ᠲᠠᠶᠢᠹᠤᠰᠧ ᠬᠤᠰᠢᠭᠤᠨ ᠤ  ᠪᠠᠭᠠᠴᠤᠳ ᠬᠡᠦᠭᠡᠳ ᠤᠨ ᠠᠩᠬᠠᠳᠤᠭᠴᠢ ᠤᠳᠠᠭᠠᠨ ᠤ  ᠴᠠᠭᠠᠨ ᠰᠠᠷ᠎ᠠ ᠶᠢᠨ ᠦᠳᠡᠰᠢᠯᠡᠭᠡ 1 ᠰᠠᠷ᠎ᠠ ᠶᠢᠨ 18 ᠤ ᠡᠳᠦᠷ ᠦᠪᠡᠳᠡᠭᠰᠢ ᠰᠠᠶᠢᠬᠠᠨ ᠶᠠᠪᠤᠭᠳᠠᠪᠠ
ᠨᠡᠶᠢᠲᠡᠯᠡᠭᠰᠡᠨ ᠴᠠᠭ᠄
2018-01-24
           ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠲᠤᠤᠱᠯᠠᠭᠤᠯᠵᠤ᠂ ᠨᠠᠮ ᠤᠨ ᠬᠠᠶᠢᠷ᠎ᠠ ᠬᠠᠯᠠᠮᠵᠢ ᠶᠢ ᠢᠯᠡᠷᠡᠬᠦᠯᠦᠨ᠂ ᠪᠠᠭᠠᠴᠤᠳ ᠬᠡᠦᠬᠡᠳ ᠤᠨ ᠦᠵᠡᠯ ᠰᠠᠨᠠᠭ᠎ᠠ ᠶᠤᠰᠤ ᠮᠤᠷᠠᠯ ᠬᠢᠭᠡᠳ ᠤᠷᠠᠯᠢᠭ ᠤᠨ ᠬᠡᠪ ᠪᠤᠯᠪᠠᠰᠤᠷᠠᠯ ᠢ ᠪᠦᠬᠦ ᠲᠠᠯᠠᠪᠡᠷ ᠲᠡᠭᠡᠭᠰᠢᠯᠡᠬᠦᠯᠵᠦ᠂  ᠰᠢᠨ᠎ᠡ ᠡᠷᠡᠨ ᠤ ᠪᠠᠭᠠᠴᠤᠳ ᠬᠡᠦᠬᠡᠳ ᠤᠨ ᠭᠡᠪ ᠲᠦᠷᠬᠦ ᠴᠤᠭ ᠵᠢᠪᠬᠤᠭ᠎ᠠ  ᠬᠢᠭᠡᠳ  ᠪᠠᠭᠠᠴᠤᠳ ᠤᠨ ᠬᠤᠰᠢᠭᠤᠴᠢ ᠠᠩᠬᠢ ᠶᠢᠨ ᠦᠢᠯᠡᠰ ᠤᠨ ᠰᠢᠨ᠎ᠡ ᠬᠦᠭᠵᠢᠯᠳᠡ ᠶᠢ ᠬᠠᠷᠠᠭᠤᠯᠬᠤ   ᠶᠢᠨ ᠲᠦᠯᠦᠬᠡ᠂ ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠭᠡᠯᠳᠡᠰ᠂ ᠡᠪ ᠬᠠᠮᠳᠤ ᠵᠠᠯᠠᠭᠤᠴᠤᠳ ᠤᠨ ᠡᠪᠯᠡᠯ ᠤᠨ ᠬᠤᠷᠢᠶ᠎ᠠ᠂ ᠰᠤᠶᠤᠯ ᠲᠠᠮᠢᠷ ᠷᠠᠳᠢᠤ᠋ ᠺᠢᠨᠤ᠋ ᠲᠧᠯᠸᠢᠰ ᠵᠤᠭᠠᠴᠠᠯ ᠤᠨ ᠲᠤᠪᠴᠢᠶ᠎ᠠ᠂ ᠰᠤᠷᠭᠠᠨ ᠬᠦᠮᠦᠵᠢᠯ ᠰᠢᠨᠵᠢᠯᠡᠭᠡ ᠮᠡᠷᠭᠡᠵᠢᠯ ᠤᠨ ᠲᠤᠪᠴᠢᠶ᠎ᠠ ᠵᠡᠷᠭᠡ ᠪᠠᠶᠢᠭᠤᠯᠭ᠎ᠠ ᠨᠢᠬᠡᠴᠡ ᠠᠴᠠ ᠬᠠᠮᠳᠤᠷᠠᠨ ᠡᠷᠬᠢᠯᠡᠭᠰᠡᠨ ᠲᠠᠶᠢᠹᠤᠰᠧ ᠬᠤᠰᠢᠭᠤᠨ ᠤ  ᠪᠠᠭᠠᠴᠤᠳ ᠬᠡᠦᠭᠡᠳ ᠤᠨ ᠠᠩᠬᠠᠳᠤᠭᠴᠢ ᠤᠳᠠᠭᠠᠨ ᠤ  ᠴᠠᠭᠠᠨ ᠰᠠᠷ᠎ᠠ ᠶᠢᠨ ᠦᠳᠡᠰᠢᠯᠡᠭᠡ 1 ᠰᠠᠷ᠎ᠠ ᠶᠢᠨ 18 ᠤ ᠡᠳᠦᠷ ᠦᠪᠡᠳᠡᠭᠰᠢ ᠰᠠᠶᠢᠬᠠᠨ ᠶᠠᠪᠤᠭᠳᠠᠪᠠ᠃    
        ᠠᠶᠢᠮᠠᠭ ᠤᠨ ᠤᠯᠤᠰ ᠲᠦᠷᠦ ᠶᠢᠨ ᠵᠦᠪᠯᠡᠯᠬᠡᠨ ᠤ ᠲᠡᠳ᠋ ᠲᠡᠷᠢᠬᠦᠯᠡᠭᠴᠢ᠂  ᠬᠤᠰᠢᠭᠤ ᠨᠠᠮ ᠤᠨ ᠬᠤᠷᠢᠶᠠᠨ ᠤ ᠱᠦᠵᠢ ᠪᠤᠷᠤᠬᠦᠦ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠵᠤᠬᠢᠶᠠᠨ ᠪᠠᠶᠢᠭᠤᠯᠬᠤ ᠭᠡᠯᠳᠡᠰ ᠤᠨ ᠲᠠᠷᠤᠭ᠎ᠠ ᠨᠢᠶᠧ ᠰᠢᠶᠤᠤ ᠹᠧᠩ᠂   ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂  ᠤᠬᠠᠭᠤᠯᠬᠤ ᠭᠡᠯᠳᠡᠰ  ᠤᠨ ᠲᠠᠷᠤᠭ᠎ᠠ  ᠸᠠᠩ ᠸᠧᠢ ᠬᠤᠩ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂  ᠨᠠᠮ ᠤᠨ ᠬᠤᠷᠢᠶᠠᠨ  ᠤ ᠠᠯᠪᠠᠨ ᠭᠡᠷ ᠤᠨ ᠡᠷᠬᠢᠯᠡᠭᠴᠢ ᠵᠤᠤ ᠵᠢᠶᠠᠨ ᠳ᠋ᠦᠩ  ᠵᠡᠷᠭᠡ ᠤᠳᠤᠷᠢᠳᠤᠯᠭ᠎ᠠ ᠠᠬᠤᠢ ᠲᠠᠯᠠᠪᠠᠢ ᠳᠤ ᠬᠦᠷᠴᠦ  ᠂ ᠪᠠᠭᠠᠴᠤᠳ ᠬᠡᠦᠭᠡᠳ ᠪᠠ ᠪᠠᠭᠰᠢ ᠠᠬᠠᠮᠠᠳ ᠲᠠᠢ ᠬᠠᠮᠳᠤ ᠤᠷᠠᠨ ᠭᠤᠴᠤ ᠲᠤᠭᠯᠠᠯᠳᠠ ᠶᠢ ᠰᠤᠨᠢᠷᠬᠠᠵᠠᠢ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号