ᠬᠠᠩ ᠵᠢᠶᠠ ᠰᠢᠶᠠᠩ ︵1911 —1993︶ ᠮᠤᠩᠭᠤᠯ ᠨᠡᠷ᠎ᠡ ᠨᠢ ᠲᠠᠮᠷᠢᠨᠳᠤᠷᠵᠢ᠃ ᠲᠠᠶᠢᠹᠤᠰᠧ ᠵᠡᠬᠦᠨ ᠭᠠᠷ | ᠰᠦᠷᠦᠭ ᠤᠨ ᠦᠴᠢ ᠤᠪᠤᠭ᠎ᠠ ᠶᠢᠨ ᠰᠡᠷᠡᠩᠳᠤᠩᠷᠤᠪ ᠠᠮᠪᠠᠨ ᠤ ᠲᠦᠷᠪᠡᠳᠦᠭᠡᠷ ᠬᠦᠪᠡᠬᠦᠨ᠃ ᠪᠠᠭ᠎ᠠ ᠨᠠᠰᠤᠨ ᠳᠠᠭᠠᠨ | ᠨᠤᠳᠤᠭ ᠤᠰᠤᠨ ᠳᠠᠭᠠᠨ ᠮᠤᠩᠭᠤᠯ ᠪᠢᠴᠢᠭ ᠰᠤᠷᠴᠤ᠂ 1922 ᠤᠨ ᠳᠤ ᠬᠤᠶᠠᠳᠤᠭᠠᠷ ᠠᠬ᠎ᠠ ᠹᠦᠯᠦᠩᠭᠠ ᠲᠠᠢ | ᠪᠠᠨ ᠪᠡᠭᠡᠵᠢᠩ ᠳᠤ ᠤᠴᠢᠵᠤ ᠭᠢᠳᠠᠳ ᠰᠢᠶᠠᠩᠱᠧᠩ ᠢᠶᠠᠷ ᠪᠢᠴᠢᠭ ᠵᠢᠭᠠᠯᠭᠠᠵᠤ ᠬᠢᠳᠡᠳ ᠬᠡᠯᠡᠨ ᠳᠤ ᠨᠡᠪᠳᠡᠷᠡᠭᠰᠡᠨ | ᠪᠠᠶᠢᠪᠠ᠃ 1929 ᠤᠨ ᠳᠤ ᠠᠪᠤ ᠪᠠᠨ ᠲᠠᠭᠠᠵᠤ ᠴᠢᠭᠤᠯᠤᠯᠳᠤ ᠬᠠᠭᠠᠯᠭ᠎ᠠ ᠬᠤᠳᠠᠨ᠎ᠠ ᠬᠦᠷᠴᠦ᠂ ᠲᠡᠨᠳᠡᠬᠢ ᠪᠠᠭᠰᠢ | ᠶᠢᠨ ᠰᠤᠷᠭᠠᠭᠤᠯᠢ ᠳᠤ ᠰᠤᠷᠤᠯᠴᠠᠵᠠᠢ᠃ 1933 ᠤᠨ ᠳᠤ ᠹᠧᠩ ᠢᠤᠢ ᠰᠢᠶᠠᠩ ᠤᠨ ᠴᠢᠭᠤᠯᠤᠯᠳᠤ ᠬᠠᠭᠠᠯᠭ᠎ᠠ | ᠳᠤ ᠪᠠᠶᠢᠭᠤᠯᠤᠭᠰᠠᠨ ᠶᠠᠫᠤᠨ ᠢ ᠡᠰᠡᠷᠬᠦᠴᠡᠬᠦ ᠬᠤᠯᠪᠤᠭᠠᠳᠤ ᠴᠡᠷᠢᠭ ᠲᠤ ᠤᠷᠤᠵᠤ᠂ ᠶᠡᠷᠦᠩᠬᠡᠢ ᠰᠧᠯᠢᠩᠪᠦ᠋ ᠳᠤ | ᠠᠵᠢᠯᠯᠠᠨ᠂ ᠬᠤᠰᠢᠭᠤᠴᠢ ᠬᠤᠷᠠᠩᠳᠠ ᠵᠡᠷᠭᠡ ᠲᠠᠢ ᠵᠦᠪᠯᠡᠭᠴᠢ ᠪᠠᠶᠢᠪᠠ᠃ 1934 ᠤᠨ ᠳᠤ ᠨᠠᠨᠵᠢᠩ ᠳᠤ ᠬᠦᠷᠴᠦ | ᠦᠪᠦᠷ ᠮᠤᠩᠭᠤᠯ ᠤᠨ ᠡᠯ᠎ᠡ ᠬᠤᠰᠢᠭᠤᠳ ᠤᠨ ᠨᠠᠨᠵᠢᠩ ᠳᠤ ᠬᠤᠯᠪᠤᠭᠠᠯᠠᠨ ᠰᠠᠭᠤᠭ᠎ᠠ ᠭᠡᠷᠡᠭ ᠡᠷᠬᠢᠯᠡᠬᠦ ᠭᠠᠵᠠᠷ ᠤᠨ | ᠲᠦᠯᠦᠭᠡᠯᠡᠭᠴᠢ ᠪᠤᠯᠵᠤ᠂ ︽7.7︾ ᠤ ᠭᠡᠷᠡᠭ ᠬᠤᠪᠢᠰᠤᠯ ᠤᠨ ᠲᠠᠷᠠᠭ᠎ᠠ ᠭᠤᠮᠢᠨᠳᠠᠩ ᠤᠨ ᠵᠠᠰᠠᠭ ᠤᠨ ᠭᠠᠵᠠᠷ ᠢ | ᠲᠠᠭᠠᠵᠤ ᠦᠬᠡᠨ ᠬᠤᠳᠠᠨ ᠳᠤ ᠨᠡᠬᠦᠭᠡᠳ ᠰᠡᠬᠦᠯᠡᠷ ᠨᠢ ᠪᠠᠰᠠ ᠴᠦᠩᠴᠢᠩ ᠬᠤᠳᠠ ᠳᠤ ᠨᠡᠬᠦᠨ ᠤᠴᠢᠵᠠᠢ᠃ | ᠶᠠᠫᠤᠨ ᠪᠠᠭᠤᠵᠤ ᠦᠭᠬᠦᠭᠰᠡᠨ ᠤ ᠲᠠᠷᠠᠭ᠎ᠠ᠂ ᠭᠤᠮᠢᠨᠳᠠᠩ ᠤᠨ ᠵᠠᠰᠠᠭ ᠤᠨ ᠭᠠᠵᠠᠷ ᠠᠴᠠ ᠮᠤᠩᠭᠤᠯ ᠤᠷᠤᠨ ᠳᠤ | ᠲᠤᠮᠢᠯᠠᠭᠰᠠᠨ ᠤᠬᠠᠭᠤᠯᠭ᠎ᠠ ᠶᠢᠨ ᠪᠦᠯᠬᠦᠮ ᠳᠤ ᠤᠷᠤᠯᠴᠠᠵᠤ᠂ ᠮᠤᠩᠭᠤᠯ ᠤᠷᠤᠨ ᠤ ᠡᠯ᠎ᠡ ᠬᠤᠰᠢᠭᠤᠳ ᠢᠶᠠᠷ | ᠲᠤᠭᠤᠷᠢᠨ ᠤᠬᠠᠭᠤᠯᠭ᠎ᠠ ᠶᠢᠨ ᠠᠵᠢᠯ ᠬᠢᠭᠡᠳ ᠭᠤᠮᠢᠨᠳᠠᠩ ᠤᠨ ᠡᠷᠭᠡ ᠪᠠᠷᠢᠭᠴᠢᠳ ᠲᠤ ᠬᠦᠨᠳᠦᠳᠭᠡᠭᠳᠡᠵᠦ ᠪᠠᠶᠢᠵᠠᠢ | ᠃ 1947 ᠤᠨ ᠳᠤ ᠭᠤᠮᠢᠨᠳᠠᠩ ᠤᠨ ᠴᠡᠷᠢᠭ ᠴᠢᠭᠤᠯᠤᠯᠳᠤ ᠬᠠᠭᠠᠯᠭ᠎ᠠ ᠶᠢ ᠡᠵᠡᠯᠡᠭᠰᠡᠨ ᠤ ᠲᠠᠷᠠᠭ᠎ᠠ᠂ ᠭᠤᠮᠢᠨᠳᠠᠩ | ᠤᠨ ᠵᠠᠰᠠᠭ ᠤᠨ ᠭᠠᠵᠠᠷ ᠤᠨ ᠶᠡᠭᠡ ᠰᠤᠩᠭᠤᠭᠤᠯᠢ ᠳᠤ ᠵᠠᠰᠠᠭ ᠤᠨ ᠭᠠᠵᠠᠷ ᠤᠨ ᠬᠠᠤᠯᠢ ᠲᠤᠭᠳᠠᠭᠠᠬᠤ ᠬᠤᠷᠢᠶᠠᠨ ᠤ | ᠭᠡᠰᠢᠬᠦᠨ ᠪᠤᠯᠤᠭᠰᠠᠨ ᠪᠠᠶᠢᠪᠠ᠃ 1949 ᠤᠨ ᠳᠤ ᠤᠯᠤᠰ ᠴᠢᠯᠦᠭᠡᠯᠡᠭᠳᠡᠬᠦ ᠳᠤ ᠭᠤᠣᠮᠢᠨᠳᠠᠩ ᠢ ᠲᠠᠭᠠᠵᠤ | ᠲᠠᠶᠢᠸᠠᠨ ᠳᠤ ᠤᠴᠢᠭᠠᠳ ᠮᠦᠨ ᠡᠨᠡᠬᠦ ᠲᠤᠰᠢᠶᠠᠯ ᠢᠶᠠᠨ ᠡᠬᠦᠷᠭᠡᠯᠡᠵᠦ ᠪᠠᠶᠢᠵᠠᠢ᠃ |