ᠬᠠᠩ ᠰᠧ ᠶᠤᠸᠠᠨ
ᠨᠡᠶᠢᠲᠡᠯᠡᠭᠰᠡᠨ ᠴᠠᠭ᠄
2018/11/26

   ᠬᠠᠩ ᠰᠧ ᠶᠤᠸᠠᠨ ︵1918 —︶ ᠡᠷᠬᠦᠭᠰᠡᠨ ᠨᠡᠷ᠎ᠡ ᠶᠠᠨ ᠯᠦᠩ᠂ ᠮᠤᠩᠭᠤᠯ ᠨᠡᠷ᠎ᠡ ᠨᠢ ᠪᠦᠭᠴᠢᠩᠭ᠎ᠠ᠃

ᠲᠠᠶᠢᠹᠤᠰᠧ ᠵᠡᠬᠦᠨ ᠭᠠᠷ ᠰᠦᠷᠦᠭ ᠤᠨ ᠬᠦᠯᠦ ᠴᠠᠭᠠᠨ ᠬᠤᠰᠢᠭᠤᠨ ᠤ ᠦᠴᠢ ᠤᠪᠤᠭ᠎ᠠ ᠶᠢᠨ ᠰᠡᠷᠡᠩᠳᠤᠩᠷᠤᠪ

ᠠᠮᠪᠠᠨ ᠤ ᠵᠢᠷᠭᠤᠳᠤᠭᠠᠷ ᠬᠦᠪᠡᠬᠦᠨ ᠪᠤᠯᠵᠤ ᠪᠡᠬᠡᠵᠢᠩ ᠬᠤᠳᠠᠨ᠎ᠠ ᠲᠦᠷᠦᠵᠡᠢ᠃ ᠵᠠᠯᠠᠭᠤ ᠨᠠᠰᠤᠨ ᠳᠠᠭᠠᠨ ᠡᠮᠦᠨᠡᠳᠦ

ᠤᠷᠤᠨ ᠤ ᠶᠡᠭᠡ ᠰᠤᠷᠭᠠᠭᠤᠯᠢ ᠶᠢᠨ ᠬᠠᠤᠯᠢ ᠴᠠᠭᠠᠵᠠ ᠶᠢᠨ ᠰᠠᠯᠪᠤᠷᠢ ᠠᠴᠠ ᠲᠡᠬᠦᠰᠴᠦ᠂  ︽7.7︾ ᠤ ᠭᠡᠷᠡᠭ

ᠬᠤᠪᠢᠰᠤᠯ ᠠᠴᠠ ᠡᠮᠦᠨ᠎ᠡ ᠪᠠᠰᠠ ᠶᠠᠫᠤᠨ ᠳᠤ ᠤᠬᠤᠷ ᠬᠤᠭᠤᠴᠠᠭ᠎ᠠ ᠰᠤᠷᠤᠯᠴᠠᠵᠤ ᠦᠩᠬᠡᠷᠡᠵᠡᠢ᠃ ᠲᠡᠷᠡᠪᠡᠷ

ᠮᠤᠩᠭᠤᠯ ᠰᠤᠶᠤᠯ ᠤᠨ ᠤᠷᠳᠤᠨ ᠤ ᠠᠵᠢᠯᠳᠠᠨ᠂ ᠲᠦᠪᠡᠳ ᠠᠴᠠ ᠨᠠᠨᠵᠢᠩ ᠳᠤ ᠰᠠᠭᠤᠭ᠎ᠠ ᠭᠡᠷᠡᠭ ᠡᠷᠬᠢᠯᠡᠬᠦ ᠭᠠᠵᠠᠷ

 ᠤᠨ ᠰᠠᠯᠠᠭᠠᠨ ᠲᠠᠷᠤᠭ᠎ᠠ ᠪᠠᠷ ᠠᠵᠢᠯᠯᠠᠵᠤ ᠪᠠᠶᠢᠪᠠ  ᠃ ᠶᠠᠫᠤᠨ ᠪᠠᠭᠤᠵᠤ ᠦᠭᠬᠦᠭᠰᠡᠨ ᠤ ᠲᠠᠷᠠᠭ᠎ᠠ᠂ ᠭᠤᠮᠢᠨᠳᠠᠩ ᠳᠤ

ᠲᠤᠰᠢᠶᠠᠯ ᠲᠠᠢ ᠪᠠᠶᠢᠭᠰᠠᠨ ᠪᠤᠯᠪᠠᠴᠤ ᠵᠦᠪᠯᠡᠯᠳᠦ ᠶᠢᠨ ᠡᠯᠴᠢᠨ ᠤ ᠭᠠᠵᠠᠷ ᠤᠨ ᠨᠦᠯᠦᠬᠡ ᠪᠠᠷ ᠵᠠᠷᠢᠮ ᠲᠠᠪᠰᠢᠭᠰᠠᠨ

ᠠᠵᠢᠯᠯᠠᠭ᠎ᠠ ᠳᠤ ᠤᠷᠤᠯᠴᠠᠵᠤ ᠪᠠᠶᠢᠪᠠ᠃ ᠴᠢᠯᠦᠭᠡᠯᠡᠭᠳᠡᠬᠦ ᠠᠴᠠ ᠡᠮᠦᠨ᠎ᠡ ᠭᠤᠮᠢᠨᠳᠠᠩ ᠤᠨ ᠴᠠᠬᠠᠷ ᠮᠤᠵᠢ ᠳᠠᠬᠢ

