ᠯᠤᠪᠰᠠᠩᠴᠢᠷᠡᠨ
ᠨᠡᠶᠢᠲᠡᠯᠡᠭᠰᠡᠨ ᠴᠠᠭ᠄
2018/11/27

 ᠯᠤᠪᠰᠠᠩᠴᠢᠷᠡᠨ ︵1904 — 1971︶ ᠲᠠᠶᠢᠹᠤᠰᠧ ᠵᠡᠬᠦᠨ ᠭᠠᠷ ᠰᠦᠷᠦᠭ ᠤᠨ ᠬᠦᠪᠡᠭᠡᠳᠦ ᠰᠢᠷ᠎ᠠ

ᠬᠤᠰᠢᠭᠤᠨ ᠤ ᠠᠷᠤ ᠪᠤᠯᠠᠭ ᠭᠡᠳᠡᠭ ᠭᠠᠵᠠᠷ ᠲᠤ ᠲᠦᠷᠦᠵᠡᠢ᠃ ᠬᠠᠷᠠᠬᠠᠨ ᠪᠠᠭ᠎ᠠ ᠠᠴᠠ ᠪᠠᠨ ᠶᠠᠳᠠᠭᠤ ᠵᠦᠳᠡᠬᠦᠦ

ᠦᠨᠦᠴᠢᠨ ᠦᠷᠦᠭᠡᠰᠦᠨ ᠤ ᠵᠤᠪᠠᠯᠠᠩ ᠢ ᠦᠵᠡᠵᠦ᠂ ᠰᠦᠮ᠎ᠡ ᠳᠤ ᠰᠠᠭᠤᠵᠤ ᠪᠠᠨᠳᠢ ᠪᠤᠯᠤᠭᠠᠳ ᠡᠷᠳᠡᠮ ᠲᠠᠢ ᠪᠠᠭᠰᠢ

 ᠶᠢ ᠲᠠᠭᠠᠵᠤ᠂  ᠮᠤᠩᠭᠤᠯ ᠲᠦᠪᠡᠳ ᠨᠤᠮ ᠰᠤᠳᠤᠷ ᠪᠤᠯᠤᠨ ᠡᠮ ᠤᠨ ᠵᠤᠷ᠂ ᠠᠨᠠᠭᠠᠬᠤ ᠤᠬᠠᠭᠠᠨ ᠢ ᠰᠢᠮᠳᠠᠨ

ᠰᠤᠷᠤᠭᠰᠠᠨ ᠢᠶᠠᠷ ᠵᠠᠯᠠᠭᠤ ᠨᠠᠰᠤᠨ ᠳᠠᠭᠠᠨ ᠡᠮᠴᠢ ᠪᠤᠯᠵᠤ᠂ ᠲᠤᠬᠠᠢ ᠶᠢᠨ ᠦᠶ᠎ᠡ ᠶᠢᠨ ᠮᠢᠩᠭᠠᠨ ᠬᠤᠰᠢᠭᠤᠨ ᠤ

ᠬᠠᠳᠠᠨᠬᠤᠰᠢᠭᠤ ᠰᠦᠮ᠎ᠡ ᠳᠤ ᠰᠠᠭᠤᠨ᠂ ᠨᠢᠬᠡ ᠲᠠᠯᠠᠪᠠᠷ ᠨᠦᠩᠨᠡᠢ ᠰᠠᠬᠢᠵᠤ ᠨᠤᠮ ᠪᠢᠰᠢᠯᠭᠠᠯ ᠬᠢᠵᠦ᠂ ᠨᠦᠬᠦᠭᠡ

ᠲᠠᠯᠠᠪᠠᠷ ᠮᠤᠩᠭᠤᠯ ᠡᠮ ᠡᠮᠨᠡᠯᠬᠡ᠂ ᠠᠨᠠᠭᠠᠬᠤ ᠤᠬᠠᠭᠠᠨ ᠤ ᠰᠤᠳᠤᠯᠭᠠᠨ ᠬᠢᠵᠦ᠂ ︽ᠨᠤᠮ ᠤᠨ ᠬᠡᠯᠡᠯᠬᠡ︾ ᠵᠡᠷᠭᠡ

