ᠨᠢᠵᠢᠮ᠎ᠡ
ᠨᠡᠶᠢᠲᠡᠯᠡᠭᠰᠡᠨ ᠴᠠᠭ᠄
2018/11/26

 ᠨᠢᠵᠢᠮ᠎ᠡ ︵1916 —1987︶ ᠲᠠᠶᠢᠹᠤᠰᠧ ᠵᠡᠬᠦᠨ ᠭᠠᠷ ᠰᠦᠷᠦᠭ ᠤᠨ ᠬᠦᠪᠡᠭᠡᠳᠦ ᠴᠠᠭᠠᠨ ᠬᠤᠰᠢᠭᠤᠨ ᠤ

ᠬᠠᠰᠢᠶᠠᠳᠤ ᠶᠢᠨ ᠬᠦᠮᠦᠨ᠃ 1953 ᠤᠨ ᠳᠤ ᠬᠦᠬᠡᠬᠤᠳᠠ ᠳᠤ ᠠᠵᠢᠯ ᠳᠤ ᠤᠷᠤᠭᠠᠳ᠂ 1954 ᠤᠨ ᠳᠤ

ᠲᠤᠮᠳᠠᠳᠤ ᠤᠯᠤᠰ ᠤᠨ ᠡᠪ ᠬᠠᠮᠳᠤ ᠨᠠᠮ ᠳᠤ ᠡᠯᠰᠡᠭᠳᠡᠪᠡ᠃ ᠮᠦᠨ ᠵᠢᠯ ᠨᠢ ᠬᠦᠬᠡᠬᠤᠳᠠ ᠶᠢᠨ ᠠᠷᠠᠳ ᠤᠨ

ᠲᠦᠯᠦᠭᠡᠯᠡᠭᠴᠢ ᠪᠠᠷ ᠰᠤᠩᠭᠤᠭᠳᠠᠨ᠂ ᠬᠦᠬᠡᠬᠤᠳᠠ ᠶᠢᠨ ᠰᠢᠨ᠎ᠡ ᠬᠤᠳᠠ ᠲᠤᠭᠤᠷᠢᠭ ᠤᠨ ᠳ᠋ᠦᠩ ᠯᠦᠸᠧ ᠹᠧᠩ

ᠵᠡᠬᠡᠯᠢ ᠶᠢᠨ ᠰᠠᠭᠤᠭᠠᠯᠢ ᠠᠷᠠᠳ ᠤᠨ ᠵᠦᠪᠯᠡᠯ ᠤᠨ ᠡᠷᠬᠢᠯᠡᠭᠴᠢ ᠶᠢᠨ ᠠᠵᠢᠯ ᠢ ᠬᠠᠷᠢᠭᠤᠴᠠᠵᠤ  ᠬᠡᠳᠦᠨ ᠠᠷᠪᠠᠨ ᠵᠢᠯ

