ᠮᠦᠩᠭᠡᠴᠢᠯᠠᠭᠤ ︵1916 —1985︶ ᠲᠠᠶᠢᠹᠤᠰᠧ ᠵᠡᠬᠦᠨ ᠬᠤᠰᠢᠭᠤᠨ ᠤ ᠵᠠᠩᠵᠠ ᠳ᠋ᠠ ᠯᠠᠮᠠ ᠶᠢᠨ ᠬᠤᠳᠠᠨ | ᠤ ᠬᠦᠮᠦᠨ᠃ ᠬᠠᠷ᠎ᠠ ᠪᠠᠭ᠎ᠠ ᠠᠴᠠ ᠪᠠᠨ ᠮᠠᠯᠠᠭᠠᠢ ᠶᠢᠨ ᠰᠦᠮ᠎ᠡ ᠳᠤ ᠪᠠᠨᠳᠢ ᠪᠠᠶᠢᠵᠤ᠂ ᠰᠡᠬᠦᠯᠡᠷ ᠨᠢ ᠤᠮᠵᠢᠳ | ᠪᠤᠯᠤᠭᠰᠠᠨ ᠪᠠᠶᠢᠨ᠎ᠠ᠃ 1924 ᠤᠨ ᠠᠴᠠ ᠨᠡᠷᠡᠳᠦ ᠡᠮᠴᠢ ᠤᠳᠤᠭᠵᠠᠪ ᠪᠤᠯᠤᠨ ᠰᠠᠩᠸᠠᠶᠢᠳᠠᠭᠸᠠ ᠳᠤ ᠱᠠᠪᠢ | ᠤᠷᠤᠵᠤ᠂ ᠮᠤᠩᠭᠤᠯ ᠠᠨᠠᠭᠠᠬᠤ ᠤᠬᠠᠭᠠᠨ ᠢ ᠡᠬᠢᠯᠡᠨ ᠰᠤᠷᠴᠠᠢ᠃ ᠬᠤᠷᠢᠳᠤᠭᠠᠷ ᠵᠠᠭᠤᠨ ᠤ ᠲᠦᠴᠢᠭᠡᠳ ᠤᠨ ᠤ | ᠰᠡᠬᠦᠯᠴᠢ ᠪᠠᠷ ᠪᠡᠶ᠎ᠡ ᠪᠠᠨ ᠲᠠᠭᠠᠭᠠᠵᠤ ᠡᠮᠴᠢ ᠪᠤᠯᠪᠠ᠃ 1949 ᠤᠨ ᠳᠤ ᠲᠠᠶᠢᠹᠤᠰᠧ ᠵᠡᠬᠦᠨ ᠬᠤᠰᠢᠭᠤᠨ ᠤ | ᠮᠤᠩᠭᠤᠯ ᠡᠮᠨᠡᠯᠬᠡ ᠶᠢᠨ ᠬᠤᠷᠢᠶ᠎ᠠ ᠪᠠᠶᠢᠭᠤᠯᠬᠤ ᠳᠤ ᠲᠤᠰ ᠡᠮᠨᠡᠯᠬᠡ ᠳᠤ ᠠᠵᠢᠯᠯᠠᠵᠤ ᠦᠩᠬᠡᠷᠡᠵᠡᠢ᠃ ᠮᠦᠩᠭᠡᠴᠢᠯᠠᠭᠤ | ᠡᠮᠴᠢ ᠶᠢᠨ ᠡᠮᠨᠡᠯᠬᠡ ᠶᠢᠨ ᠮᠡᠷᠭᠡᠵᠢᠯ ᠨᠢ ᠰᠠᠶᠢᠨ ᠮᠦᠷᠳᠡᠭᠡᠨ ᠡᠪᠡᠳᠴᠢᠳᠡᠨ ᠳᠤ ᠬᠠᠯᠠᠭᠤᠮᠰᠠᠭ ᠪᠦᠬᠡᠳ | ᠬᠠᠷᠢᠭᠤᠴᠠᠯᠭ᠎ᠠ ᠲᠠᠢ ᠬᠠᠨᠳᠤᠵᠤ᠂ ᠦᠢ ᠤᠯᠠᠨ ᠬᠦᠮᠦᠰ ᠢ ᠡᠮᠴᠢᠯᠡᠨ ᠡᠳᠡᠭᠡᠷᠡᠬᠦᠯᠵᠦ᠂ ᠡᠪᠡᠳᠴᠢᠨ ᠵᠤᠪᠠᠯᠠᠩ | ᠠᠴᠠ ᠠᠪᠤᠷᠠᠭᠠᠳ᠂ ᠨᠤᠳᠤᠭ ᠤᠰᠤᠨ ᠳᠠᠭᠠᠨ ᠨᠡᠷ᠎ᠡ ᠠᠯᠳᠠᠷ ᠲᠠᠢ ᠰᠠᠶᠢᠨ ᠡᠮᠴᠢ ᠪᠤᠯᠤᠭᠰᠠᠨ ᠪᠠᠶᠢᠪᠠ᠃ ᠲᠡᠷᠡᠪᠡᠷ | ᠤᠷᠢᠳ ᠬᠤᠵᠢᠳ ᠬᠤᠰᠢᠭᠤ ᠰᠤᠮᠤᠨ ᠤ ᠲᠡᠷᠢᠬᠦᠨ ᠤ ᠡᠮᠨᠡᠯᠬᠡ ᠶᠢᠨ ᠠᠵᠢᠯᠳᠠᠨ ᠢᠶᠠᠷ ᠤᠯᠠᠨ ᠤᠳᠠᠭ᠎ᠠ | ᠦᠨᠡᠯᠡᠭᠳᠡᠵᠦ᠂ ᠰᠠᠶᠢᠰᠢᠶᠠᠯ ᠬᠦᠬᠢᠬᠦᠯᠦᠯ ᠢ ᠲᠤᠰᠤᠭᠰᠠᠨ ᠪᠦᠬᠡᠳ ᠬᠦᠨᠪᠤᠯᠠᠭ ᠰᠤᠮᠤᠨ ᠤ ᠲᠠᠪᠤᠳᠤᠭᠠᠷ᠂ | ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢ ᠪᠤᠯᠵᠤ ᠦᠩᠭᠡᠷᠡᠪᠡ᠃ |