ᠠᠬᠸᠠᠩᠰᠢᠷᠠᠪ
ᠨᠡᠶᠢᠲᠡᠯᠡᠭᠰᠡᠨ ᠴᠠᠭ᠄
2018/11/26

 ᠠᠬᠸᠠᠩᠰᠢᠷᠠᠪ ︵1899 —1959︶᠂ ᠲᠠᠶᠢᠹᠤᠰᠧ ᠵᠡᠬᠦᠨ ᠭᠠᠷ ᠰᠦᠷᠦᠭ ᠤᠨ ᠬᠦᠪᠡᠭᠡᠳᠦ ᠴᠠᠭᠠᠨ

ᠬᠤᠰᠢᠭᠤᠨ ᠳᠤ ᠲᠦᠷᠦᠵᠡᠢ᠃ ᠭᠡᠷᠡᠶᠢᠳ ᠤᠪᠤᠭ ᠲᠠᠢ᠃ ᠪᠠᠭ᠎ᠠ ᠨᠠᠰᠤᠨ ᠠᠴᠠ ᠪᠠᠨ  ᠯᠠᠮᠠ ᠪᠤᠯᠵᠤ᠂ ᠲᠦᠪᠡᠳ

ᠨᠤᠮ ᠳᠤ ᠨᠡᠪᠳᠡᠷᠡᠭᠰᠡᠨ ᠪᠦᠬᠡᠳ ᠮᠤᠩᠭᠤᠯ ᠪᠢᠴᠢᠭ ᠴᠤ ᠰᠠᠶᠢᠨ ᠮᠡᠳᠡᠳᠡᠭ  ᠃ ᠮᠠᠯᠠᠭᠠᠢ ᠶᠢᠨ ᠰᠦᠮ᠎ᠡ ᠶᠢᠨ ᠬᠡᠰᠬᠦᠢ

᠂ ᠲᠠᠮᠴᠢ ᠪᠠᠶᠢᠭᠰᠠᠨ ᠪᠦᠬᠡᠳ 1956 ᠤᠨ ᠳᠤ ᠮᠠᠯᠠᠭᠠᠢ ᠶᠢᠨ ᠰᠦᠮ᠎ᠡ ᠳᠤ ᠳ᠋ᠠ ᠯᠠᠮᠠ ᠰᠠᠭᠤᠵᠤ᠂ ᠲᠤᠬᠠᠢ ᠶᠢᠨ

ᠦᠶ᠎ᠡ ᠳᠤ ᠨᠡᠯᠢᠶᠡᠳ ᠬᠦᠭᠵᠢᠶᠡᠨ ᠲᠠᠢ ᠶᠡᠭᠡ ᠨᠠᠶᠢᠷ  ᠬᠢᠯ᠎ᠡ ᠭᠡᠳᠡᠭ᠃ ᠲᠡᠷᠡᠪᠡᠷ ᠪᠠᠰᠠ ᠬᠤᠯᠤᠳᠤ ᠶᠢᠨ ᠰᠦᠮ᠎ᠡ

 ᠶᠢᠨ ᠳ᠋ᠠ ᠯᠠᠮᠠ  ᠪᠠᠶᠢᠭᠰᠠᠨ ᠪᠦᠬᠡᠳ ᠦᠬᠡᠷ ᠬᠤᠸᠠ ᠰᠦᠮ᠎ᠡ ᠶᠢᠨ ᠶᠠᠪᠤᠳᠠᠯ ᠢ ᠴᠤ ᠬᠠᠪᠰᠤᠷᠭᠠᠨ ᠬᠠᠷᠢᠭᠤᠴᠠᠵᠤ

ᠪᠠᠶᠢᠵᠠᠢ᠃ ᠴᠢᠯᠦᠭᠡᠯᠡᠭᠳᠡᠭᠰᠡᠨ ᠤ ᠲᠠᠷᠠᠭ᠎ᠠ ᠡᠪ ᠬᠠᠮᠳᠤ ᠨᠠᠮ ᠤᠨ ᠤᠳᠤᠷᠢᠳᠤᠯᠭ᠎ᠠ ᠶᠢ ᠬᠦᠷᠢᠶᠡᠯᠡᠵᠦ᠂  ᠬᠠᠮᠳᠤ

