ᠬᠠᠩ ᠵᠢᠶᠠ ᠵᠢᠤᠢ
ᠨᠡᠶᠢᠲᠡᠯᠡᠭᠰᠡᠨ ᠴᠠᠭ᠄
2018/11/26

  ᠬᠠᠩ ᠵᠢᠶᠠ ᠵᠢᠤᠢ ︵1914 — 1981︶ ᠮᠤᠩᠭᠤᠯ ᠨᠡᠷ᠎ᠡ ᠨᠢ ᠬᠤᠳᠤᠷᠠᠩᠭ᠎ᠠ᠂ ᠪᠠᠰᠠ ᠬᠤ᠋ ᠮᠢᠨ ᡁᠢ᠂

ᠲᠤᠷᠵᠢ᠂ ᠯᠢᠨ ᠶᠤᠸᠠᠨ ᠬᠡᠮᠡᠬᠦ ᠨᠡᠷ᠎ᠡ ᠭᠡᠷᠡᠭᠯᠡᠵᠦ ᠦᠩᠬᠡᠷᠡᠵᠡᠢ᠃ ᠲᠠᠶᠢᠹᠤᠰᠧ ᠵᠡᠬᠦᠨ ᠭᠠᠷ ᠰᠦᠷᠦᠭ ᠤᠨ ᠦᠴᠢ

ᠤᠪᠤᠭ᠎ᠠ ᠶᠢᠨ ᠰᠡᠷᠡᠩᠳᠤᠩᠷᠤᠪ ᠠᠮᠪᠠᠨ ᠤ  ᠲᠠᠪᠤᠳᠤᠭᠠᠷ ᠬᠦᠪᠡᠬᠦᠨ᠃ 1925 ᠤᠨ ᠳᠤ ᠪᠡᠭᠡᠵᠢᠩ ᠳᠤ ᠬᠦᠷᠴᠦ

ᠬᠢᠳᠠᠳ ᠰᠢᠶᠠᠩᠱᠧᠩ ᠢᠶᠠᠷ ᠪᠢᠴᠢᠭ ᠵᠢᠭᠠᠯᠭᠠᠨ᠂ ᠰᠡᠬᠦᠯᠡᠷ ᠨᠢ ᠠᠪᠤ ᠪᠠᠨ ᠲᠠᠭᠠᠵᠤ ᠴᠢᠭᠤᠯᠤᠯᠳᠤ ᠬᠠᠭᠠᠯᠭ᠎ᠠ ᠳᠤ

ᠤᠴᠢᠭᠠᠳ ᠪᠠᠭᠰᠢ ᠶᠢᠨ ᠰᠤᠷᠭᠠᠭᠤᠯᠢ ᠶᠢᠨ ᠬᠠᠷᠢᠶᠠᠳᠤ ᠪᠠᠭ᠎ᠠ ᠰᠤᠷᠭᠠᠭᠤᠯᠢ ᠳᠤ ᠰᠤᠷᠤᠯᠴᠠᠵᠤ ᠪᠠᠶᠢᠪᠠ᠃  

ᠲᠡᠬᠦᠰᠦᠭᠰᠡᠨ ᠤ ᠪᠠᠨ ᠲᠠᠷᠠᠭ᠎ᠠ ᠪᠡᠭᠡᠵᠢᠩ ᠤᠨ ᠮᠤᠩᠭᠤᠯ ᠲᠦᠪᠡᠳ ᠤᠨ ᠰᠤᠷᠭᠠᠭᠤᠯᠢ ᠳᠤ ᠰᠤᠷᠤᠯᠴᠠᠨ 1936

ᠤᠨ ᠳᠤ ᠲᠡᠬᠦᠰᠦᠭᠡᠳ ᠬᠠᠭᠤᠷᠮᠠᠭ ᠮᠤᠩᠭᠤᠯ ᠤᠨ ᠬᠢᠵᠠᠭᠠᠷ ᠤᠷᠤᠨ ᠤ ᠵᠠᠰᠠᠭ ᠤᠨ ᠭᠠᠵᠠᠷ ᠤᠨ ᠵᠠᠩᠪᠸᠢ ᠳᠠᠬᠢ

ᠴᠠᠬᠠᠷ ᠠᠶᠢᠮᠠᠭ ᠤᠨ ᠵᠠᠬᠢᠷᠭᠠᠨ ᠤ ᠨᠢᠬᠳᠠᠯᠠᠨ ᠪᠤᠳᠤᠭᠴᠢ ᠪᠠᠷ ᠠᠵᠢᠯᠯᠠᠵᠤ᠂  ᠲᠠᠷᠠᠭ᠎ᠠ ᠨᠢ ᠪᠠᠳᠤᠬᠠᠭᠠᠯᠭ᠎ᠠ ᠶᠢᠨ

ᠪᠠᠭ᠎ᠠ ᠰᠤᠷᠭᠠᠭᠤᠯᠢ ᠳᠤ ᠪᠠᠭᠰᠢᠯᠠᠵᠠᠢ᠃ 1940 ᠤᠨ ᠳᠤ ᠵᠢᠷᠭᠤᠳᠤᠭᠠᠷ ᠲᠡᠬᠦᠦ ᠬᠠᠩ ᠰᠧ ᠶᠤᠸᠠᠨ ᠤ ᠬᠠᠮᠳᠤ

ᠲᠦᠪᠡᠳ ᠤᠷᠤᠨ ᠤ ᠵᠠᠰᠠᠭ ᠤᠨ ᠭᠠᠵᠠᠷ ᠤᠨ ᠲᠦᠯᠦᠭᠡᠯᠡᠭᠴᠢ ᠶᠢᠨ ᠬᠤᠪᠢ ᠪᠠᠷ ᠨᠠᠨᠵᠢᠩ ᠳᠤ ᠤᠴᠢᠵᠤ᠂ ᠸᠠᠩ

ᠵᠢᠩ ᠸᠧᠢ ᠶᠢᠨ ᠬᠠᠭᠤᠷᠮᠠᠭ ᠵᠠᠰᠠᠭ ᠤᠨ ᠨᠡᠶᠢᠰᠯᠡᠯ ᠲᠤᠭᠳᠠᠭᠠᠬᠤ ᠶᠤᠰᠤᠯᠠᠯ ᠳᠤ  ᠤᠷᠤᠯᠴᠠᠨ᠂ 1942 ᠤᠨ ᠳᠤ

ᠨᠠᠨᠵᠢᠩ ᠬᠤᠳᠠ ᠶᠢᠨ ᠠᠮᠤ ᠪᠤᠳᠠᠭᠠᠨ ᠤ ᠲᠤᠪᠴᠢᠶᠠᠨ ᠳᠤ ᠠᠵᠢᠯᠯᠠᠵᠤ᠂ 1943 ᠤᠨ ᠳᠤ  ᠬᠠᠭᠤᠷᠮᠠᠭ ᠵᠠᠰᠠᠭ

 ᠤᠨ ᠤᠬᠠᠭᠤᠯᠬᠤ ᠶᠠᠮᠤᠨ ᠤ ᠰᠤᠶᠤᠯ ᠭᠡᠭᠡᠷᠡᠯ ᠤᠨ ᠵᠤᠷᠭᠠᠨ ᠳᠤ ᠲᠤᠰᠬᠠᠢ ᠲᠤᠰᠢᠶᠠᠯᠳᠠᠨ ᠪᠤᠯᠤᠭᠠᠳ᠂ 1945

ᠤᠨ ᠳᠤ ᠪᠡᠭᠡᠵᠢᠩ ᠳᠤ ᠪᠤᠴᠠᠵᠤ ᠢᠷᠡᠭᠰᠡᠨ ᠪᠠᠶᠢᠨ᠎ᠠ᠃ ᠶᠠᠫᠤᠨ ᠪᠠᠭᠤᠵᠤ ᠦᠭᠬᠦᠭᠰᠡᠨ ᠤ ᠲᠠᠷᠠᠭ᠎ᠠ᠂ ᠭᠤᠮᠢᠨᠳᠠᠩ

 ᠤᠨ ᠴᠠᠬᠠᠷ ᠮᠤᠵᠢ ᠶᠢᠨ ᠲᠠᠶᠢᠹᠤᠰᠧ ᠵᠡᠬᠦᠨ ᠭᠠᠷ ᠬᠤᠰᠢᠭᠤᠨ ᠤ ᠬᠡᠯᠳᠡᠰ ᠤᠨ ᠱᠦᠵᠢ᠂  ᠲᠠᠷᠤᠭ᠎ᠠ᠂ ᠴᠠᠬᠠᠷ

ᠠᠶᠢᠮᠠᠭ ᠤᠨ ᠠᠮᠤᠷ ᠢ ᠬᠠᠮᠠᠭᠠᠯᠠᠬᠤ ᠰᠧᠯᠢᠩᠪᠦ᠋ ᠶᠢᠨ ᠬᠤᠷᠠᠩᠳᠠ ᠵᠡᠷᠭᠡ ᠲᠠᠢ ᠵᠦᠪᠯᠡᠭᠴᠢ᠂ ᠴᠠᠬᠠᠷ ᠮᠤᠵᠢ ᠶᠢᠨ

ᠲᠡᠭᠡᠳᠦ ᠲᠢᠩᠬᠢᠮ ᠤᠨ ᠵᠦᠪᠯᠡᠯᠬᠡᠨ ᠤ ᠭᠡᠰᠢᠬᠦᠨ ᠪᠤᠯᠤᠭᠰᠠᠨ ᠪᠠᠶᠢᠪᠠ᠃ 1950 ᠤᠨ ᠳᠤ ᠠᠯᠠᠱᠠ ᠪᠠᠷᠠᠭᠤᠨ

ᠬᠤᠰᠢᠭᠤᠨ ᠳᠤ ᠤᠴᠢᠵᠤ ᠡᠮᠴᠢᠯᠡᠬᠡᠨ ᠤ ᠠᠵᠢᠯ ᠬᠢᠵᠦ ᠪᠠᠶᠢᠭᠰᠠᠨ ᠪᠦᠬᠡᠳ 1958 ᠤᠨ ᠳᠤ ᠲᠤᠭᠤᠷᠢᠨ

ᠡᠮᠴᠢᠯᠡᠬᠦ ᠠᠩᠬᠢ ᠶᠢᠨ ᠲᠠᠷᠤᠭ᠎ᠠ ᠪᠤᠯᠵᠠᠢ᠃

 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号