᠤ ᠰᠢᠨ᠎ᠡ ᠶᠢ ᠡᠬᠦᠳᠦᠨ᠂  ᠵᠠᠰᠠᠭ  ᠪᠠᠷᠢᠬᠤ ᠴᠢᠳᠠᠪᠤᠷᠢ ᠪᠠᠨ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠠᠢ᠃  ᠬᠠᠣᠯᠢ ᠪᠠᠷ ᠵᠠᠰᠠᠭ ᠶᠠᠪᠣᠭᠤᠯᠬᠤ   ᠶᠢ ᠡᠭᠦᠷᠢᠳᠡ ᠪᠠᠷᠢᠮᠲᠠᠯᠠᠵᠣ᠂ ᠬᠠᠣᠯᠢ ᠪᠠᠷ ᠲᠣᠭᠳᠠᠭᠰᠠᠨ ᠡᠷᠬᠡ  ᠲᠤᠰᠢᠶᠠᠯ ᠪᠣᠯᠣᠨ ᠡᠷᠡᠮᠪᠠ ᠳᠠᠷᠠᠭᠠᠯᠠᠯ  ᠶᠤᠰᠤᠭᠠᠷ  ᠠᠵᠢᠯ ᠢᠶᠠᠨ ᠶᠠᠪᠤᠭᠳᠠᠭᠤᠯᠵᠤ᠂ ᠡᠭᠦᠷᠭᠡ ᠬᠠᠷᠢᠭᠤᠴᠠᠯᠭ᠎ᠠ ᠪᠠᠨ  ᠬᠦᠢᠴᠡᠳᠭᠡᠨ  ᠂ ᠬᠠᠣᠯᠢ  ᠲᠦᠷᠢᠮ ᠤᠨ ᠰᠡᠳᠬᠢᠬᠦᠢ ᠪᠠᠷ ᠠᠵᠢᠯ   ᠢᠶᠠᠨ ᠥᠷᠨᠢᠭᠦᠯᠵᠦ᠂ ᠠᠰᠠᠭᠤᠳᠠᠯ ᠢ ᠰᠢᠢᠳᠪᠦᠷᠢᠯᠡᠵᠣ᠂ ᠬᠥᠭᠵᠢᠯᠲᠡ ᠪᠠᠨ ᠠᠬᠢᠭᠤᠯᠬᠤ ᠬᠡᠷᠡᠭᠲᠠᠢ᠃  ᠰᠢᠨᠵᠢᠯᠡᠬᠦ ᠣᠬᠠᠭᠠᠨᠴᠢ ᠪᠠᠷ ᠵᠠᠰᠠᠭ ᠶᠠᠪᠣᠭᠤᠯᠬᠤ ᠶᠢ ᠡᠭᠦᠷᠢᠳᠡ ᠪᠠᠷᠢᠮᠲᠠᠯᠠᠵᠣ᠂ ᠲᠦᠷᠭᠡᠨ᠂ ᠣᠨᠣᠪᠴᠢᠲᠠᠢ᠂ ᠦᠷ᠎ᠡ ᠪᠥᠲᠦᠮᠵᠢᠲᠠᠢ᠂ ᠮᠡᠳᠡᠭᠡ ᠵᠠᠩᠬᠢᠴᠢᠯᠠᠭᠰᠠᠨ ᠵᠠᠰᠠᠭ ᠤᠨ ᠶᠠᠪᠣᠳᠠᠯ ᠤᠨ ᠦᠢᠯᠡᠴᠢᠯᠡᠭᠡᠨ ᠤ  ᠶᠠᠪᠤᠴᠠ ᠶᠢ  ᠲᠡᠬᠦᠯᠳᠡᠷᠵᠢᠬᠦᠯᠦᠨ  ᠂ ᠲᠣᠰᠬᠠᠢ ᠮᠡᠷᠭᠡᠵᠢᠯ ᠤᠨ ᠴᠢᠳᠠᠪᠣᠷᠢ ᠪᠠᠨ ᠳᠡᠭᠡᠭᠰᠢᠯᠡᠭᠦᠯᠵᠦ᠂ ᠲᠣᠰᠬᠠᠢ ᠮᠡᠷᠭᠡᠵᠢᠯ ᠤᠨ ᠵᠣᠷᠢᠭ ᠰᠠᠨᠠᠭ᠎ᠠ ᠶᠢ ᠪᠠᠳᠠᠷᠠᠭᠤᠯᠵᠣ᠂ ᠵᠠᠰᠠᠭ ᠵᠠᠬᠢᠷᠭᠠᠨ ᠤ ᠬᠢᠷᠢ ᠪᠥᠲᠦᠮᠵᠢ ᠪᠠᠨ ᠲᠠᠰᠣᠷᠠᠯᠲᠠ ᠦᠭᠡᠢ ᠳᠡᠭᠡᠭᠰᠢᠯᠡᠭᠦᠯᠬᠦ ᠬᠡᠷᠡᠭᠲᠠᠢ᠃ ᠵᠠᠰᠠᠭ ᠢ ᠴᠢᠩᠭ᠎ᠠ  ᠵᠠᠰᠠᠬᠤ ᠶᠢ ᠪᠠᠷᠢᠮᠳᠠᠯᠠᠨ᠂ ᠰᠣᠷᠳᠠᠯ ᠤᠨ ᠪᠠᠶᠢᠭᠤᠯᠣᠯᠲᠠ ᠶᠢ ᠣᠯᠠᠮ ᠨᠢᠭᠡ ᠠᠯᠬᠤᠮ ᠴᠢᠩᠭᠠᠳᠬᠠᠵᠣ᠂ ᠨᠠᠮ  ᠤᠨ ᠰᠣᠷᠲᠠᠯ ᠴᠢᠭᠡᠴᠢ ᠵᠠᠰᠠᠭ  ᠤᠨ ᠪᠠᠶᠢᠭᠤᠯᠤᠯᠲᠠ  ᠶᠢᠨ ᠬᠠᠷᠢᠭᠤᠴᠠᠯᠭ᠎ᠠ  ᠶᠢᠨ ᠲᠥᠷᠢᠮ  ᠢ ᠨᠠᠶᠢᠳᠠᠪᠣᠷᠢᠵᠢᠭᠤᠯᠵᠦ᠂ ᠭᠤᠣᠯᠳᠠᠯᠭ᠎ᠠ ᠲᠠᠢ ᠬᠥᠷᠢᠶ᠎ᠡ  ᠴᠠᠷ᠎ᠠ  ᠂ ᠵᠠᠩᠬᠢᠯᠠᠭ᠎ᠠ  ᠶᠢᠨ ᠭᠤᠭᠴᠣᠭᠠᠨ  ᠳᠠᠬᠢ ᠡᠷᠬᠡ  ᠶᠢᠨ ᠬᠡᠷᠡᠭᠵᠢᠭᠦᠯᠥᠯᠲᠡ ᠳᠤ ᠬᠢᠨᠠᠯᠲᠠ ᠲᠠᠯᠪᠢᠬᠤ   ᠪᠠᠨ ᠴᠢᠩᠭᠠᠳᠬᠠᠵᠤ  ᠂ ᠲᠥᠷᠢᠮ ᠲᠣᠭᠲᠠᠭᠠᠯ  ᠢᠶᠠᠷ ᠡᠷᠬᠡ  ᠶᠢ ᠬᠠᠮᠢᠶᠠᠷᠴᠤ᠂ ᠬᠡᠷᠡᠭ ᠣᠴᠢᠷ  ᠢ ᠬᠠᠮᠢᠶᠠᠷᠴᠦ᠂ ᠬᠦᠮᠦᠨ  ᠢ ᠬᠠᠮᠢᠶᠠᠷᠬᠤ ᠬᠡᠷᠡᠭᠲᠡᠢ᠃ ᠦᠨᠡᠨ ᠪᠣᠳᠠᠲᠠᠢ  ᠪᠠᠷ ᠵᠠᠰᠠᠭ ᠶᠠᠪᠤᠭᠤᠯᠬᠤ  ᠶᠢ ᠡᠭᠦᠷᠢᠲᠡ  ᠪᠠᠷᠢᠮᠳᠠᠯᠠᠨ᠂ ᠵᠤᠷᠢᠭᠲᠠᠢ ᠲᠡᠮᠡᠴᠡᠵᠦ᠂ ᠰᠢᠪᠲᠣᠯᠣᠯᠲᠠ ᠬᠢᠵᠦ᠂ ᠢᠯᠡᠯᠲᠠ ᠣᠯᠬᠤ ᠠᠵᠢᠯ ᠤᠨ ᠠᠭᠤᠷ ᠠᠮᠢᠰᠬᠤᠯ  