ᠲᠦᠪᠡᠳ ᠬᠡᠯᠡᠨ ᠤ ᠡᠮᠨᠡᠯᠬᠡ ᠶᠢᠨ ᠤᠬᠠᠭᠠᠨ ᠤ ᠨᠤᠮ ᠰᠤᠳᠤᠷ   ᠢ ᠤᠷᠴᠢᠭᠤᠯᠤᠨ᠂ ᠤᠯᠠᠨ ᠱᠠᠪᠢ ᠬᠦᠮᠦᠵᠢᠬᠦᠯᠵᠦ᠂

ᠮᠠᠯᠴᠢᠨ ᠲᠦᠮᠡᠨ ᠤ ᠡᠷᠡᠬᠦᠯ ᠮᠡᠨᠳᠦ ᠶᠢᠨ ᠦᠢᠯᠡᠰ ᠲᠤ ᠮᠠᠰᠢ ᠶᠡᠭᠡ ᠵᠢᠳᠬᠦᠯ ᠭᠠᠷᠭᠠᠵᠠᠢ᠃ ᠲᠡᠷᠡᠪᠡᠷ ᠪᠠᠰᠠ

ᠬᠤᠳᠠ ᠮᠠᠨᠳᠠᠯ ᠪᠠᠶᠢᠭᠤᠯᠬᠤ ᠶᠢᠨ ᠵᠢᠷᠤᠭ ᠲᠦᠰᠦᠪ ᠵᠤᠬᠢᠶᠠᠬᠤ ᠤᠷ᠎ᠠ ᠮᠡᠷᠭᠡᠰᠢᠯ ᠢ ᠰᠤᠷᠴᠤ ᠡᠵᠡᠮᠰᠢᠬᠡᠳ᠂ ᠲᠤᠬᠠᠢ

 ᠶᠢᠨ ᠦᠶ᠎ᠡ ᠶᠢᠨ ᠰᠦᠮ᠎ᠡ ᠬᠡᠶᠢᠳ ᠤᠳ   ᠲᠤ ᠡᠷᠳᠡᠮ ᠴᠢᠳᠠᠪᠤᠷᠢ ᠬᠤᠤᠰᠯᠠᠭᠰᠠᠨ ᠯᠠᠮᠠ   ᠶᠢᠨ ᠨᠢᠬᠡ ᠨᠢ ᠪᠠᠶᠢᠪᠠ᠃

ᠴᠢᠯᠦᠭᠡᠯᠡᠭᠳᠡᠭᠰᠡᠨ ᠤ ᠲᠠᠷᠠᠭ᠎ᠠ ᠦᠷᠬᠦᠯᠵᠢᠯᠡᠨ ᠡᠮᠨᠡᠯᠬᠡ ᠶᠢᠨ ᠠᠵᠢᠯ ᠢᠶᠠᠨ ᠬᠢᠵᠦ᠂ ᠰᠢᠯᠤᠭᠤᠨ ᠬᠦᠭᠡ ᠬᠤᠰᠢᠭᠤᠨ ᠤ

ᠴᠠᠭᠠᠨᠨᠠᠭᠤᠷ ᠰᠤᠮᠤᠨ ᠤ ᠮᠤᠩᠭᠤᠯ ᠡᠮᠨᠡᠯᠬᠡ ᠶᠢᠨ ᠬᠤᠷᠢᠶᠠᠨ ᠤ ᠲᠠᠷᠤᠭ᠎ᠠ ᠪᠠᠷ ᠠᠵᠢᠯᠯᠠᠵᠤ᠂  ᠮᠠᠰᠢ ᠤᠯᠠᠨ ᠬᠦᠴᠢᠷ

ᠲᠦᠪᠡᠭ ᠲᠠᠢ ᠡᠪᠡᠳᠴᠢᠨ ᠬᠡᠮ ᠢ ᠵᠠᠰᠠᠨ ᠡᠳᠡᠭᠡᠷᠡᠬᠦᠯᠦᠭᠡᠳ᠂ ᠮᠠᠯᠴᠢᠳ ᠤᠨ ᠲᠤᠮᠳᠠ  ᠢᠳᠡᠭᠡᠯ ᠬᠦᠨᠳᠦ ᠲᠠᠢ

ᠰᠠᠶᠢᠨ ᠡᠮᠴᠢ ᠪᠤᠯᠤᠭᠰᠠᠨ ᠪᠠᠶᠢᠪᠠ᠃

 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号