ᠲᠠᠩᠵᠢᠨᠵᠠᠮᠰᠤ
ᠨᠡᠶᠢᠲᠡᠯᠡᠭᠰᠡᠨ ᠴᠠᠭ᠄
2018/11/27

ᠲᠠᠩᠵᠢᠨᠵᠠᠮᠰᠤ ︵1924 —1983︶᠂ ᠲᠠᠶᠢᠹᠤᠰᠧ ᠵᠡᠬᠦᠨ ᠭᠠᠷ ᠰᠦᠷᠦᠭ ᠤᠨ ᠬᠦᠪᠡᠭᠡᠳᠦ ᠰᠢᠷ᠎ᠠ

ᠬᠤᠰᠢᠭᠤᠨ ᠤ ᠬᠦᠮᠦᠨ᠃  ᠵᠠᠯᠠᠭᠤ ᠳᠠᠭᠠᠨ ᠴᠠᠬᠠᠷ  ᠴᠢᠭᠤᠯᠭᠠᠨ ᠤ ᠵᠠᠩᠪᠸᠢ ᠶᠢᠨ ᠮᠤᠩᠭᠤᠯ  ᠵᠠᠯᠠᠭᠤᠰ ᠤᠨ

ᠰᠤᠷᠭᠠᠭᠤᠯᠢ ᠳᠤ ᠰᠤᠷᠤᠯᠴᠠᠵᠤ ᠪᠠᠶᠢᠪᠠ᠃ 1949 ᠤᠨ ᠳᠤ ᠴᠠᠬᠠᠷ ᠠᠶᠢᠮᠠᠭ ᠠᠴᠠ ᠡᠷᠬᠢᠯᠡᠭᠰᠡᠨ ᠰᠢᠯᠤᠭᠤᠨ

ᠬᠦᠪᠡᠭᠡᠳᠦ ᠴᠠᠭᠠᠨ ᠬᠤᠰᠢᠭᠤᠨ ᠤ ᠪᠤᠷᠤᠲᠤᠯᠤᠭᠠᠢ ᠶᠢᠨ ᠰᠦᠮ᠎ᠡ ᠳᠤ ᠪᠤᠯᠤᠭᠰᠠᠨ ᠺᠠᠳᠠᠷᠴᠤᠳ ᠤᠨ ᠪᠤᠯᠪᠠᠰᠤᠷᠠᠯ

 ᠤᠨ ᠠᠩᠬᠢ ᠳᠤ ᠰᠤᠷᠤᠯᠴᠠᠵᠤ᠂ ᠲᠡᠬᠦᠰᠦᠭᠰᠡᠨ ᠤ ᠪᠠᠨ ᠲᠠᠷᠠᠭ᠎ᠠ ᠲᠤᠬᠠᠢ ᠶᠢᠨ ᠦᠶ᠎ᠡ ᠶᠢᠨ  ᠮᠢᠩᠭᠠᠨ ᠲᠠᠶᠢᠹᠤᠰᠧ

