ᠰᠠᠮᠫᠢᠯᠨᠤᠷᠪᠤ
ᠨᠡᠶᠢᠲᠡᠯᠡᠭᠰᠡᠨ ᠴᠠᠭ᠄
2018/11/27

 ᠰᠠᠮᠫᠢᠯᠨᠤᠷᠪᠤ ︵1920 —1979︶  ᠂ ᠲᠠᠶᠢᠹᠤᠰᠧ ᠵᠡᠬᠦᠨ ᠭᠠᠷ ᠰᠦᠷᠦᠭ ᠤᠨ ᠬᠦᠪᠡᠭᠡᠳᠦ ᠰᠢᠷ᠎ᠠ

ᠬᠤᠰᠢᠭᠤᠨ ᠤ ᠲᠤᠮᠳᠠ ᠤᠰᠤᠨ ᠳᠤ ᠲᠦᠷᠦᠵᠡᠢ᠃ ᠲᠤᠯᠤᠭᠠᠨ ᠨᠠᠰᠤᠨ ᠠᠴᠠ ᠪᠠᠨ  ᠠᠪᠠᠭ᠎ᠠ ᠮᠠᠮᠠ ᠪᠠᠨ ᠲᠠᠭᠠᠵᠤ  

ᠮᠠᠯᠠᠭᠠᠢ ᠶᠢᠨ ᠰᠦᠮ᠎ᠡ ᠳᠤ ᠰᠠᠭᠤᠨ᠂ ᠲᠦᠪᠡᠳ ᠨᠤᠮ ᠰᠤᠷᠴᠠᠢ᠃ ᠠᠷᠪᠠᠨ ᠭᠤᠷᠪᠠᠨ ᠨᠠᠰᠤᠳᠠᠢ ᠳᠠᠭᠠᠨ ᠡᠮᠦᠨ᠎ᠡ

ᠸᠠᠶᠤᠤ ᠶᠢᠨ ᠨᠡᠷᠡᠳᠦ ᠡᠮᠴᠢ  ᠰᠠᠩᠸᠠᠶᠢᠳᠠᠭᠸ᠎ᠠ  ᠯᠠᠮᠠ ᠳᠤ ᠱᠠᠪᠢ ᠤᠷᠤᠵᠤ  ᠮᠤᠩᠭᠤᠯ ᠡᠮᠨᠡᠯᠬᠡ ᠶᠢᠨ ᠤᠬᠠᠭᠠᠨ

ᠰᠤᠷᠪᠠ᠃ ᠬᠤᠷᠢᠨ ᠨᠠᠰᠤ ᠬᠦᠷᠬᠦ ᠳᠤ ᠨᠢᠬᠡᠨᠳᠡ ᠪᠡᠶ᠎ᠡ ᠪᠠᠨ ᠲᠠᠭᠠᠭᠠᠵᠤ ᠡᠮᠴᠢᠯᠡᠬᠦ ᠴᠢᠳᠠᠪᠤᠷᠢ ᠲᠠᠢ ᠪᠤᠯᠤᠭᠰᠠᠨ ᠴᠤ

ᠲᠤᠬᠠᠢ ᠶᠢᠨ ᠦᠶ᠎ᠡ ᠳᠤ ᠠᠶᠢᠯ ᠭᠡᠷ ᠤᠨ ᠢᠶᠠᠨ ᠠᠵᠤ ᠠᠬᠤᠢ ᠶᠢᠨ ᠨᠦᠬᠦᠴᠡᠯ ᠠᠴᠠ ᠪᠤᠯᠵᠤ ᠬᠦᠰᠡᠯ ᠨᠢ

ᠪᠡᠶᠡᠯᠡᠭᠳᠡᠭᠡ ᠦᠬᠡᠢ᠂ 1946 ᠤᠨ ᠬᠦᠷᠦᠭᠡᠳ ᠰᠠᠶ᠋ᠢ ᠡᠮᠴᠢᠯᠡᠬᠦ ᠠᠵᠢᠯ ᠢᠶᠠᠨ ᠬᠢᠵᠦ ᠡᠬᠢᠯᠡᠵᠡᠢ᠃ 1949 ᠤᠨ

 ᠠᠴᠠ ᠡᠬᠢᠯᠡᠭᠡᠳ ᠨᠤᠷᠫᠢᠯ᠂ ᠲᠤᠷᠵᠢᠵᠠᠪ ᠵᠡᠷᠭᠡ ᠮᠤᠩᠭᠤᠯ ᠡᠮᠴᠢ ᠨᠠᠷ ᠲᠠᠢ ᠬᠠᠮᠳᠤᠷᠠᠵᠤ ᠰᠠᠶᠢᠨ ᠲᠤᠷ᠎ᠠ ᠠᠴᠠ ᠪᠠᠨ

