ᠠᠮᠵᠢᠯᠳᠠ ᠪᠦᠳᠣᠬᠡᠯ ᠪᠢᠯᠬᠠᠭᠰᠠᠨ ᠬᠠᠭᠤᠴᠢᠨ ᠤᠨ ᠠᠶᠠᠷᠯᠠᠵᠤ᠂ ᠠᠬᠢᠯᠳᠠ ᠳᠠᠪᠰᠢᠯᠳᠠ ᠬᠤᠷᠦ᠋ᠢᠯᠠᠬᠰᠠᠠ | ᠰᠢᠨ᠎ᠡ ᠤᠨ ᠰᠠᠭᠠᠳᠠᠬᠤ ᠦᠯᠵᠡᠢ ᠪᠡᠯᠭᠡᠳᠦ ᠡᠷᠡᠨ ᠤ ᠠᠭᠤᠯᠵᠠᠷ ᠲᠤ ᠂ ᠰᠢᠯᠢ ᠶᠢᠨ ᠭᠤᠤᠯ ᠠᠶᠢᠮᠠᠭ ᠤᠨ ᠵᠢᠭᠤᠯᠴᠢᠯᠠᠯ | ᠬᠦᠭᠵᠢᠬᠦᠯᠬᠦ ᠵᠦᠪᠯᠡᠯ᠂ ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠠᠴᠠ ᠭᠤᠤᠯᠯᠠᠨ ᠡᠷᠬᠢᠯᠡᠵᠦ᠂ | ᠲᠠᠶᠢᠹᠤᠰᠧ ᠬᠤᠰᠢᠭᠤᠨ ᠤ ᠰᠤᠶᠤᠯ ᠲᠠᠮᠢᠷ ᠷᠠᠳᠢᠤ᠋ ᠺᠢᠨᠤ᠋ ᠲᠧᠯᠸᠢᠰ ᠵᠢᠭᠤᠯᠴᠢᠯᠠᠯ ᠤᠨ ᠲᠤᠪᠴᠢᠶ᠎ᠠ᠂ ᠦᠨᠳᠦᠰᠦᠳᠡᠨ ᠱᠠᠰᠢᠨ | ᠰᠤᠷᠳᠠᠬᠤᠨ ᠤ ᠭᠡᠷᠡᠭ ᠡᠷᠬᠢᠯᠡᠬᠦ ᠲᠤᠪᠴᠢᠶ᠎ᠠ᠂ ᠬᠦᠨᠪᠤᠯᠠᠭ ᠰᠤᠮᠤ᠂ ᠶᠦᠩ ᠹᠧᠩ ᠪᠠᠯᠭᠠᠰᠤ ᠵᠡᠷᠭᠡ ᠪᠠᠶᠢᠭᠤᠯᠤᠯᠭ᠎ᠠ | ᠨᠢᠬᠡᠴᠡ ᠠᠴᠠ ᠬᠠᠷᠢᠭᠤᠴᠠᠨ ᠡᠷᠬᠢᠯᠡᠭᠰᠡᠨ ︽ ᠦᠵᠡᠮᠵᠢ ᠪᠦᠷᠢᠳᠦᠭᠰᠡᠨ ᠲᠠᠯ᠎ᠠ ᠨᠤᠳᠤᠭ᠂ ᠡᠪᠦᠯ ᠢᠶᠠᠷ ᠪᠠᠭ᠋ᠠᠷᠬᠠᠭᠰᠠᠨ | ᠲᠠᠶᠢᠹᠤᠰᠧ ᠬᠤᠰᠢᠭᠤ︾ — ᠮᠦᠩᠬᠦᠨ ᠡᠪᠦᠯ ᠤᠨ ᠨᠠᠭᠠᠳᠤᠮ ᠨᠢ ᠬᠤᠪᠴᠠᠰᠤ ᠵᠠᠰᠠᠯ ᠤᠨ ᠦᠵᠡᠬᠦᠯᠦᠯᠬᠡ᠂ ᠭᠠᠩᠭᠠᠩ | ᠬᠦᠯᠦᠭ ᠤᠨ ᠰᠢᠯᠭᠠᠷᠠᠭᠤᠯᠤᠯᠳᠠ᠂ ᠠᠷᠪᠠᠨ ᠭᠠᠵᠠᠷ ᠤᠨ ᠮᠤᠷᠢᠨ ᠤᠷᠤᠯᠳᠤᠭᠠᠨ᠂ ᠮᠤᠩᠭᠤᠯ ᠰᠢᠳᠠᠷ᠎ᠠ ᠱᠠᠭ᠎ᠠ ᠶᠢᠨ | ᠮᠦᠷᠦᠶᠢᠴᠡᠭᠡᠨ ᠵᠡᠷᠭᠡ ᠦᠨᠳᠦᠰᠦᠳᠡᠨ ᠤ ᠤᠨᠴᠠᠯᠢᠭᠳᠤ ᠤᠷᠤᠯᠳᠤᠭᠠᠨ ᠨᠠᠭᠠᠳᠤᠮ ᠬᠢᠭᠡᠳ ᠮᠦᠰᠦᠨ ᠲᠡᠭᠡᠷ᠎ᠡ ᠲᠤᠭᠤᠢ | ᠤᠨᠤᠬᠤ᠂ ᠴᠠᠰᠤᠨ ᠲᠡᠭᠡᠷ᠎ᠡ ᠲᠡᠭᠡᠰᠦ ᠲᠠᠳᠠᠬᠤ ᠮᠡᠳᠦ ᠰᠤᠨᠢᠷᠬᠠᠯᠳᠠᠢ ᠲᠤᠭᠯᠠᠭᠠᠮ ᠢ ᠲᠤᠬᠢᠷᠠᠭᠤᠯᠵᠤ᠂ ᠡᠯᠪᠡᠭ ᠠᠭᠤᠯᠭ᠎ᠠ | ᠲᠠᠢ ᠦᠪᠡᠳᠡᠭᠰᠢ ᠶᠠᠪᠤᠭᠳᠠᠪᠠ᠃ | | | | | | ᠡᠬᠦᠨ ᠤ ᠲᠠᠭᠠᠤ ᠳᠤ ︽ᠪᠦᠬᠦ ᠠᠶᠢᠮᠠᠭ ᠤᠨ ᠵᠭᠤᠯᠴᠢᠯᠠᠯ ᠤᠨ ᠬᠦᠳᠦᠴᠢ ᠶᠢᠨ ᠶᠠᠷᠢᠶ᠎ᠠ ᠢᠯᠡᠳᠭᠡᠯ ᠤᠨ ᠤᠷᠤᠯᠳᠤᠭᠠᠨ︾ | ᠪᠠᠰᠠ ᠢᠳᠡ ᠬᠦᠭ ᠲᠠᠢ ᠶᠠᠪᠤᠭᠳᠠᠵᠤ᠂ ᠪᠦᠬᠦ ᠠᠶᠢᠮᠠᠭ ᠤᠨ 12 ᠬᠤᠰᠢᠭᠤ ᠰᠢᠶᠠᠨ ᠠᠴᠠ ᠬᠦᠷᠦᠯᠴᠡᠨ ᠢᠷᠡᠭᠰᠡᠨ 35 | ᠨᠡᠷ᠎ᠡ ᠵᠢᠭᠤᠯᠴᠢᠯᠠᠯ ᠤᠨ ᠬᠦᠳᠦᠴᠢ ᠦᠨᠳᠦᠰᠦᠳᠡᠨ ᠤ ᠲᠡᠦᠬᠡ ᠰᠤᠶᠤᠯ᠂ ᠵᠠᠩ ᠢᠷᠭᠡᠨᠰᠢᠯ᠂ ᠠᠮᠢ ᠠᠬᠤᠢ ᠶᠢᠨ ᠪᠤᠯᠪᠠᠰᠤᠨ | ᠵᠡᠷᠭᠡ ᠰᠡᠳᠦᠪ ᠤᠨ ᠲᠤᠭᠤᠷᠢᠨ ᠳᠤ ᠭᠤᠴᠤ ᠰᠠᠶᠢᠬᠠᠨ ᠶᠠᠷᠢᠶ᠎ᠠ ᠢᠯᠡᠳᠭᠡᠯ ᠬᠢᠭᠰᠡᠨ ᠪᠠᠶᠢᠯ᠎ᠠ᠃ | | | | | | |