︽  ᠦᠵᠡᠮᠵᠢ ᠪᠦᠷᠢᠳᠦᠭᠰᠡᠨ ᠲᠠᠯ᠎ᠠ ᠨᠤᠳᠤᠭ᠂ ᠡᠪᠦᠯ ᠢᠶᠠᠷ ᠪᠠᠭ᠋ᠠᠷᠬᠠᠭᠰᠠᠨ ᠲᠠᠶᠢᠹᠤᠰᠧ ᠬᠤᠰᠢᠭᠤ︾
ᠨᠡᠶᠢᠲᠡᠯᠡᠭᠰᠡᠨ ᠴᠠᠭ᠄
2018-01-02
        ᠠᠮᠵᠢᠯᠳᠠ ᠪᠦᠳᠣᠬᠡᠯ ᠪᠢᠯᠬᠠᠭᠰᠠᠨ ᠬᠠᠭᠤᠴᠢᠨ ᠤᠨ ᠠᠶᠠᠷᠯᠠᠵᠤ᠂ ᠠᠬᠢᠯᠳᠠ ᠳᠠᠪᠰᠢᠯᠳᠠ ᠬᠤᠷᠦ᠋ᠢᠯᠠᠬᠰᠠᠠ ᠰᠢᠨ᠎ᠡ   ᠤᠨ ᠰᠠᠭᠠᠳᠠᠬᠤ ᠦᠯᠵᠡᠢ ᠪᠡᠯᠭᠡᠳᠦ ᠡᠷᠡᠨ ᠤ ᠠᠭᠤᠯᠵᠠᠷ ᠲᠤ  ᠂  ᠰᠢᠯᠢ ᠶᠢᠨ ᠭᠤᠤᠯ ᠠᠶᠢᠮᠠᠭ ᠤᠨ ᠵᠢᠭᠤᠯᠴᠢᠯᠠᠯ ᠬᠦᠭᠵᠢᠬᠦᠯᠬᠦ ᠵᠦᠪᠯᠡᠯ᠂ ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠠᠴᠠ ᠭᠤᠤᠯᠯᠠᠨ  ᠡᠷᠬᠢᠯᠡᠵᠦ᠂ ᠲᠠᠶᠢᠹᠤᠰᠧ ᠬᠤᠰᠢᠭᠤᠨ ᠤ ᠰᠤᠶᠤᠯ ᠲᠠᠮᠢᠷ ᠷᠠᠳᠢᠤ᠋ ᠺᠢᠨᠤ᠋ ᠲᠧᠯᠸᠢᠰ ᠵᠢᠭᠤᠯᠴᠢᠯᠠᠯ ᠤᠨ ᠲᠤᠪᠴᠢᠶ᠎ᠠ᠂ ᠦᠨᠳᠦᠰᠦᠳᠡᠨ ᠱᠠᠰᠢᠨ ᠰᠤᠷᠳᠠᠬᠤᠨ ᠤ ᠭᠡᠷᠡᠭ ᠡᠷᠬᠢᠯᠡᠬᠦ ᠲᠤᠪᠴᠢᠶ᠎ᠠ᠂  ᠬᠦᠨᠪᠤᠯᠠᠭ ᠰᠤᠮᠤ᠂  ᠶᠦᠩ ᠹᠧᠩ ᠪᠠᠯᠭᠠᠰᠤ ᠵᠡᠷᠭᠡ ᠪᠠᠶᠢᠭᠤᠯᠤᠯᠭ᠎ᠠ ᠨᠢᠬᠡᠴᠡ ᠠᠴᠠ ᠬᠠᠷᠢᠭᠤᠴᠠᠨ ᠡᠷᠬᠢᠯᠡᠭᠰᠡᠨ ︽ ᠦᠵᠡᠮᠵᠢ ᠪᠦᠷᠢᠳᠦᠭᠰᠡᠨ ᠲᠠᠯ᠎ᠠ ᠨᠤᠳᠤᠭ᠂ ᠡᠪᠦᠯ ᠢᠶᠠᠷ ᠪᠠᠭ᠋ᠠᠷᠬᠠᠭᠰᠠᠨ ᠲᠠᠶᠢᠹᠤᠰᠧ ᠬᠤᠰᠢᠭᠤ︾ — ᠮᠦᠩᠬᠦᠨ ᠡᠪᠦᠯ ᠤᠨ ᠨᠠᠭᠠᠳᠤᠮ ᠨᠢ ᠬᠤᠪᠴᠠᠰᠤ ᠵᠠᠰᠠᠯ ᠤᠨ ᠦᠵᠡᠬᠦᠯᠦᠯᠬᠡ᠂  ᠭᠠᠩᠭᠠᠩ  ᠬᠦᠯᠦᠭ ᠤᠨ ᠰᠢᠯᠭᠠᠷᠠᠭᠤᠯᠤᠯᠳᠠ᠂  ᠠᠷᠪᠠᠨ ᠭᠠᠵᠠᠷ ᠤᠨ ᠮᠤᠷᠢᠨ ᠤᠷᠤᠯᠳᠤᠭᠠᠨ᠂   ᠮᠤᠩᠭᠤᠯ ᠰᠢᠳᠠᠷ᠎ᠠ ᠱᠠᠭ᠎ᠠ ᠶᠢᠨ ᠮᠦᠷᠦᠶᠢᠴᠡᠭᠡᠨ ᠵᠡᠷᠭᠡ ᠦᠨᠳᠦᠰᠦᠳᠡᠨ ᠤ ᠤᠨᠴᠠᠯᠢᠭᠳᠤ  ᠤᠷᠤᠯᠳᠤᠭᠠᠨ ᠨᠠᠭᠠᠳᠤᠮ ᠬᠢᠭᠡᠳ ᠮᠦᠰᠦᠨ ᠲᠡᠭᠡᠷ᠎ᠡ ᠲᠤᠭᠤᠢ ᠤᠨᠤᠬᠤ᠂  ᠴᠠᠰᠤᠨ ᠲᠡᠭᠡᠷ᠎ᠡ ᠲᠡᠭᠡᠰᠦ ᠲᠠᠳᠠᠬᠤ ᠮᠡᠳᠦ ᠰᠤᠨᠢᠷᠬᠠᠯᠳᠠᠢ ᠲᠤᠭᠯᠠᠭᠠᠮ ᠢ  ᠲᠤᠬᠢᠷᠠᠭᠤᠯᠵᠤ᠂  ᠡᠯᠪᠡᠭ ᠠᠭᠤᠯᠭ᠎ᠠ ᠎ ᠲᠠᠢ ᠦᠪᠡᠳᠡᠭᠰᠢ  ᠶᠠᠪᠤᠭᠳᠠᠪᠠ᠃
ᠡᠬᠦᠨ ᠤ ᠲᠠᠭᠠᠤ ᠳᠤ  ︽ᠪᠦᠬᠦ ᠠᠶᠢᠮᠠᠭ ᠤᠨ ᠵᠭᠤᠯᠴᠢᠯᠠᠯ ᠤᠨ ᠬᠦᠳᠦᠴᠢ ᠶᠢᠨ ᠶᠠᠷᠢᠶ᠎ᠠ ᠢᠯᠡᠳᠭᠡᠯ ᠤᠨ ᠤᠷᠤᠯᠳᠤᠭᠠᠨ︾ ᠪᠠᠰᠠ ᠢᠳᠡ ᠬᠦᠭ ᠲᠠᠢ ᠶᠠᠪᠤᠭᠳᠠᠵᠤ᠂  ᠪᠦᠬᠦ ᠠᠶᠢᠮᠠᠭ ᠤᠨ 12 ᠬᠤᠰᠢᠭᠤ ᠰᠢᠶᠠᠨ ᠠᠴᠠ ᠬᠦᠷᠦᠯᠴᠡᠨ ᠢᠷᠡᠭᠰᠡᠨ 35 ᠨᠡᠷ᠎ᠡ ᠵᠢᠭᠤᠯᠴᠢᠯᠠᠯ ᠤᠨ ᠬᠦᠳᠦᠴᠢ ᠦᠨᠳᠦᠰᠦᠳᠡᠨ ᠤ ᠲᠡᠦᠬᠡ ᠰᠤᠶᠤᠯ᠂ ᠵᠠᠩ ᠢᠷᠭᠡᠨᠰᠢᠯ᠂  ᠠᠮᠢ ᠠᠬᠤᠢ ᠶᠢᠨ ᠪᠤᠯᠪᠠᠰᠤᠨ ᠵᠡᠷᠭᠡ ᠰᠡᠳᠦᠪ ᠤᠨ ᠲᠤᠭᠤᠷᠢᠨ ᠳᠤ  ᠭᠤᠴᠤ ᠰᠠᠶᠢᠬᠠᠨ ᠶᠠᠷᠢᠶ᠎ᠠ ᠢᠯᠡᠳᠭᠡᠯ ᠬᠢᠭᠰᠡᠨ ᠪᠠᠶᠢᠯ᠎ᠠ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号