ᠪᠡᠯᠡ  ᠬᠤᠷᠠᠮᠳᠤᠭᠤᠯᠤᠨ ᠮᠤᠩᠭᠤᠯ ᠡᠮᠨᠡᠯᠬᠡ ᠭᠠᠷᠭᠠᠵᠤ᠂  ᠡᠪᠡᠰᠦᠨ ᠡᠮ ᠲᠡᠬᠦᠵᠦ  ᠨᠠᠶᠢᠷᠠᠭᠤᠯᠤᠭᠠᠳ᠂ ᠮᠠᠯᠴᠢᠨ

ᠲᠦᠮᠡᠨ   ᠤ ᠡᠪᠡᠳᠴᠢᠨ ᠲᠠᠬᠤᠯ ᠢ ᠦᠨ᠎ᠡ ᠦᠷᠳᠡᠭ ᠦᠬᠡᠢ ᠪᠠᠷ ᠡᠮᠴᠢᠯᠡᠵᠦ ᠪᠠᠶᠢᠪᠠ᠃ 1957 ᠤᠨ ᠳᠤ

ᠲᠠᠶᠢᠹᠤᠰᠧ ᠵᠡᠬᠦᠨ ᠬᠤᠰᠢᠭᠤᠨ ᠤ ᠮᠤᠩᠭᠤᠯ ᠡᠮᠨᠡᠯᠬᠡ ᠪᠠᠶᠢᠭᠤᠯᠤᠭᠳᠠᠬᠤ ᠳᠤ ᠡᠷᠬᠢᠯᠡᠭᠴᠢ ᠡᠮᠴᠢ ᠪᠠᠷ ᠠᠵᠢᠯᠯᠠᠵᠤ

ᠪᠠᠶᠢᠭᠰᠠᠨ ᠪᠦᠬᠡᠳ ᠲᠡᠷᠢᠬᠦᠨ ᠤ ᠠᠵᠢᠯᠳᠠᠨ ᠢᠶᠠᠷ ᠤᠯᠠᠨ ᠤᠳᠠᠭ᠎ᠠ ᠬᠦᠬᠢᠬᠦᠯᠦᠭᠳᠡᠨ ᠰᠠᠶᠢᠰᠢᠶᠠᠭᠳᠠᠪᠠ᠃ ︽ᠠᠷᠪᠠᠨ

ᠵᠢᠯ ᠤᠨ ᠰᠠᠮᠠᠭᠤᠷᠠᠯ︾ ᠲᠤᠮᠳᠠ ᠬᠦᠳᠡᠭᠡ ᠬᠡᠷ ᠲᠤᠨᠢ  ᠬᠦᠬᠡᠬᠡᠵᠦ ᠶᠠᠪᠤᠭᠤᠯᠤᠭᠠᠳ ᠬᠦᠳᠡᠯᠮᠦᠷᠢ ᠬᠢᠯᠬᠡᠵᠦ᠂  

1975 ᠤᠨ ᠳᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ ᠨᠡᠷ᠎ᠡ ᠬᠦᠨᠳᠦ ᠶᠢ ᠨᠢ ᠰᠡᠷᠬᠦᠭᠡᠵᠦ᠂

ᠡᠮᠴᠢᠯᠡᠬᠦ ᠠᠵᠢᠯ ᠢ ᠨᠢ ᠬᠢᠯᠬᠡᠵᠡᠢ᠃ 1975 — 1979 ᠤᠨ ᠤ ᠬᠤᠭᠤᠴᠠᠭᠠᠨ ᠳᠤ᠂ ᠡᠮᠨᠡᠯᠬᠡ ᠶᠢᠨ ᠬᠤᠷᠢᠶᠠᠨ

 ᠤ ᠪᠠᠨ ᠨᠠᠶᠢᠳᠠᠯᠭ᠎ᠠ ᠪᠠᠷ ᠴᠢᠩᠪᠠᠳᠤ᠂ ᠰᠤᠶᠤᠯᠳᠤ  ᠬᠤᠶᠠᠷ ᠵᠠᠯᠠᠭᠤ ᠶᠢ ᠲᠠᠭᠠᠭᠤᠯᠤᠨ ᠡᠮᠨᠡᠯᠬᠡ ᠶᠢᠨ ᠤᠬᠠᠭᠠᠨ

ᠵᠢᠭᠠᠵᠤ ᠪᠠᠶᠢᠪᠠ᠃  ᠡᠨᠡ  ᠬᠤᠶᠠᠷ ᠰᠤᠷᠤᠭᠴᠢ ᠰᠡᠬᠦᠯᠡᠷ ᠨᠢ ᠪᠦᠷ ᠰᠠᠶᠢᠨ ᠡᠮᠴᠢ ᠪᠤᠯᠵᠤ᠂ ᠲᠠᠶᠢᠹᠤᠰᠧ

ᠬᠤᠰᠢᠭᠤᠨ ᠤ ᠮᠤᠩᠭᠤᠯ ᠡᠮᠨᠡᠯᠬᠡ   ᠶᠢᠨ ᠨᠢᠷᠤᠭᠤᠪᠴᠢ ᠬᠦᠴᠦᠨ ᠪᠤᠯᠤᠭᠰᠠᠨ ᠪᠠᠶᠢᠪᠠ᠃

 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号