ᠬᠤᠯᠪᠤᠭᠠᠳᠤ ᠬᠤᠰᠢᠭᠤᠨ ᠤ ᠪᠤᠱᠤᠤᠳᠠᠢ ᠪᠠᠭ᠎ᠠ ᠰᠤᠷᠭᠠᠭᠤᠯᠢ ᠳᠤ ᠪᠠᠭᠰᠢᠯᠠᠪᠠ᠃ 1952 ᠤᠨ ᠠᠴᠠ 1963

ᠤᠨ ᠬᠦᠷᠳᠡᠯ᠎ᠡ ᠰᠢᠯᠤᠭᠤᠨ ᠬᠦᠪᠡᠭᠡᠳᠦ ᠴᠠᠭᠠᠨ ᠬᠤᠰᠢᠭᠤᠨ ᠤ ᠶᠠᠮᠤᠨ ᠨᠠᠭᠤᠷ ᠤᠨ ᠪᠠᠭ᠎ᠠ ᠰᠤᠷᠭᠠᠭᠤᠯᠢ ᠶᠢᠨ

ᠵᠠᠬᠢᠷᠤᠯ ᠤᠨ ᠠᠵᠢᠯ ᠢ ᠬᠠᠷᠢᠭᠤᠴᠠᠵᠤ᠂ 1963 ᠤᠨ ᠳᠤ ᠰᠢᠯᠤᠭᠤᠨ ᠬᠦᠪᠡᠭᠡᠳᠦ ᠴᠠᠭᠠᠨ ᠬᠤᠰᠢᠭᠤᠨ ᠤ

ᠰᠤᠷᠭᠠᠨ ᠬᠦᠮᠦᠵᠢᠯ ᠤᠨ ᠲᠤᠪᠴᠢᠶᠠᠨ ᠲᠠᠷᠤᠭ᠎ᠠ ᠪᠠᠷ  ᠲᠤᠮᠢᠯᠠᠭᠳᠠᠨ ᠠᠵᠢᠯᠯᠠᠵᠤ᠂ 1964 ᠤᠨ ᠳᠤ ᠠᠪᠠᠭ᠎ᠠ

ᠬᠤᠰᠢᠭᠤᠨ ᠤ ᠰᠢᠯᠵᠢᠨ ᠰᠤᠷᠭᠠᠨ ᠬᠦᠮᠦᠵᠢᠯ ᠤᠨ ᠲᠤᠪᠴᠢᠶᠠᠨ ᠲᠠᠷᠤᠭ᠎ᠠ ᠪᠠᠷ ᠠᠵᠢᠯᠯᠠᠵᠠᠢ᠃  ︽ᠰᠤᠶᠤᠯ ᠤᠨ

ᠬᠤᠪᠢᠰᠬᠠᠯ︾ ᠤᠨ ᠲᠤᠮᠳᠠ ᠬᠢᠯᠢᠰ ᠢᠶᠠᠷ ᠴᠤᠬᠢᠭᠳᠠᠵᠤ᠂ ᠡᠯᠳᠡᠪ ᠵᠦᠢᠯ ᠤᠨ ᠲᠠᠮᠤᠯᠠᠯ ᠲᠠᠷᠴᠢᠯᠭᠠᠯ ᠢ ᠠᠮᠰᠠᠨ᠂

ᠪᠡᠶ᠎ᠡ ᠮᠠᠬᠠᠪᠤᠳ ᠨᠢ ᠵᠡᠮᠳᠡᠭ ᠪᠤᠯᠤᠭᠰᠠᠨ ᠤᠴᠢᠷ ᠠᠴᠠ 1969 ᠤᠨ ᠳᠤ ᠠᠷᠭ᠎ᠠ ᠪᠤᠰᠤ ᠠᠵᠢᠯ ᠠᠴᠠ ᠪᠠᠨ

ᠠᠮᠠᠷᠠᠪᠠ᠃ ᠲᠠᠩᠵᠢᠨᠵᠠᠮᠰᠤ ᠶᠠᠮᠤᠨ ᠨᠠᠭᠤᠷ ᠪᠠᠭ᠎ᠠ ᠰᠤᠷᠭᠠᠭᠤᠯᠢ ᠶᠢᠨ ᠵᠠᠬᠢᠷᠤᠯ ᠤᠨ ᠠᠵᠢᠯ ᠢ ᠬᠠᠷᠢᠭᠤᠴᠠᠵᠤ ᠪᠠᠶᠢᠬᠤ

ᠬᠤᠭᠤᠴᠠᠭᠠᠨ ᠳᠤ  ᠲᠤᠰ ᠰᠤᠷᠭᠠᠭᠤᠯᠢ ᠨᠢ ᠠᠶᠢᠮᠠᠭ ᠪᠠ ᠬᠤᠰᠢᠭᠤᠨ ᠤ ᠲᠡᠷᠢᠬᠦᠨ ᠤ ᠪᠠᠭ᠎ᠠ ᠰᠤᠷᠭᠠᠭᠤᠯᠢ ᠪᠠᠷ

ᠦᠨᠡᠯᠡᠭᠳᠡᠵᠦ  ᠂  ᠦᠪᠡᠷ ᠤᠨ ᠪᠡᠶ᠎ᠡ ᠨᠢ ᠴᠤ ᠰᠤᠷᠭᠠᠨ ᠬᠦᠮᠦᠵᠢᠯ ᠤᠨ ᠵᠢᠳᠬᠦᠯᠳᠡᠨ ᠢᠶᠠᠷ  ᠬᠦᠬᠢᠬᠦᠯᠦᠭᠳᠡᠭᠰᠡᠨ

ᠪᠠᠶᠢᠨ᠎ᠠ᠃

 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号