ᠲᠠᠮᠷᠢᠨᠵᠠᠪ
ᠨᠡᠶᠢᠲᠡᠯᠡᠭᠰᠡᠨ ᠴᠠᠭ᠄
2018/11/27

  ᠲᠠᠮᠷᠢᠨᠵᠠᠪ ︵1890 — 1938︶  ᠂ ᠲᠠᠶᠢᠹᠤᠰᠧ ᠵᠡᠬᠦᠨ ᠭᠠᠷ ᠰᠦᠷᠦᠭ ᠤᠨ ᠬᠦᠪᠡᠭᠡᠳᠦ ᠴᠠᠭᠠᠨ

ᠬᠤᠰᠢᠭᠤᠨ ᠤ ᠬᠠᠰᠢᠶᠠᠳᠤ ᠶᠢᠨ ᠬᠦᠮᠦᠨ᠂  ᠵᠡᠬᠦᠨ ᠭᠠᠷ ᠲᠠᠶᠢᠹᠤᠰᠧ ᠤᠨ ᠲᠡᠦᠬᠡᠨ ᠳᠤ ᠨᠡᠷ᠎ᠡ ᠨᠦᠯᠦᠬᠡ ᠲᠠᠢ

ᠠᠮᠪᠠᠨ ᠤ ᠨᠢᠬᠡ᠃  ᠪᠠᠭ᠎ᠠ ᠶᠢᠨ ᠨᠡᠷ᠎ᠡ ᠨᠢ ᠴᠠᠭᠠᠨᠬᠦᠦ ᠭᠡᠳᠡᠭ ᠪᠤᠯᠬᠤᠷ ᠨᠤᠳᠤᠭ ᠤᠨ ᠬᠦᠮᠦᠰ ᠲᠡᠬᠦᠨ ᠢ ︽ᠴᠠ᠊

ᠠᠮᠪᠠᠨ︾ ᠬᠡᠵᠦ ᠲᠠᠭᠤᠳᠠᠳᠠᠭ᠃  ᠪᠠᠭ᠎ᠠ ᠠᠴᠠ ᠪᠠᠨ ᠰᠤᠷᠴᠤ ᠰᠤᠳᠤᠯᠬᠤ ᠲᠤᠷᠠᠳᠠᠢ᠂ ᠮᠤᠩᠭᠤᠯ᠂ ᠮᠠᠨᠵᠤ᠂

ᠬᠢᠳᠠᠳ ᠬᠡᠯᠡ ᠳᠤ ᠨᠡᠪᠳᠡᠷᠡᠭᠰᠡᠨ ᠡᠷᠳᠡᠮ ᠲᠠᠢ ᠬᠦᠮᠦᠨ ᠪᠦᠬᠡᠳ ᠠᠷᠠᠳᠴᠢᠯᠠᠭᠰᠠᠨ ᠲᠠᠪᠰᠢᠩᠭᠤᠢ ᠦᠵᠡᠯ ᠲᠠᠢ

ᠬᠦᠮᠦᠨ ᠪᠠᠶᠢᠵᠠᠢ᠃ ᠢᠷᠭᠡᠨ ᠤᠯᠤᠰ ᠤᠨ ᠠᠷᠪᠠᠨ ᠭᠤᠷᠪᠠᠳᠤᠭᠠᠷ ᠤᠨ ︵1914︶ ᠳᠤ ᠪᠦᠬᠦᠳᠡ ᠶᠢ ᠵᠠᠬᠢᠷᠬᠤ

ᠨᠡᠶᠢᠳᠡ ᠶᠢᠨ ᠲᠠᠷᠤᠭ᠎ᠠ ᠶᠢ ᠬᠦᠴᠦᠨ ᠦᠬᠡᠢ ᠪᠤᠯᠭᠠᠨ᠂ ᠲᠠᠶᠢᠹᠤᠰᠧ ᠵᠡᠬᠦᠨ ᠪᠠᠷᠠᠭᠤᠨ ᠬᠤᠶᠠᠷ ᠭᠠᠷ ᠰᠦᠷᠦᠭ ᠢ

ᠬᠤᠶᠠᠷ ᠭᠠᠷ ᠤᠨ ᠠᠳᠤᠭᠤᠨ ᠰᠦᠷᠦᠭ ᠤᠨ ᠮᠠᠯᠵᠢᠯ ᠤᠨ ᠲᠠᠯᠠᠪᠠᠢ ᠬᠡᠵᠦ ᠦᠬᠡᠷᠡᠴᠢᠯᠡᠬᠦ ᠦᠶ᠎ᠡ ᠳᠤ᠂  ᠪᠠᠷᠠᠭᠤᠨ

ᠭᠠᠷ ᠲᠠᠶᠢᠹᠤᠰᠧ ᠤᠨ ᠠᠮᠪᠠᠨ ᠪᠠᠶᠢᠭᠰᠠᠨ ᠲᠠᠮᠷᠢᠨᠵᠠᠪ ᠮᠠᠯᠵᠢᠯ ᠤᠨ ᠲᠠᠯᠠᠪᠠᠢ ᠶᠢᠨ ᠵᠢᠩᠬᠢᠨᠢ ᠲᠠᠷᠤᠭ᠎ᠠ ᠶᠢᠨ ᠲᠤᠰᠢᠶᠠᠯ