ᠠᠵᠢᠯᠯᠠᠵᠠᠢ᠃  ᠡᠨᠡ  ᠬᠤᠭᠤᠴᠠᠭᠠᠨ ᠳᠤ ᠬᠦᠬᠡᠬᠤᠳᠠ ᠶᠢᠨ ᠬᠤᠶᠠᠳᠤᠭᠠᠷ᠂ ᠭᠤᠷᠪᠠᠳᠤᠭᠠᠷ᠂ ᠨᠠᠢᠮᠠᠳᠤᠭᠠᠷ

ᠬᠤᠭᠤᠴᠠᠭᠠᠨ ᠤ ᠠᠷᠠᠳ ᠤᠨ ᠲᠦᠯᠦᠭᠡᠯᠡᠭᠴᠢ ᠪᠠᠷ ᠰᠤᠩᠭᠤᠭᠳᠠᠭᠰᠠᠨ ᠪᠦᠬᠡᠳ 1958 — 1983 ᠤᠨ

ᠬᠦᠷᠳᠡᠯ᠎ᠡ ᠰᠢᠨ᠎ᠡ ᠬᠤᠳᠠ ᠲᠤᠭᠤᠷᠢᠭ ᠤᠨ ᠰᠢᠬᠦᠬᠦ ᠬᠤᠷᠢᠶᠠᠨ ᠤ ᠬᠠᠪᠰᠤᠷᠤᠨ ᠰᠢᠬᠦᠭᠴᠢ ᠶᠢᠨ ᠠᠵᠢᠯ ᠢ

ᠬᠠᠪᠰᠤᠷᠭᠠᠨ ᠬᠠᠷᠢᠭᠤᠴᠠᠵᠤ ᠦᠩᠬᠡᠷᠡᠪᠡ᠃ ᠲᠡᠷᠡᠪᠡᠷ ᠰᠢᠨ᠎ᠡ ᠬᠤᠳᠠ ᠲᠤᠭᠤᠷᠢᠭ ᠤᠨ ᠨᠠᠮ ᠵᠠᠰᠠᠭ ᠤᠨ ᠰᠠᠶᠢᠰᠢᠶᠠᠯ

ᠬᠦᠬᠢᠬᠦᠯᠦᠯ ᠢ ᠤᠯᠠᠨᠳᠠ ᠬᠦᠷᠳᠡᠵᠦ᠂ ᠰᠠᠭᠤᠭᠠᠯᠢ ᠠᠷᠠᠳ ᠤᠨ ᠢᠳᠡᠭᠡᠯ ᠬᠦᠷᠢᠶᠡᠯᠡᠯ ᠢ ᠤᠯᠤᠭᠰᠠᠨ ᠪᠠᠶᠢᠳᠠᠭ  ᠃

1957 ᠤᠨ ᠳᠤ ᠪᠦᠬᠦ ᠤᠯᠤᠰ ᠤᠨ ᠴᠦᠬᠡᠨ ᠲᠤᠭᠠᠳᠤ ᠦᠨᠳᠦᠰᠦᠳᠡᠨ ᠤ ᠲᠤᠭᠤᠷᠢᠨ ᠦᠵᠡᠬᠦ ᠪᠦᠯᠬᠦᠮ ᠳᠤ

ᠤᠷᠤᠯᠴᠠᠵᠤ᠂ ᠪᠡᠭᠡᠵᠢᠩ ᠳᠤ ᠬᠦᠷᠴᠦ ᠲᠦᠪ ᠤᠨ ᠤᠳᠤᠷᠢᠳᠤᠯᠭ᠎ᠠ ᠨᠠᠷ ᠲᠠᠢ ᠠᠭᠤᠯᠵᠠᠵᠤ ᠦᠩᠭᠡᠷᠡᠵᠡᠢ᠃ ᠨᠢᠵᠢᠮ᠎ᠡ

ᠨᠠᠰᠤᠳᠠᠨ ︽ᠰᠤᠶᠤᠯ ᠤᠨ ᠬᠤᠪᠢᠰᠬᠠᠯ︾ ᠤᠨ ᠲᠤᠮᠳᠠ ᠬᠢᠯᠢᠰ ᠢᠶᠠᠷ ᠴᠤᠬᠢᠭᠳᠠᠵᠤ᠂ ᠬᠦᠨᠳᠦ ᠬᠤᠤᠷᠯᠠᠯ

ᠠᠮᠰᠠᠭᠰᠠᠨ ᠪᠤᠯᠪᠠᠴᠤ ᠨᠠᠮ ᠠᠷᠠᠳ ᠲᠦᠮᠡᠨ ᠳᠡᠭᠡᠨ ᠦᠴᠦᠬᠡᠨ ᠴᠤ ᠭᠤᠮᠤᠳᠠᠯ ᠡᠪᠦᠷᠯᠡᠭᠰᠡᠨ ᠦᠬᠡᠢ᠂ ᠨᠠᠰᠤᠨ

ᠡᠴᠦᠰᠯᠡᠳᠡᠯ᠎ᠡ ᠪᠠᠨ ᠠᠷᠠᠳ ᠲᠦᠮᠡᠨ ᠤ ᠲᠦᠯᠦᠬᠡ ᠲᠦᠯᠦᠬᠡ ᠵᠢᠳᠬᠦᠵᠦ ᠴᠢᠷᠮᠠᠶᠢᠵᠠᠢ᠃

 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号