ᠨᠡᠶᠢᠳᠡ ᠶᠢᠨ ᠠᠵᠢᠯ ᠦᠢᠯᠡᠰ ᠲᠤ ᠵᠢᠳᠬᠦᠨ ᠠᠵᠢᠯᠯᠠᠵᠤ ᠪᠠᠶᠢᠵᠠᠢ᠃ ᠲᠡᠭᠡᠷ᠎ᠡ ᠵᠠᠭᠤᠨ ᠤ ᠲᠠᠪᠢᠭᠠᠳ ᠤᠨ ᠳᠤ

ᠪᠤᠮᠪᠠᠨ ᠪᠠᠷᠢᠭᠠᠳᠠ ᠴᠠᠰᠤ ᠵᠤᠳ ᠲᠤ ᠲᠠᠭᠠᠷᠢᠭᠳᠠᠵᠤ᠂ ᠮᠠᠯ ᠤᠨ ᠡᠪᠡᠰᠦ ᠪᠤᠷᠳᠤᠭ᠎ᠠ ᠲᠤᠳᠠᠭᠳᠠᠬᠤ ᠳᠤ

ᠠᠭᠸᠠᠩᠰᠢᠷᠠᠪ ᠨᠢᠬᠡ ᠲᠡᠷᠭᠡ ᠡᠪᠡᠰᠦ ᠬᠦᠷᠭᠡᠵᠦ ᠲᠤᠰᠠ ᠦᠵᠡᠬᠦᠯᠦᠭᠰᠡᠨ ᠢ ᠲᠤᠬᠠᠢ ᠶᠢᠨ ᠦᠶ᠎ᠡ ᠶᠢᠨ ᠴᠠᠬᠠᠷ

ᠠᠶᠢᠮᠠᠭ ᠤᠨ ︽ᠦᠢᠯᠡᠳᠪᠦᠷᠢᠯᠡᠯ ᠤᠨ ᠰᠤᠨᠢᠨ︾ ᠲᠡᠭᠡᠷ᠎ᠡ ᠮᠡᠳᠡᠭᠡᠯᠡᠭᠰᠡᠨ ᠪᠠᠶᠢᠪᠠ᠃  ᠲᠡᠷᠡᠪᠡᠷ ᠲᠠᠶᠢᠹᠤᠰᠧ ᠵᠡᠬᠦᠨ

ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠬᠤᠷᠠᠯ ᠳᠤ ᠤᠯᠠᠨ ᠤᠳᠠᠭ᠎ᠠ ᠤᠷᠤᠯᠴᠠᠭᠰᠠᠨ ᠪᠦᠬᠡᠳ ᠴᠠᠬᠠᠷ

ᠠᠶᠢᠮᠠᠭ ᠤᠨ ᠤᠯᠤᠰ ᠲᠦᠷᠦ ᠶᠢᠨ ᠵᠦᠪᠯᠡᠯᠬᠡᠨ ᠤ ᠬᠤᠷᠠᠯ ᠳᠤ ᠤᠷᠤᠯᠴᠠᠭᠰᠠᠨ ᠪᠠᠶᠢᠨ᠎ᠠ᠃ ᠦᠪᠦᠷ ᠮᠤᠩᠭᠤᠯ ᠤᠨ

ᠤᠯᠤᠰ ᠲᠦᠷᠦ ᠶᠢᠨ ᠵᠦᠪᠯᠡᠯᠬᠡᠨ ᠤ ᠬᠡᠰᠢᠬᠦᠨ᠂ ᠦᠪᠦᠷ ᠮᠤᠩᠭᠤᠯ ᠤᠨ ᠪᠤᠳ᠋ᠳ᠋ᠾᠠ ᠶᠢᠨ ᠱᠠᠰᠢᠨ ᠤ ᠨᠡᠶᠢᠬᠡᠮᠯᠢᠭ ᠤᠨ

ᠭᠡᠰᠢᠬᠦᠨ ᠢᠶᠠᠷ ᠰᠤᠩᠭᠤᠭᠳᠠᠵᠤ᠂ ᠨᠡᠶᠢᠬᠡᠮᠯᠢᠭ ᠤᠨ ᠪᠦᠬᠦ ᠤᠷᠤᠨ ᠤ ᠬᠤᠷᠠᠯᠳᠤᠭᠠᠨ ᠢ ᠬᠦᠬᠡᠬᠤᠳᠠ ᠶᠢᠨ ᠰᠢᠷᠡᠭᠡᠳᠦ

ᠵᠤᠤ ᠳᠤ ᠬᠢᠬᠦ ᠳᠤ ᠤᠷᠤᠯᠴᠠᠨ᠂ ᠴᠦᠬᠡᠨ ᠲᠤᠭᠠᠳᠤ ᠦᠨᠳᠦᠰᠦᠳᠡᠨ ᠤ ᠲᠤᠭᠤᠷᠢᠨ ᠦᠵᠡᠬᠦ ᠪᠦᠯᠬᠦᠮ ᠤᠨ ᠬᠡᠰᠢᠬᠦᠨ

 ᠢᠶᠠᠷ ᠤᠯᠤᠰ ᠤᠨ ᠲᠤᠳᠤᠭᠠᠳᠤ ᠳᠠᠬᠢ ᠤᠯᠠᠨ ᠰᠠᠶᠢᠬᠠᠨ ᠭᠠᠵᠠᠷ ᠤᠷᠤᠨ ᠢ ᠲᠤᠭᠤᠷᠢᠨ ᠦᠵᠡᠵᠡᠢ᠃ ᠲᠡᠷᠡᠴᠢᠯᠡᠨ

1957 ᠤᠨ ᠤ ᠤᠯᠤᠰ ᠤᠨ ᠪᠠᠶᠠᠷ ᠲᠤ ᠪᠡᠭᠡᠵᠢᠩ ᠳᠤ ᠬᠦᠷᠴᠦ ᠶᠤᠰᠤᠯᠠᠯ ᠤᠨ ᠲᠠᠶᠢᠰᠠᠨ ᠳᠤ ᠭᠠᠷᠴᠤ᠂

ᠦᠪᠡᠳᠡᠭᠰᠢ ᠪᠠᠶᠠᠷ ᠤᠨ ᠵᠢᠬᠰᠠᠭᠠᠯ ᠢ ᠰᠤᠨᠢᠷᠬᠠᠨ᠂ ᠲᠢᠶᠠᠨ ᠠᠨ ᠮᠧᠨ  ᠠᠰᠠᠷ ᠲᠡᠭᠡᠷᠡᠬᠢ ᠮᠠᠤ ᠽᠧ ᠳ᠋ᠦᠩ ᠵᠡᠷᠭᠡ

ᠤᠳᠤᠷᠢᠳᠤᠯᠭ᠎ᠠ ᠶᠢ ᠨᠢᠳᠦ ᠪᠠᠷ ᠢᠶᠠᠨ ᠬᠠᠷᠠᠭᠰᠠᠨ ᠪᠠᠶᠢᠯ᠎ᠠ᠃ 1958 ᠤᠨ ᠳᠤ ᠠᠷᠠᠳ ᠤᠨ ᠨᠢᠬᠡᠳᠦᠯ

ᠪᠠᠶᠢᠭᠤᠯᠤᠭᠳᠠᠭᠰᠠᠨ ᠤ ᠲᠠᠷᠠᠭ᠎ᠠ᠂  ᠰᠠᠶᠢᠨ ᠲᠤᠷ᠎ᠠ ᠠᠴᠠ ᠪᠠᠨ ᠰᠦᠮ᠎ᠡ ᠬᠡᠶᠢᠳ ᠠᠴᠠ ᠰᠠᠯᠵᠤ᠂ ᠨᠢᠭᠡᠳᠦᠯ ᠲᠡᠭᠡᠷ᠎ᠡ