ᠢ ᠢᠳᠡᠪᠬᠢᠲᠠᠢ ᠪᠣᠢ ᠪᠣᠯᠭᠠᠵᠤ᠂ ᠬᠡᠯᠡᠪᠡᠯ ᠬᠢᠵᠦ᠂ ᠬᠢᠪᠡᠯ ᠪᠥᠲᠥᠭᠡᠵᠦ᠂ ᠰᠢᠨ᠎ᠡ  ᠶᠢ ᠡᠭᠦᠳᠬᠦ ᠠᠵᠢᠯ ᠤᠨ ᠰᠣᠷᠲᠠᠯ ᠢᠶᠠᠷ ᠳᠣᠲᠠᠭᠲᠠᠯ ᠲᠠᠢ ᠲᠠᠯ᠎ᠠ  ᠪᠠᠨ ᠣᠨᠣᠪᠴᠢᠲᠠᠢ ᠡᠵᠡᠮᠳᠡᠵᠦ᠂ ᠪᠣᠲᠠᠲᠠᠢ ᠠᠰᠠᠭᠤᠳᠠᠯ  ᠢ ᠰᠢᠢᠳᠪᠣᠷᠢᠯᠡᠵᠦ᠂ ᠡᠯ᠎ᠡ ᠲᠥᠷᠥᠯ  ᠤᠨ ᠰᠢᠢᠳᠪᠣᠷᠢᠲᠣ ᠪᠣᠳᠣᠯᠭ᠎ᠠ  ᠶᠢᠨ ᠪᠣᠳᠠᠲᠠᠢ ᠶᠠᠪᠣᠭᠲᠠᠬᠤ  ᠶᠢ ᠠᠬᠢᠭᠤᠯᠵᠦ᠂ ᠪᠦᠬᠦ  ᠬᠤᠰᠢᠭᠤᠨ  ᠤ  ᠺᠠᠳ᠋ᠷ  ᠣᠯᠠᠨ ᠲᠥᠮᠡᠨ  ᠤ ᠰᠠᠶᠢᠨ ᠰᠠᠶᠢᠬᠠᠨ ᠬᠦᠰᠡᠯ ᠡᠷᠡᠮᠡᠯᠵᠡᠯ  ᠢ ᠪᠡᠶᠡᠯᠡᠭᠦᠯᠬᠦ  ᠪᠠᠷ ᠴᠢᠷᠮᠠᠶᠢᠬᠤ ᠬᠡᠷᠡᠭᠲᠡᠢ᠃       ᠲᠥᠯᠥᠭᠡᠯᠡᠭᠴᠢᠳ ᠡ᠂ ᠨᠥᠭᠦᠳ ᠡ᠂ ᠥᠴᠥᠭᠡᠳᠥᠷ  ᠤᠨ ᠬᠠᠲᠠᠭᠤ ᠪᠡᠷᠬᠡᠰᠢᠶᠡᠯᠲᠦ ᠥᠩᠭᠡᠷᠡᠯᠲᠡ ᠲᠡᠣᠬᠡᠨ ᠬᠠᠭᠤᠲᠠᠰᠣᠨ᠎ᠠ ᠲᠡᠮᠳᠡᠭᠯᠡᠭᠳᠡᠵᠦ᠂ ᠮᠠᠷᠭᠠᠰᠢ  ᠶᠢᠨ ᠰᠠᠶᠢᠨ ᠰᠠᠶᠢᠬᠠᠨ ᠬᠦᠰᠡᠯ ᠡᠷᠡᠮᠡᠯᠵᠡᠯ  ᠪᠢᠳᠡᠨ  ᠤ ᠣᠷᠣᠭᠰᠢᠯᠠᠨ ᠲᠠᠪᠰᠢᠬᠤ  ᠶᠢ  ᠤᠷᠠᠶᠢᠯᠠᠵᠤ  ᠪᠠᠶᠢᠨ᠎ᠠ᠃ ᠪᠢᠳᠡ ᠰᠢ ᠶᠢᠨ ᠫᠢᠩ  ᠤᠨ ᠰᠢᠨ᠎ᠡ ᠴᠠᠭ ᠥᠶ᠎ᠡ ᠶᠢᠨ ᠳᠣᠮᠳᠠᠳᠣ ᠤᠯᠤᠰ ᠤᠨ ᠣᠨᠴᠠᠯᠢᠭ   ᠲᠠᠢ ᠨᠡᠶᠢᠭᠡᠮ ᠵᠢᠷᠥᠮ  