ᠪᠦᠬᠦ ᠤᠷᠤᠨ ᠳᠤ ᠴᠤᠷ ᠤᠨ ᠭᠠᠭᠴᠠ ᠬᠠᠭᠠᠨ ᠤ ᠠᠳᠤᠭᠤᠨ ᠰᠤᠶᠤᠯ ᠢᠶᠠᠷ ᠭᠤᠤᠯ ᠰᠡᠳᠦᠪ ᠪᠤᠯᠭᠠᠭᠰᠠᠨ | ᠤᠯᠤᠰ ᠤᠨ 4A ᠲᠡᠰ ᠤᠨ ᠵᠢᠭᠤᠯᠴᠢᠯᠠᠯ ᠤᠨ ᠤᠷᠤᠨ ᠪᠤᠯᠬᠤ ᠲᠠᠶᠢᠹᠤᠰᠧ ᠬᠤᠰᠢᠭᠤᠨ ᠤ ︽ᠬᠠᠭᠠᠨ ᠤ | ᠠᠳᠤᠭᠤᠨ ᠵᠤᠰᠠᠭᠠᠯ ︾ ᠵᠢᠭᠤᠯᠴᠢᠯᠠᠯ ᠤᠨ ᠤᠷᠤᠨ ᠨᠢ ᠲᠠᠶᠢᠹᠤᠰᠧ ᠬᠤᠰᠢᠭᠤᠨ ᠤ ᠲᠦᠪ ᠪᠤᠤᠴᠠᠩ ᠪᠠᠯᠭᠠᠰᠤ | ᠠᠴᠠ 25 ᠺᠢᠯᠤᠮᠧᠲᠷ ᠵᠠᠶᠢᠳᠠᠢ ᠬᠦᠨᠪᠤᠯᠠᠭ ᠰᠤᠮᠤᠨ ᠳᠤ ᠪᠠᠶᠢᠷᠢᠯᠠᠵᠤ ᠪᠤᠢ᠃ ᠵᠢᠭᠤᠯᠴᠢᠯᠠᠯ ᠤᠨ ᠤᠷᠤᠨ ᠤ | ᠶᠡᠷᠦᠩᠭᠡᠢ ᠲᠠᠯᠠᠪᠠᠢ 1.5 ᠲᠦᠮᠡᠨ ᠮᠤ᠋᠃ ᠲᠤᠰ ᠵᠢᠭᠤᠯᠴᠢᠯᠠᠯ ᠤᠨ ᠤᠷᠤᠨ ᠨᠢ ᠵᠢᠭᠤᠯᠴᠢᠯᠠᠭᠴᠢᠳ ᠤᠨ | ᠱᠠᠭᠠᠷᠳᠠᠯᠭ᠎ᠠ ᠶᠢ ᠬᠦᠢᠴᠡᠳ ᠬᠠᠩᠭᠠᠬᠤ ᠪᠠᠷ ᠬᠠᠷᠠᠯᠳᠠ ᠪᠤᠯᠭᠠᠨ ᠂ ︽ᠬᠠᠭᠠᠨ ᠤ ᠠᠳᠤᠭᠤᠨ ᠰᠤᠶᠤᠯ᠂ᠬᠠᠭᠠᠨ ᠤ | ᠠᠳᠤᠭᠤᠨ ᠤ ᠦᠢᠯᠡᠰ︾ ᠢᠶᠠᠷ ᠭᠤᠤᠯ ᠰᠡᠳᠦᠪ ᠪᠤᠯᠭᠠᠵᠤ ᠂ᠠᠷᠪᠠᠭᠠᠳ ᠵᠢᠯ ᠤᠨ ᠪᠦᠳᠦᠭᠡᠨ ᠪᠠᠶᠢᠭᠤᠯᠤᠯᠳᠠ ᠪᠠᠷ | ᠲᠠᠮᠵᠢᠭᠠᠳ ᠂ᠤᠳᠤ ᠪᠤᠯᠬᠤ ᠳᠤ ᠲᠤᠭᠤᠷᠢᠨ ᠵᠤᠭᠠᠴᠠᠬᠤ ᠂ᠨᠠᠭᠠᠳᠴᠤ ᠴᠡᠩᠬᠡᠬᠦ ᠂ᠤᠷᠤᠯᠳᠤᠭᠠᠨ ᠨᠠᠭᠠᠳᠤᠮ | ᠡᠷᠬᠢᠯᠡᠬᠦ ᠂ᠠᠳᠤᠭᠤᠨ ᠰᠤᠶᠤᠯ ᠢ ᠤᠶᠢᠯᠠᠭᠠᠬᠤ᠂ᠰᠢᠯᠢᠳᠡᠭ ᠡᠬᠦᠯᠳᠡᠷ ᠤᠨ ᠠᠳᠤᠭᠤ ᠮᠠᠯᠵᠢᠬᠤ ᠪᠠ ᠪᠤᠶᠢᠵᠢᠭᠤᠯᠬᠤ | ᠂ᠨᠤᠳᠤᠭ ᠤᠨ ᠭᠠᠷᠤᠯᠳᠠ ᠪᠤᠷᠤᠯᠠᠭᠤᠯᠬᠤ ᠵᠢᠴᠢ ᠢᠳᠡᠭᠡᠨ ᠤᠮᠳᠠᠭᠠᠨ ᠂ᠬᠤᠨᠤᠭ ᠰᠠᠭᠤᠴᠠ ᠶᠢ | ᠤᠶᠠᠯᠳᠤᠭᠤᠯᠤᠭᠰᠠᠨ ᠵᠤᠭᠠᠴᠠᠯ ᠤᠨ ᠲᠤᠮᠤ ᠦᠵᠡᠮᠵᠢᠳᠦ ᠴᠡᠭ ᠪᠤᠯᠤᠨ ᠬᠦᠭᠵᠢᠭᠡᠳ ᠂ᠲᠠᠶᠢᠹᠤᠰᠧ ᠬᠤᠰᠢᠭᠤᠨ | ᠤ ᠲᠤᠯᠤᠭᠠᠶᠢᠯᠠᠭᠴᠢ ᠠᠵᠤ ᠠᠬᠤᠶᠢᠯᠠᠯ ᠤᠨ ᠨᠢᠬᠡ ᠪᠤᠯᠤᠭᠰᠠᠨ ᠪᠤᠯᠬᠤ ᠶᠤᠮ᠃ | ᠦᠪᠡᠷᠳᠡᠭᠡᠨ ᠵᠠᠰᠠᠬᠤ ᠤᠷᠤᠨ ᠤ ︽ᠲᠦᠷᠪᠡᠨ ᠤᠯᠠᠷᠢᠯ ᠤᠨ ᠵᠢᠭᠤᠯᠴᠢᠯᠠᠯ ᠡᠷᠬᠢᠯᠡᠬᠦ ︾ ᠤᠷᠢᠶᠠᠯᠠᠭ᠎ᠠ ᠶᠢ | ᠲᠠᠭᠠᠵᠤ ᠂ᠡᠪᠦᠯ ᠤᠨ ᠤᠯᠠᠷᠢᠯ ᠤᠨ ᠵᠢᠭᠤᠯᠴᠢᠯᠠᠯ ᠤᠨ ᠠᠭᠤᠯᠭ᠎ᠠ ᠶᠢ ᠤᠯᠠᠮ ᠪᠠᠶᠠᠯᠢᠬᠵᠢᠭᠤᠯᠤᠨ ᠂ᠵᠢᠭᠤᠯᠴᠢᠯᠠᠯ | ᠤᠨ ᠴᠢᠨᠠᠷ ᠴᠢᠨᠰᠠᠭ᠎ᠠ ᠶᠢ ᠴᠢᠨᠠᠭᠰᠢᠳᠠ ᠰᠠᠶᠢᠵᠢᠷᠠᠭᠤᠯᠬᠤ ᠶᠢᠨ ᠲᠦᠯᠦᠬᠡ ᠂ᠲᠤᠰ ᠵᠢᠭᠤᠯᠴᠢᠯᠠᠯ ᠤᠨ ᠤᠷᠤᠨ ᠨᠢ | ᠲᠤᠯᠠᠭᠠᠯᠠᠭ᠎ᠠ ᠂ ᠵᠠᠮ ᠬᠤᠭᠤᠯᠠᠨ ᠭᠡᠷ ᠂ᠵᠤᠴᠢᠳ ᠤᠨ ᠪᠠᠭᠤᠳᠠᠯ ᠂ᠲᠡᠷᠭᠡ ᠭᠡᠯᠪᠡᠷᠢᠳᠦ ᠮᠤᠩᠭᠤᠯ ᠭᠡᠷ ᠂ | ᠽᠧᠮᠧᠨ᠋ᠲ ᠪᠦᠳᠦᠴᠡᠳᠦ ᠮᠤᠩᠭᠤᠯ ᠭᠡᠷ ᠂ᠠᠳᠤᠭᠤᠨ ᠤ ᠬᠤᠷᠤᠭ᠎ᠠ ᠬᠠᠰᠢᠶ᠎ᠠ ᠵᠡᠷᠭᠡ ᠰᠠᠭᠤᠷᠢ ᠲᠦᠬᠦᠭᠡᠷᠦᠮᠵᠢ ᠪᠠᠨ | ᠪᠦᠬᠦᠨ ᠢ ᠲᠡᠰ ᠲᠡᠪᠰᠢᠬᠦᠯᠵᠦ ᠦᠬᠡᠷᠡᠴᠢᠯᠡᠨ ᠪᠠᠶᠢᠭᠤᠯᠤᠭᠰᠠᠨ ᠪᠠᠶᠢᠨ᠎ᠠ᠃ ᠡᠨᠡ ᠵᠢᠯ ᠪᠠᠰᠠ ᠲᠠᠶᠢᠹᠤᠰᠧ | ᠬᠤᠰᠢᠭᠤᠨ ᠳᠠᠭᠠᠨ ᠠᠩᠬᠠᠳᠤᠭᠴᠢ ᠤᠮᠪᠠᠯᠳᠠ ᠶᠢᠨ ᠤᠷᠳᠤᠨ ᠢ ᠪᠠᠶᠢᠭᠤᠯᠤᠭᠰᠠᠨ ᠪᠦᠬᠡᠳ ᠠᠳᠤᠭᠤᠨ ᠰᠤᠶᠤᠯ ᠢ | ᠤᠶᠢᠯᠠᠭᠠᠬᠤ ᠂ᠮᠤᠷᠢᠨ ᠮᠡᠷᠭᠡᠵᠢᠯ ᠤᠨ ᠲᠤᠭᠯᠠᠯᠳᠠ ᠰᠤᠨᠢᠷᠬᠠᠬᠤ ᠂ᠲᠠᠯ᠎ᠠ ᠨᠤᠳᠤᠭ ᠤᠨ ᠦᠵᠡᠮᠵᠢ ᠶᠢ ᠰᠤᠨᠢᠷᠬᠠᠬᠤ | ᠂ ︽ᠲᠦᠮᠡᠨ ᠠᠭᠳᠠ ᠶᠢᠨ ᠲᠦᠪᠡᠷᠬᠡᠨ︾ ᠤ ᠲᠤᠭᠯᠠᠯᠳᠠ ᠂ ᠺᠢᠨᠤ᠋ ᠦᠵᠡᠬᠦ ᠂ᠤᠰᠤᠨ ᠳᠤ ᠤᠮᠪᠠᠭ᠋ᠤ ᠂ | ᠪᠡᠶ᠎ᠡ ᠪᠤᠯᠪᠠᠰᠤᠷᠠᠬᠤ ᠂SPA ᠂ᠦᠰᠦ ᠵᠠᠰᠠᠵᠤ ᠵᠢᠰᠦ ᠭᠤᠶᠤᠯᠠᠬᠤ ᠂KTV ᠵᠡᠷᠭᠡ ᠠᠮᠠᠷᠠᠯᠳᠠ ᠰᠡᠯᠡᠬᠦᠴᠡᠯ ᠂ | ᠵᠤᠭ᠎ᠠ ᠴᠡᠩᠬᠡᠯ ᠤᠨ ᠲᠦᠬᠦᠭᠡᠷᠦᠮᠵᠢ 30 ᠭᠠᠷᠤᠢ ᠲᠦᠷᠦᠯ ᠳᠤ ᠬᠦᠷᠴᠦ ᠂ᠵᠢᠭᠤᠯᠴᠢᠯᠠᠯ ᠤᠨ ᠠᠭᠤᠯᠭ᠎ᠠ ᠶᠢ | ᠤᠯᠠᠮ ᠡᠯᠪᠡᠭ ᠪᠠᠶᠠᠯᠢᠭ ᠪᠤᠯᠭᠠᠵᠠᠢ᠃ |