ᠮᠤᠩᠭᠤᠯ ᠬᠤᠰᠢᠭᠤᠳ ᠤᠨ ᠵᠠᠰᠠᠭ ᠤᠨ ᠤᠷᠳᠤᠨ ᠤ  ᠠᠷᠢᠭᠤᠨ  ᠴᠢᠭᠡᠴᠢ ᠪᠠᠷ ᠵᠠᠰᠠᠭ ᠶᠠᠪᠤᠭᠤᠯᠬᠤ ᠲᠤᠰᠢᠶᠠᠯᠳᠠᠨ᠂

ᠴᠠᠬᠠᠷ ᠮᠤᠵᠢ ᠶᠢᠨ ᠰᠤᠷᠭᠠᠨ ᠬᠦᠮᠦᠵᠢᠯ ᠤᠨ ᠲᠢᠩᠬᠢᠮ ᠤᠨ ᠰᠠᠯᠠᠭᠠᠨ ᠲᠠᠷᠤᠭ᠎ᠠ ᠪᠠᠷ ᠠᠵᠢᠯᠯᠠᠵᠤ ᠦᠩᠬᠡᠷᠡᠪᠡ᠃

ᠲᠡᠷᠡ  ᠪᠠᠰᠠ ᠴᠠᠬᠠᠷ ᠮᠤᠵᠢ ᠶᠢᠨ ᠰᠢᠨ ᠮᠢᠨ ᠰᠢᠶᠠᠨ ︵ᠤᠳᠤ ᠶᠢᠨ ᠬᠤᠸᠠᠳᠧ︶ ᠤ ᠲᠠᠷᠤᠭ᠎ᠠ᠂  ᠭᠤᠮᠢᠨᠳᠠᠩ ᠤᠨ

ᠴᠡᠷᠢᠭ ᠤᠨ ᠬᠤᠷᠢᠶᠠᠨ ᠤ ᠲᠠᠷᠤᠭ᠎ᠠ᠂ ᠬᠤᠸᠠᠳᠧ ᠰᠢᠶᠠᠨ ᠤ ᠬᠤᠳᠠ ᠶᠢᠨ ᠰᠡᠷᠭᠡᠶᠢᠯᠡᠯᠳᠡ ᠶᠢᠨ ᠰᠧᠯᠢᠩ ᠲᠤᠰᠢᠶᠠᠯ

 ᠲᠠᠢ ᠪᠠᠶᠢᠵᠠᠢ᠃ ᠴᠢᠭᠤᠯᠤᠯᠳᠤ ᠬᠠᠭᠠᠯᠠᠭ᠎ᠠ  ᠴᠢᠯᠦᠭᠡᠯᠡᠭᠳᠡᠬᠦ ᠦᠶᠡᠰ ᠬᠤᠪᠢᠰᠬᠠᠯᠳᠤ ᠴᠡᠷᠢᠭ ᠲᠤ ᠪᠠᠭᠤᠵᠤ

ᠦᠭᠬᠦᠭᠡᠳ ᠦᠭᠡᠷᠡᠴᠢᠯᠡᠯᠳᠡ ᠶᠢ ᠬᠦᠯᠢᠶᠡᠭᠰᠡᠨ ᠤ ᠲᠠᠷᠠᠭ᠂ ᠤᠯᠤᠰ ᠠᠴᠠ ᠲᠡᠬᠦᠨ ᠢ ᠪᠡᠭᠡᠵᠢᠩ  ᠬᠤᠳᠠ ᠶᠢᠨ

ᠰᠠᠭᠤᠳᠠᠯ ᠤᠨ ᠮᠠᠰᠢᠨ ᠲᠡᠷᠭᠡᠨ ᠤ ᠶᠡᠷᠦᠩᠬᠡᠢ  ᠦᠢᠯᠡᠳᠪᠦᠷᠢ ᠶᠢᠨ ᠲᠦᠷᠪᠡᠳᠦᠭᠡᠷ ᠬᠤᠪᠢᠶᠠᠷᠢ ᠦᠢᠯᠡᠳᠪᠦᠷᠢ ᠳᠤ

ᠠᠵᠢᠯ ᠲᠤᠬᠢᠷᠠᠭᠤᠯᠵᠠᠢ᠃ ᠡᠨᠡ  ᠬᠤᠭᠤᠴᠠᠭᠠᠨ ᠳᠤ ᠪᠡᠭᠡᠵᠢᠩ ᠬᠤᠳᠠ ᠶᠢᠨ ᠵᠡᠬᠦᠨ ᠬᠤᠳᠠ ᠶᠢᠨ ᠲᠤᠭᠤᠷᠢᠭ ᠤᠨ

ᠤᠯᠤᠰ ᠲᠦᠷᠦ ᠶᠢᠨ ᠵᠦᠪᠯᠡᠯᠬᠡᠨ ᠤ ᠭᠡᠰᠢᠬᠦᠨ ᠪᠤᠯᠵᠠᠢ᠃

 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号