ᠤᠨ ᠥᠵᠡᠯ ᠰᠠᠨᠠᠭᠠᠨ  ᠤ ᠠᠭᠤᠤ ᠶᠡᠭᠡ ᠲᠤᠭ  ᠢ ᠥᠨᠳᠦᠷ ᠡᠷᠭᠦᠵᠦ᠂ ᠨᠡᠩ ᠴᠢᠩᠭ᠎ᠠ ᠢᠲᠡᠭᠡᠯ ᠵᠤᠷᠢᠭ᠂ ᠨᠡᠩ  ᠪᠣᠳᠠᠲᠠᠢ ᠠᠵᠢᠯ ᠤᠨ ᠰᠣᠷᠲᠠᠯ ᠢ ᠪᠠᠷᠢᠮᠳᠠᠯᠠᠵᠤ᠂ ᠤᠭ ᠰᠠᠨᠠᠭ᠎ᠠ ᠪᠠᠨ ᠦᠯᠦ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠦ᠂ ᠴᠢᠨᠡᠭᠡᠯᠢᠭ ᠨᠡᠶᠢᠭᠡᠮ  ᠢ ᠪᠦᠬᠦ ᠲᠠᠯ᠎ᠠ  ᠪᠠᠷ ᠪᠠᠶᠢᠭᠤᠯᠬᠤ ᠰᠢᠢᠳᠪᠦᠷᠢᠳᠦ ᠢᠯᠠᠯᠳᠠ ᠶᠢ ᠤᠯᠬᠤ  ᠂  ︽ᠥᠵᠡᠰᠭᠦᠯᠡᠩᠳᠦ ᠰᠠᠶᠢᠬᠠᠨ ᠥᠪᠥᠷ ᠮᠤᠩᠭᠤᠯ  ᠢᠶᠠᠨ ᠪᠥᠳᠥᠭᠡᠨ ᠪᠠᠶᠢᠭᠤᠯᠵᠦ᠂ ᠠᠭᠤᠤ ᠶᠡᠭᠡ ᠳᠣᠮᠳᠠᠳᠣ  ᠶᠢᠨ ᠵᠡᠬᠦᠳᠦ ᠪᠠᠨ ᠬᠠᠮᠳᠤᠪᠠᠷ ᠲᠡᠷᠭᠡᠯᠰᠢᠭᠦᠯᠬᠦ︾ ᠥᠢᠯᠡᠳᠦᠯᠭᠡ ᠶᠢᠨ ᠳᠣᠮᠳᠠ ᠰᠢᠨ᠎ᠡ ᠠᠮᠵᠢᠯᠲᠠ ᠭᠠᠷᠭᠠᠨ᠂ ᠰᠢᠨ᠎ᠡ ᠬᠠᠭᠤᠳᠠᠰᠤ  ᠪᠢᠴᠢᠭᠯᠡᠵᠦ᠂ ᠪᠠᠶᠠᠨ ᠬᠦᠴᠦᠷᠭᠡᠭ᠂ ᠪᠤᠯᠪᠠᠰᠤᠨ  ᠂ ᠡᠶ᠎ᠡ ᠨᠠᠶᠢᠷᠠᠮᠳᠠᠭᠤ᠂ ᠥᠵᠡᠰᠭᠦᠯᠡᠩᠳᠦ ᠰᠠᠶᠢᠬᠠᠨ ᠲᠠᠶᠢᠹᠣᠰᠧ ᠬᠤᠰᠢᠭᠤ   ᠪᠠᠨ ᠪᠥᠳᠥᠭᠡᠨ ᠪᠠᠶᠢᠭᠤᠯᠬᠤ  ᠪᠠᠷ ᠴᠢᠷᠮᠠᠶᠢᠨ ᠲᠡᠮᠡᠴᠡᠵᠡᠭᠡᠶ᠎ᠡ︕
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号