ᠸᠠᠩᠴᠢᠨ᠊​ᠳ᠋ᠤᠷᠵᠢ
ᠨᠡᠶᠢᠲᠡᠯᠡᠭᠰᠡᠨ ᠴᠠᠭ᠄
2018/11/28

 ᠸᠠᠩᠴᠢᠨᠳᠤᠷᠵᠢ ︵1914 —︖︶᠂ ᠬᠢᠳᠠᠳ ᠨᠡᠷ᠎ᠡ ᠸᠠᠩ ᠽᠢ ᠴᠧᠩ᠃ ᠲᠠᠶᠢᠹᠤᠰᠧ ᠵᠡᠬᠦᠨ ᠭᠠᠷ ᠰᠦᠷᠦᠭ

᠎ ᠤᠨ ᠬᠦᠯᠦ ᠬᠦᠬᠡ ᠰᠤᠮᠤᠨ ᠤ ᠰᠢᠪᠠᠷᠳᠤ ᠶᠢᠨ ᠬᠦᠮᠦᠨ᠃ ᠬᠤᠷᠢᠳᠤᠭᠠᠷ ᠵᠠᠭᠤᠨ ᠤ ᠭᠤᠴᠢᠭᠠᠳ ᠤᠨ ᠤ ᠦᠶᠡᠰ

᠎ ᠲᠤ ᠴᠢᠭᠤᠯᠤᠯᠳᠤ ᠬᠠᠭᠠᠯᠭ᠎ᠠ ᠳᠠᠬᠢ ᠴᠠᠬᠠᠷ ᠮᠤᠩᠭᠤᠯ ᠤᠨ ᠪᠠᠭᠰᠢ ᠶᠢᠨ ᠰᠤᠷᠭᠠᠭᠤᠯᠢ ᠳᠤ ᠰᠤᠷᠤᠯᠴᠠᠵᠤ᠂ 1939

ᠤᠨ ᠪᠤᠯᠳᠠᠯ᠎ᠠ ᠲᠡᠮᠴᠤᠭᠲᠤᠩᠷᠤᠪ ᠨᠤᠶᠠᠨ ᠤ ᠬᠦᠢ ᠰᠦᠢ ︵ᠤᠳᠤᠬᠢ ᠬᠦᠬᠡᠬᠤᠳᠠ︶ ᠬᠤᠳᠠᠨ᠎ᠠ ᠪᠠᠶᠢᠭᠤᠯᠤᠭᠰᠠᠨ

ᠮᠤᠩᠭᠤᠯ ᠤᠨ ᠲᠡᠭᠡᠳᠦ ᠰᠤᠷᠭᠠᠭᠤᠯᠢ ᠶᠢᠨ ᠬᠤᠰᠢᠭᠤᠳ ᠤᠨ ᠶᠠᠪᠤᠳᠠᠯ ᠢ ᠡᠷᠬᠢᠯᠡᠬᠦ ᠠᠩᠬᠢ ᠳᠤ ᠰᠤᠷᠤᠯᠴᠠᠵᠤ᠂

ᠲᠡᠬᠦᠰᠦᠭᠰᠡᠨ ᠤ ᠲᠠᠷᠠᠭ᠎ᠠ ᠴᠠᠬᠠᠷ ᠠᠶᠢᠮᠠᠭ ᠤᠨ ᠵᠠᠰᠠᠭ ᠤᠨ ᠤᠷᠳᠤᠨ ᠤ ᠨᠠᠷᠢᠨ ᠪᠢᠴᠢᠭ ᠤᠨ ᠰᠠᠯᠠᠭᠠᠨ ᠤ ᠲᠠᠷᠤᠭ᠎ᠠ᠂

