ᠯᠤᠪᠰᠠᠩᠪᠠᠯᠵᠤᠷ
ᠨᠡᠶᠢᠲᠡᠯᠡᠭᠰᠡᠨ ᠴᠠᠭ᠄
2018/11/27

 ᠯᠤᠪᠰᠠᠩᠪᠠᠯᠵᠤᠷ ︵1908 —1970︶ ᠲᠠᠶᠢᠹᠤᠰᠧ ᠵᠡᠬᠦᠨ ᠭᠠᠷ ᠰᠦᠷᠦᠭ ᠤᠨ ᠬᠦᠪᠡᠭᠡᠳᠦ ᠰᠢᠷ᠎ᠠ

ᠬᠤᠰᠢᠭᠤᠨ ᠤ ᠠᠷᠤ ᠪᠤᠯᠠᠭ ᠭᠡᠳᠡᠭ ᠭᠠᠵᠠᠷ ᠲᠤ ᠲᠦᠷᠦᠵᠡᠢ  ᠂ ᠨᠠᠢᠮᠠᠨ ᠤᠪᠤᠭᠳᠠᠨ᠃ ᠨᠠᠢᠮᠠᠨ ᠨᠠᠰᠤᠨ ᠠᠴᠠ ᠪᠠᠨ

ᠠᠪᠠᠭ᠎ᠠ ᠮᠠᠮᠠ ᠪᠠᠨ ᠲᠠᠭᠠᠨ ᠮᠠᠯᠠᠭᠠᠢ ᠶᠢᠨ  ᠰᠦᠮ᠎ᠡ ᠳᠤ ᠰᠠᠭᠤᠵᠤ ᠨᠤᠮ ᠰᠤᠳᠤᠷ ᠲᠠᠢ ᠵᠤᠯᠭᠠᠨ᠂ ᠮᠤᠩᠭᠤᠯ

ᠠᠨᠠᠭᠠᠬᠤ ᠤᠬᠠᠭᠠᠨ ᠰᠤᠷᠴᠤ ᠪᠠᠶᠢᠪᠠ᠃ 21 ᠨᠠᠰᠤᠨ ᠠᠴᠠ ᠪᠠᠨ ᠡᠮᠴᠢ ᠪᠤᠯᠵᠤ᠂ ᠡᠪᠡᠳᠴᠢᠨ ᠦᠵᠡᠵᠦ ᠡᠮ

ᠪᠠᠷᠢᠵᠤ ᠡᠬᠢᠯᠡᠵᠡᠢ᠃ ᠴᠢᠯᠦᠭᠡᠯᠡᠭᠳᠡᠭᠰᠡᠨ ᠤ ᠲᠠᠷᠠᠭ᠎ᠠ᠂ ᠡᠮᠴᠢᠯᠡᠭᠡ ᠶᠢᠨ ᠠᠵᠢᠯ ᠢᠶᠠᠨ ᠦᠷᠬᠦᠯᠵᠢᠯᠡᠨ ᠬᠢᠵᠦ᠂ ᠶᠠᠷ᠎ᠠ

ᠲᠠᠮᠪᠤᠤ ᠡᠪᠡᠳᠴᠢᠨ ᠢ ᠡᠮᠴᠢᠯᠡᠵᠦ ᠪᠠᠶᠢᠭᠰᠠᠨ ᠪᠦᠬᠡᠳ ᠨᠡᠶᠢᠬᠡᠮ ᠵᠢᠷᠤᠮᠳᠤ ᠪᠦᠳᠦᠭᠡᠨ ᠪᠠᠶᠢᠭᠤᠯᠤᠯᠳᠠ ᠪᠤᠯᠤᠨ ᠡᠬᠡ

ᠤᠷᠤᠨᠴᠢ ᠡᠷᠡᠬᠦᠯ ᠬᠠᠮᠠᠭᠠᠯᠠᠯ ᠤᠨ ᠦᠢᠯᠡᠰ ᠲᠤ ᠢᠳᠡᠪᠬᠢᠳᠡᠢ ᠤᠷᠤᠯᠴᠠᠵᠤ ᠴᠢᠷᠮᠠᠶᠢᠨ ᠠᠵᠢᠯᠯᠠᠵᠤ ᠪᠠᠶᠢᠭᠰᠠᠨ ᠲᠤᠯᠠ

ᠠᠶᠢᠮᠠᠭ᠂ ᠬᠤᠰᠢᠭᠤᠨ ᠤ  ᠱᠠᠩᠨᠠᠯ ᠰᠠᠶᠢᠰᠢᠶᠠᠯ ᠢ ᠬᠦᠷᠳᠡᠵᠦ᠂ ᠬᠤᠰᠢᠭᠤ ᠰᠤᠮᠤᠨ ᠤ ᠠᠷᠠᠳ ᠤᠨ ᠲᠦᠯᠦᠭᠡᠯᠡᠭᠴᠢ

ᠪᠤᠯᠵᠤ ᠦᠩᠬᠡᠷᠡᠵᠡᠢ᠃ ︽ᠰᠤᠶᠤᠯ ᠤᠨ ᠬᠤᠪᠢᠰᠬᠠᠯ︾ ᠤᠨ ᠦᠶᠡᠰ ᠴᠤᠬᠢᠭᠳᠠᠨ ᠲᠡᠮᠡᠴᠡᠭᠳᠡᠵᠦ᠂ 1970 ᠤᠨ

 ᠤ ᠦᠶ᠎ᠡ ᠳᠤ ᠬᠠᠶᠢᠷᠠᠳᠤ ᠪᠠᠷᠢᠭᠠᠳᠠ ᠶᠢᠨ ᠬᠤᠷᠰᠢᠨ ᠡᠮᠨᠡᠬᠦ ᠠᠵᠢᠯ ᠢ ᠡᠷᠬᠢᠯᠡᠨ ᠬᠢᠵᠦ ᠪᠠᠶᠢᠭᠠᠳ 62 ᠨᠠᠰᠤ ᠲᠠᠢ

 ᠳᠠᠭᠠᠨ ᠨᠠᠰᠤ ᠪᠠᠷᠠᠵᠠᠢ᠃

 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号