ᠭᠠᠨᠵᠤᠤᠷᠵᠠᠪ
ᠨᠡᠶᠢᠲᠡᠯᠡᠭᠰᠡᠨ ᠴᠠᠭ᠄
2018/1/17
  ᠭᠠᠨᠵᠤᠤᠷᠵᠠᠪ  — ᠲᠠᠶᠢᠹᠤᠰᠧ ᠵᠡᠬᠦᠨ ᠭᠠᠷ ᠰᠦᠷᠦᠭ ᠤᠨ ᠬᠦᠯᠦ ᠴᠠᠭᠠᠨ ᠬᠤᠰᠢᠭᠤᠨ ᠤ ᠬᠦᠨ ᠴᠠᠪ ᠤᠨ ᠬᠦᠮᠦᠨ᠃ ᠬᠠᠩᠬᠢᠨ ᠤᠪᠤᠭ ᠲᠠᠢ  ᠃ ᠲᠡᠷᠡ  ᠪᠤᠯ ᠴᠢᠩ ᠤᠯᠤᠰ ᠤᠨ ᠰᠡᠬᠦᠯᠴᠢ  ᠂ ᠢᠷᠭᠡᠨ ᠤᠯᠤᠰ ᠤᠨ ᠡᠬᠢᠨ  ᠤ ᠦᠶ᠎ᠡ ᠳᠤ ᠲᠤᠯᠤᠨ ᠨᠤᠤᠷ ᠳᠤ ᠰᠠᠭᠤᠵᠤ ᠪᠠᠶᠢᠭᠰᠠᠨ ᠴᠡᠷᠢᠭ ᠤᠨ ᠶᠡᠭᠡ ᠨᠤᠶᠠᠨ ᠪᠤᠷᠬᠢᠯ ᠤᠨ ᠦᠶᠡᠯᠢᠳ ᠲᠡᠬᠦᠦ  ᠨᠢ ᠪᠤᠯᠤᠨ᠎ᠠ᠃ ᠬᠠᠷᠠᠬᠠᠨ ᠪᠠᠭ᠎ᠠ ᠠᠴᠠ ᠪᠠᠨ ᠪᠤᠷᠬᠢᠯ ᠵᠡᠷᠭᠡ ᠬᠦᠮᠦᠰ ᠲᠠᠢ ᠬᠠᠮᠳᠤ ᠪᠠᠷ ᠭᠡᠷ ᠤᠨ ᠪᠠᠭᠰᠢ ᠵᠠᠯᠠᠵᠤ ᠮᠠᠨᠵᠤ ᠮᠤᠩᠭᠤᠯ ᠪᠢᠴᠢᠭ ᠰᠤᠷᠴᠤ ᠪᠠᠶᠢᠪᠠ᠃ 1877 ᠤᠨ ︵ᠪᠠᠳᠠᠷᠠᠭᠤᠯᠳᠤ ᠲᠦᠷᠦ ᠶᠢᠨ ᠭᠤᠷᠪᠠᠳᠤᠭᠠᠷ ᠤᠨ︶  ᠳᠤ ᠪᠤᠷᠬᠢᠯ ᠲᠤᠰ ᠰᠦᠷᠦᠭ ᠤᠨ ᠬᠦᠯᠦ ᠴᠠᠭᠠᠨ ᠬᠤᠰᠢᠭᠤᠨ ᠤ ᠵᠢᠩᠬᠢᠨᠢ ᠬᠤᠰᠠᠢ ᠳ᠋ᠠ ᠪᠤᠯᠬᠤ ᠳᠤ ᠭᠠᠨᠵᠤᠤᠷᠵᠠᠪ ᠠᠷᠠᠬᠤ ᠬᠤᠰᠠᠢ ᠳ᠋ᠠ ᠪᠤᠯᠤᠭᠰᠠᠨ ᠪᠦᠬᠡᠳ ᠰᠡᠬᠦᠯᠡᠷ ᠨᠢ ᠵᠢᠩᠬᠢᠨᠢ ᠬᠤᠰᠠᠢ ᠳ᠋ᠠ ᠰᠠᠭᠤᠵᠤ᠂ 1892 ᠤᠨ ︵ᠪᠠᠳᠠᠷᠠᠭᠤᠯᠳᠤ ᠲᠦᠷᠦ ᠶᠢᠨ ᠠᠷᠪᠠᠨ ᠨᠠᠢᠮᠠᠳᠤᠭᠠᠷ ᠤᠨ︶ ᠳᠤ ᠲᠠᠶᠢᠹᠤᠰᠧ ᠪᠠᠷᠠᠭᠤᠨ ᠭᠠᠷ ᠰᠦᠷᠦᠭ ᠤᠨ ᠠᠮᠪᠠᠨ ᠰᠠᠭᠤᠵᠠᠢ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号