 ᠳᠤ ᠲᠡᠪᠰᠢᠭᠡᠳ᠂ ᠰᠡᠬᠦᠯᠡᠷ ᠨᠢ ᠪᠡᠭᠡᠵᠢᠩ ᠳᠤ ᠤᠴᠢᠵᠤ ᠤᠮᠠᠷᠠᠳᠤ ᠶᠢᠨ ᠵᠠᠰᠠᠭ ᠤᠨ ᠭᠠᠵᠠᠷ ᠲᠤ ᠮᠤᠩᠭᠤᠯ

ᠲᠦᠪᠡᠳ ᠤᠨ ᠭᠡᠰᠢᠬᠦᠳ ᠤᠨ ᠬᠤᠷᠠᠯ ᠳᠤ ᠭᠡᠰᠢᠬᠦᠨ ᠪᠤᠯᠪᠠ᠃  ︽9.18︾ ᠤ ᠭᠡᠷᠡᠭ ᠬᠤᠪᠢᠰᠤᠯ ᠠᠴᠠ

ᠬᠤᠶᠢᠰᠢ᠂ ᠲᠠᠮᠷᠢᠨᠵᠠᠪ ᠮᠤᠩᠭᠤᠯ ᠠᠶᠢᠮᠠᠭ ᠬᠤᠰᠢᠭᠤᠳ ᠤᠨ ᠪᠡᠭᠡᠵᠢᠩ ᠳᠤ ᠰᠠᠭᠤᠭ᠎ᠠ ᠬᠠᠮᠳᠤᠷᠠᠭᠰᠠᠨ ᠭᠡᠷᠡᠭ

ᠡᠷᠬᠢᠯᠡᠬᠦ ᠭᠠᠵᠠᠷ ᠤᠨ ᠲᠠᠷᠤᠭ᠎ᠠ ᠪᠠᠶᠢᠭᠰᠠᠨ ᠪᠦᠬᠡᠳ ᠡᠤ ᠶᠤᠸᠠᠢ ᠴᠢᠩ ᠤᠨ ᠬᠠᠮᠳᠤ ᠳ᠋ᠧ ᠸᠠᠩ ᠤᠨ ᠲᠤᠮᠢᠯᠠᠯᠳᠠ

 ᠪᠠᠷ ᠨᠠᠨᠵᠢᠩ ᠳᠤ ᠬᠦᠷᠴᠦ᠂ ᠦᠪᠦᠷ ᠮᠤᠩᠭᠤᠯ ᠤᠨ ︽ᠲᠡᠭᠡᠳᠦ ᠬᠡᠮᠵᠢᠶ᠎ᠡ ᠪᠠᠷ ᠦᠪᠡᠷᠳᠡᠭᠡᠨ ᠵᠠᠰᠠᠬᠤ︾ ᠶᠠᠪᠤᠳᠠᠯ ᠢ

ᠭᠤᠶᠤᠴᠢᠯᠠᠵᠤ᠂ ᠳ᠋ᠧ ᠸᠠᠩ ᠢ ᠶᠡᠭᠡ ᠪᠠᠷ ᠡᠷᠬᠦᠨ ᠤᠬᠠᠭᠤᠯᠵᠤ᠂ ᠦᠪᠦᠷ ᠮᠤᠩᠭᠤᠯ ᠤᠨ ᠪᠦᠬᠦ ᠡᠷᠭᠡ ᠶᠢ ᠳ᠋ᠧ ᠸᠠᠩ

 ᠳᠤ ᠠᠳᠬᠤᠭᠤᠯᠬᠤ ᠪᠠᠷ ᠴᠢᠷᠮᠠᠶᠢᠵᠤ ᠪᠠᠶᠢᠪᠠ᠃ ᠢᠷᠭᠡᠨ ᠤᠯᠤᠰ ᠤᠨ ᠬᠤᠷᠢᠭᠠᠳ ᠤᠨ ᠤ ᠦᠶ᠎ᠡ ᠪᠠᠷ᠂

ᠷᠠᠰᠢᠪᠠᠯᠪᠠᠷ ᠨᠠᠷ ᠵᠡᠬᠦᠨ ᠭᠠᠷ ᠲᠠᠶᠢᠹᠤᠰᠧ ᠳᠤ ᠰᠢᠨ᠎ᠡ ᠠᠷᠠᠳ ᠤᠨ ᠭᠤᠷᠪᠠᠨ ᠦᠵᠡᠯ ᠢ ᠤᠬᠠᠭᠤᠯᠬᠤ ᠬᠦᠳᠡᠯᠭᠡᠭᠡᠨ

