ᠠᠷᠪᠢᠨᠨᠡᠮᠡᠬᠦ — ︵1905 —1968︶᠂ ᠲᠠᠶᠢᠹᠤᠰᠧ ᠵᠡᠬᠦᠨ ᠭᠠᠷ ᠰᠦᠷᠦᠭ ᠤᠨ ᠬᠦᠪᠡᠭᠡᠳᠦ ᠴᠠᠭᠠᠨ ᠰᠤᠮᠤ | ᠶᠢᠨ ᠵᠢᠷᠠᠨ ᠤᠰᠤᠨ ᠤ ᠬᠦᠮᠦᠨ᠃ ᠭᠡᠷᠡᠶᠢᠳ ᠤᠪᠤᠭᠳᠠᠨ᠃ 8 ᠨᠠᠰᠤᠳᠠᠢ ᠲᠠᠭᠠᠨ ᠪᠠᠨᠳᠢ ᠪᠤᠯᠵᠤ᠂ 13 ᠨᠠᠰᠤᠨ | ᠠᠴᠠ ᠪᠠᠨ ᠮᠤᠩᠭᠤᠯ᠂ ᠬᠢᠳᠡᠳ᠂ ᠮᠠᠨᠵᠤ ᠪᠢᠴᠢᠭ ᠰᠤᠷᠴᠤ᠂ ᠲᠡᠭᠡᠷ᠎ᠡ ᠵᠠᠭᠤᠨ ᠤ ᠬᠤᠷᠢᠭᠠᠳ ᠤᠨ ᠠᠴᠠ ᠡᠬᠢᠯᠡᠨ | ᠲᠠᠶᠢᠹᠤᠰᠧ ᠵᠡᠬᠦᠨ ᠭᠠᠷ ᠰᠦᠷᠦᠭ ᠤᠨ ᠭᠤᠷᠪᠠᠨ ᠦᠶ᠎ᠡ ᠶᠢᠨ ᠠᠮᠪᠠᠨ ᠲᠠᠮᠠᠭ᠎ᠠ ᠶᠢᠨ ᠭᠠᠵᠠᠷ ᠪᠢᠴᠢᠭᠡᠴᠢ ᠶᠢᠨ ᠠᠵᠢᠯ | ᠢ 21 ᠵᠢᠯ ᠬᠢᠵᠡᠢ᠃ 1936 ᠤᠨ ᠳᠤ ᠲᠠᠶᠢᠹᠤᠰᠧ ᠵᠡᠬᠦᠨ ᠭᠠᠷ ᠰᠦᠷᠦᠭ ᠢ ᠲᠠᠶᠢᠹᠤᠰᠧ ᠵᠡᠬᠦᠨ ᠭᠠᠷ ᠬᠤᠰᠢᠭᠤ | ᠪᠤᠯᠭᠠᠨ ᠦᠬᠡᠷᠡᠴᠢᠯᠡᠭᠰᠡᠨ ᠤ ᠲᠠᠷᠠᠭ᠎ᠠ 31 ᠨᠠᠰᠤᠳᠠᠢ ᠳᠠᠭᠠᠨ ᠬᠤᠰᠢᠭᠤ ᠶᠠᠮᠤᠨ ᠤ ᠨᠢᠬᠳᠠᠯᠠᠨ ᠪᠤᠳᠤᠭᠴᠢ ᠶᠢᠨ | ᠬᠤᠪᠢᠶᠠᠷᠢ ᠶᠢᠨ ᠲᠠᠷᠤᠭ᠎ᠠ ᠪᠤᠯᠵᠤ᠂ ᠬᠤᠷᠢᠳᠤᠭᠠᠷ ᠵᠠᠭᠤᠨ ᠤ ᠲᠦᠴᠢᠭᠡᠳ ᠤᠨ ᠤ ᠡᠬᠢ ᠪᠠᠷ ᠲᠠᠶᠢᠹᠤᠰᠧ ᠵᠡᠬᠦᠨ | ᠭᠠᠷ ᠬᠤᠰᠢᠭᠤᠨ ᠤ ᠭᠤᠷᠪᠠᠳᠤᠭᠠᠷ ᠰᠤᠮᠤᠨ ᠤ ᠠᠷᠠᠬᠤ ᠬᠤᠰᠠᠢ ︵ᠲᠡᠳ᠋ ᠰᠤᠮᠤᠨ ᠲᠠᠷᠤᠭ᠎ᠠ︶ ᠪᠠᠷ | ᠲᠡᠪᠰᠢᠬᠦᠯᠦᠭᠳᠡᠵᠡᠢ᠃ 1953 ᠤᠨ ᠳᠤ ᠲᠠᠶᠢᠹᠤᠰᠧ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠲᠦᠯᠦᠭᠡᠯᠡᠭᠴᠢ ᠪᠠᠷ ᠰᠤᠩᠭᠤᠭᠳᠠᠨ ᠬᠤᠷᠠᠯ ᠳᠤ ᠤᠷᠤᠯᠴᠠᠭᠰᠠᠨ ᠪᠦᠬᠡᠳ 1956 ᠤᠨ ᠳᠤ ᠴᠠᠬᠠᠷ | ᠠᠶᠢᠮᠠᠭ ᠤᠨ ᠠᠷᠠᠳ ᠤᠨ ᠲᠦᠯᠦᠭᠡᠯᠡᠭᠴᠢᠳ ᠤᠨ ᠬᠤᠷᠠᠯ ᠳᠤ ᠲᠦᠯᠦᠭᠡᠯᠡᠭᠴᠢ ᠪᠠᠷ ᠰᠤᠩᠭᠤᠭᠳᠠᠵᠤ᠂ ᠬᠤᠷᠠᠯ | ᠲᠡᠭᠡᠷ᠎ᠡ ᠨᠠᠯ ᠠᠵᠤ ᠠᠬᠤᠢ ᠶᠢᠨ ᠦᠢᠯᠡᠳᠪᠦᠷᠢᠯᠡᠯ ᠤᠨ ᠲᠤᠬᠠᠢ ᠰᠠᠨᠠᠯ ᠲᠤᠷᠠᠳᠤᠯᠭ᠎ᠠ ᠪᠠᠨ ᠲᠡᠪᠰᠢᠬᠦᠯᠪᠡ᠃ 1957 | ᠤᠨ ᠳᠤ ᠲᠠᠬᠢᠨᠳᠠ ᠠᠷᠠᠳ ᠤᠨ ᠲᠦᠯᠢᠭᠡᠯᠡᠭᠴᠢ ᠪᠠᠷ ᠰᠤᠩᠭᠤᠭᠳᠠᠵᠤ᠂ ᠴᠠᠬᠠᠷ ᠠᠶᠢᠮᠠᠭ ᠤᠨ ᠬᠤᠶᠠᠳᠤᠭᠠᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠤᠷᠤᠯᠴᠠᠭᠠᠳ ᠦᠨᠡᠷ ᠤᠨ ᠰᠠᠨᠠᠯ | ᠲᠤᠷᠠᠳᠤᠯᠭ᠎ᠠ ᠪᠠᠨ ᠲᠡᠪᠰᠢᠬᠦᠯᠵᠡᠢ᠃ ᠠᠷᠪᠢᠨᠨᠡᠮᠡᠬᠦ ᠨᠡᠶᠢᠬᠡᠮ ᠤᠨ ᠦᠢᠯᠡᠰ ᠲᠤ ᠬᠠᠯᠠᠭᠤᠨ ᠰᠡᠳᠬᠢᠯ ᠲᠠᠢ ᠬᠦᠮᠦᠨ | ᠪᠠᠶᠢᠵᠤ᠂ ᠦᠪᠡᠷᠳᠡᠭᠡᠨ ᠪᠠᠰᠠ ᠮᠠᠯ ᠤᠨ ᠡᠮᠴᠢ ᠪᠤᠯᠬᠤᠷ ᠨᠤᠳᠤᠭ ᠤᠰᠤᠨ ᠤ ᠬᠢᠨ ᠳᠠᠭᠠᠨ ᠮᠠᠯ ᠤᠨ ᠡᠪᠡᠳᠴᠢᠨ | ᠬᠡᠮ ᠢ ᠦᠨ᠎ᠡ ᠲᠦᠯᠦᠪᠦᠷᠢ ᠦᠬᠡᠢ ᠡᠮᠨᠡᠨ ᠵᠠᠰᠠᠵᠤ ᠦᠭᠳᠡᠭ ᠪᠠᠶᠢᠯ᠎ᠠ᠃ ᠰᠤᠶᠤᠯ ᠤᠨ ᠬᠤᠪᠢᠰᠬᠠᠯ ᠲᠤᠮᠳᠠ | ᠤᠯᠠᠨ ᠠᠷᠪᠢᠨ ᠶᠠᠯᠠᠳᠤ ᠨᠡᠷ᠎ᠡ ᠵᠡᠬᠦᠵᠦ᠂ ᠪᠡᠶ᠎ᠡ ᠮᠠᠬᠠᠪᠤᠳ ᠪᠠ ᠤᠶᠤᠨ ᠰᠠᠨᠠᠭᠠᠨ ᠤ ᠲᠠᠷᠴᠢᠯᠭᠠᠯ ᠢ ᠬᠦᠢᠴᠡᠳ | ᠠᠮᠰᠠᠭᠠᠳ᠂ 1968 ᠤᠨ ᠤ 11 ᠰᠠᠷ᠎ᠠ ᠶᠢᠨ1 ᠤ ᠡᠳᠦᠷ ᠨᠠᠰᠤᠨ ᠡᠴᠦᠰᠯᠡᠪᠡ᠃ ᠰᠤᠶᠤᠯ ᠪᠢᠴᠢᠭ ᠤᠨ | ᠰᠠᠭᠤᠷᠢ ᠲᠠᠢ ᠬᠦᠮᠦᠨ ᠪᠤᠯᠬᠤᠷ ᠨᠡᠯᠢᠶᠡᠳ ᠤᠯᠠᠨ ᠪᠢᠴᠢᠭ ᠰᠤᠳᠤᠷ ᠬᠠᠳᠠᠭᠠᠯᠠᠵᠤ ᠪᠠᠶᠢᠭᠰᠠᠨ᠂ ᠰᠤᠶᠤᠯ ᠤᠨ | ᠬᠤᠪᠢᠰᠬᠠᠯ ᠲᠡᠭᠡᠷ᠎ᠡ ᠪᠦᠬᠦᠨ ᠢ ᠦᠬᠡᠶᠢᠬᠢᠵᠡᠢ᠃ 1980 ᠤᠨ ᠳᠤ ᠬᠢᠯᠢᠰ ᠢ ᠨᠢ ᠴᠠᠭᠠᠳᠬᠠᠵᠤ᠂ ᠨᠡᠷ᠎ᠡ ᠬᠦᠨᠳᠦ | ᠶᠢ ᠰᠡᠷᠬᠦᠭᠡᠭᠰᠡᠨ ᠪᠠᠶᠢᠨ᠎ᠠ᠃ |