ᠰᠠᠶ᠋ᠢᠬᠠᠨ ᠪᠠᠶᠢᠭᠤᠯᠤᠭᠳᠠᠭᠰᠠᠨ ᠲᠡᠮᠦᠷ ᠮᠤᠳᠤᠨ ᠤ ᠦᠢᠯᠡᠳᠪᠦᠷᠢ ᠳᠤ ᠠᠵᠢᠯᠯᠠᠪᠠ᠃ ᠲᠡᠷᠡᠪᠡᠷ ᠨᠢᠬᠡ ᠨᠠᠰᠤ ᠪᠠᠷ

 ᠢᠶᠠᠨ ᠯᠠᠮᠠ ᠬᠤᠸᠠᠷᠠᠭ ᠰᠠᠭᠤᠭᠰᠠᠨ ᠪᠤᠯᠪᠠᠴᠤ ᠬᠠᠷᠠᠬᠠᠨ ᠪᠠᠭ᠎ᠠ ᠠᠴᠠ ᠪᠠᠨ ᠠᠵᠢᠯ ᠬᠦᠳᠡᠯᠮᠦᠷᠢ ᠳᠤ ᠤᠷᠤᠯᠴᠠᠵᠤ᠂  

ᠦᠨᠦᠴᠢᠨ ᠬᠤᠴᠤᠷᠤᠭᠰᠠᠨ ᠭᠡᠳᠦᠨ ᠠᠴᠢ ᠬᠡᠦᠭᠡᠳ ᠢᠶᠠᠨ ᠦᠰᠬᠡᠬᠦ ᠶᠢᠨ ᠲᠦᠯᠦᠬᠡ ᠦᠢᠯᠡ   ᠪᠠᠨ ᠦᠵᠡᠵᠦ

ᠵᠢᠳᠬᠦᠯ᠎ᠡ ᠭᠡᠳᠡᠭ᠃  ᠭᠠᠷ ᠤᠷᠠᠨ ᠬᠦᠮᠦᠨ ᠪᠠᠶᠢᠵᠤ᠂ ᠪᠦᠰ ᠪᠤᠳᠤᠬᠤ᠂ ᠮᠤᠳᠤ ᠲᠡᠮᠦᠷ ᠤᠨ ᠲᠠᠷᠬᠠᠨ ᠤ ᠠᠵᠢᠯ ᠢ

ᠴᠤ ᠡᠪᠳᠡᠢ ᠰᠠᠶᠢᠨᠬᠠᠨ ᠬᠢᠳᠡᠭ ᠪᠠᠶᠢᠵᠠᠢ᠃ ᠡᠮᠴᠢ ᠶᠢᠨ ᠮᠡᠷᠭᠡᠵᠢᠯ ᠰᠤᠷᠤᠭᠰᠠᠨ ᠦᠬᠡᠢ ᠪᠤᠯᠪᠠᠴᠤ ᠡᠮ ᠤᠨ ᠵᠤᠷ

ᠰᠠᠶᠢᠨ ᠮᠡᠳᠡᠳᠡᠭ ᠪᠦᠬᠡᠳ ᠡᠯᠳᠡᠪ ᠵᠦᠢᠯ ᠤᠨ ᠡᠪᠡᠳᠴᠢᠨ ᠢ ᠠᠷᠭᠠᠴᠠᠨ ᠡᠮᠨᠡᠵᠦ ᠴᠢᠳᠠᠳᠠᠭ᠃  1959 ᠤᠨ ᠳᠤ  

ᠵᠢᠷᠠᠨ ᠨᠢᠬᠡᠨ ᠨᠠᠰᠤᠳᠠᠢ ᠳᠠᠭᠠᠨ ᠡᠪᠡᠳᠴᠢᠨ ᠤ ᠬᠠᠷᠠᠭ᠎ᠠ ᠪᠠᠷ ᠨᠠᠰᠤ ᠪᠠᠷᠠᠵᠠᠢ᠃

 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号