ᠦᠷᠨᠢᠬᠦᠯᠬᠦ ᠳᠤ ᠲᠠᠮᠷᠢᠨᠵᠠᠪ ᠢᠳᠡᠪᠬᠢᠳᠡᠢ ᠲᠡᠮᠵᠢᠯᠬᠡ ᠦᠵᠡᠬᠦᠯᠵᠦ  ᠪᠠᠶᠢᠵᠠᠢ᠃ ᠲᠡᠷᠡᠪᠡᠷ ᠪᠦᠬᠦ ᠬᠤᠰᠢᠭᠤᠨ ᠤ

ᠨᠤᠶᠠᠳ ᠲᠤᠰᠢᠶᠠᠯᠳᠠᠳ ᠤᠨ ᠬᠤᠷᠠᠯᠳᠤᠭᠠᠨ ᠲᠡᠭᠡᠷ᠎ᠡ ︽ᠤᠳᠤ ᠬᠦᠮᠦᠨ ᠪᠦᠬᠦᠨ ᠡᠷᠭᠡ ᠲᠡᠭᠰᠢ ᠲᠡᠩ ᠰᠠᠴᠠᠭᠤ᠂  

ᠶᠠᠮᠠᠷ ᠬᠦᠮᠦᠨ ᠴᠤ ᠭᠡᠳ ᠨᠤᠶᠠᠳ ᠲᠤᠰᠢᠶᠠᠯᠳᠠᠨ ᠤ ᠵᠡᠷᠭᠡ ᠭᠡᠷᠬᠢᠮ ᠢ ᠨᠢ ᠬᠦᠨᠳᠦᠳᠭᠡᠨ ᠲᠠᠭᠤᠳᠠᠬᠤ ᠭᠡᠷᠡᠭ ᠦᠬᠡᠢ

᠂ ᠬᠤᠭᠤᠷᠤᠨᠳᠤ ᠪᠠᠨ ᠪᠦᠷ ᠨᠦᠬᠦᠷ ᠲᠠᠭᠤᠳᠠᠪᠠᠯ ᠪᠤᠯᠴᠢᠬᠠᠨ᠎ᠠ︾ ᠭᠡᠵᠦ ᠶᠠᠷᠢᠳᠠᠭ  ᠪᠦᠬᠡᠳ ᠱᠠᠰᠢᠨ ᠰᠤᠷᠳᠠᠬᠤᠨ ᠤ

ᠮᠤᠬᠤᠷ ᠪᠢᠰᠢᠷᠡᠯ ᠢ ᠡᠰᠡᠷᠬᠦᠴᠡᠨ᠂ ᠯᠠᠮᠠ  ᠨᠠᠷ ᠬᠤᠷᠠᠯ ᠬᠤᠷᠠᠬᠤ ᠶᠢ ᠵᠤᠭᠰᠤᠭᠠᠵᠤ᠂ ᠨᠤᠮ ᠬᠦᠷᠢᠮ  ᠬᠢᠬᠦ ᠶᠢ

ᠬᠤᠷᠢᠭᠯᠠᠵᠤ ᠪᠠᠶᠢᠪᠠ᠃ ᠡᠬᠦᠨ ᠠᠴᠠ ᠦᠵᠡᠬᠦ ᠳᠤ᠂ ᠲᠤᠬᠠᠢ ᠶᠢᠨ ᠦᠶ᠎ᠡ ᠳᠤ ᠰᠦᠨ ᠵᠦᠩ ᠱᠠᠨ ᠠᠪᠤᠭᠠᠢ ᠶᠢᠨ

ᠠᠷᠠᠳᠴᠢᠯᠠᠬᠤ ᠦᠵᠡᠯ ᠤᠨ ᠨᠦᠯᠦᠬᠡ ᠶᠢ  ᠨᠡᠯᠢᠶᠡᠳ ᠬᠦᠨ ᠬᠦᠷᠳᠡᠭᠰᠡᠨ ᠨᠢ ᠢᠯᠡᠬᠡᠨ ᠪᠠᠶᠢᠭ᠎ᠠ᠃ 1936 ᠤᠨ

 ᠳᠤ ᠴᠠᠬᠠᠷ ᠴᠢᠭᠤᠯᠭᠠᠨ ᠪᠠᠶᠢᠭᠤᠯᠤᠭᠳᠠᠬᠤ ᠳᠤ ᠲᠡᠳ᠋ ᠴᠢᠭᠤᠯᠭᠠᠨ ᠲᠠᠷᠤᠭ᠎ᠠ ᠪᠤᠯᠵᠤ᠂ 1937 ᠤᠨ ᠳᠤ ᠲᠠᠶᠢᠨ

ᠲᠠᠵᠢᠨ ᠤ ᠬᠦᠯ ᠠᠴᠠ ᠵᠠᠶᠢᠯᠠᠵᠤ᠂ ᠪᠤᠷᠬᠠᠨ ᠤ ᠤᠷᠤᠨ ᠤᠳᠠᠢ ᠳᠤ ᠤᠴᠢᠵᠤ ᠰᠠᠭᠤᠭᠠᠳ  ᠲᠠᠷᠠᠭ᠎ᠠ ᠵᠢᠯ ᠨᠢ ᠨᠠᠰᠤ

ᠪᠠᠷᠠᠵᠠᠢ᠃

 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号