ᠮᠤᠩᠭᠤᠯ ᠤᠨ ᠬᠤᠯᠪᠤᠭᠠᠳᠤ ᠦᠪᠡᠷᠳᠡᠭᠡᠨ ᠵᠠᠰᠠᠬᠤ ᠵᠠᠰᠠᠭ ᠤᠨ ᠤᠷᠳᠤᠨ ᠤ ᠮᠠᠯ ᠠᠵᠤ ᠠᠬᠤᠢ ᠶᠢᠨ ᠬᠡᠯᠳᠡᠰ ᠤᠨ

ᠬᠠᠷᠢᠶᠠᠨ ᠳᠠᠬᠢ ᠮᠠᠯ ᠤᠨ ᠡᠬᠦᠯᠳᠡᠷ ᠰᠠᠶᠢᠵᠢᠷᠠᠭᠤᠯᠬᠤ ᠦᠷᠳᠡᠭᠡᠨ ᠤ ᠲᠠᠷᠤᠭ᠎ᠠ ᠵᠡᠷᠭᠡ ᠲᠤᠰᠢᠶᠠᠯ ᠢ ᠬᠠᠷᠢᠭᠤᠴᠠᠵᠤ

ᠪᠠᠶᠢᠪᠠ᠃ ᠡᠨᠡ  ᠬᠤᠭᠤᠴᠠᠭᠠᠨ ᠳᠠᠭᠠᠨ ᠶᠠᠫᠤᠨ ᠤᠯᠤᠰ ᠲᠤ ᠤᠴᠢᠵᠤ᠂ ᠲᠡᠨᠳᠡ ᠠᠴᠠ ᠬᠠᠷᠢ ᠤᠳᠤᠮ ᠲᠠᠢ ᠰᠠᠶᠢᠨ

ᠡᠬᠦᠯᠳᠡᠷ ᠤᠨ ᠪᠤᠬ᠎ᠠ ᠤᠷᠤᠭᠤᠯᠤᠨ᠂ ᠮᠠᠯ ᠤᠨ ᠡᠬᠦᠯᠳᠡᠷ ᠰᠠᠶᠢᠵᠢᠷᠠᠭᠤᠯᠬᠤ ᠠᠵᠢᠯ ᠢ ᠴᠢᠬᠤᠯᠠᠴᠢᠯᠠᠨ ᠠᠳᠬᠤᠭᠠᠳ᠂

ᠨᠤᠳᠤᠭ ᠤᠰᠤᠨ ᠳᠠᠭᠠᠨ ᠲᠤᠰᠠᠳᠠᠢ ᠠᠵᠢᠯ ᠬᠢᠵᠡᠢ᠃  ᠬᠤᠷᠢᠳᠤᠭᠠᠷ ᠵᠠᠭᠤᠨ ᠤ ᠲᠦᠴᠢᠭᠡᠳ ᠤᠨ ᠤ ᠦᠶ᠎ᠡ ᠳᠤ

ᠲᠡᠮᠴᠤᠭᠳᠤᠩᠷᠤᠪ ᠨᠤᠶᠠᠨ ᠤ ᠨᠠᠶᠢᠳᠠᠯᠭ᠎ᠠ ᠪᠠᠷ ᠡᠷᠳᠡᠮᠳᠡᠨ ᠭᠤᠷᠵᠤᠷᠵᠠᠪ᠂ ᠰᠠᠮᠫᠢᠯᠨᠤᠷᠪᠤ ᠨᠠᠷ ᠤᠨ ᠬᠠᠮᠳᠤ  ︽

ᠬᠤᠷᠢᠨ ᠨᠠᠢᠮᠠᠳᠤ ᠲᠠᠶᠢᠯᠪᠤᠷᠢ ᠲᠤᠯᠢ︾ ᠬᠢᠭᠡᠳ ︽ᠨᠠᠩᠬᠢᠶᠠᠳ ᠮᠤᠩᠭᠤᠯ ᠦᠬᠡᠰ ᠤᠨ ᠲᠤᠯᠢ ᠪᠢᠴᠢᠭ︾᠎ ᠢ

ᠨᠠᠶᠢᠷᠠᠭᠤᠯᠬᠤ ᠠᠵᠢᠯ ᠳᠤ ᠤᠷᠤᠯᠴᠠᠭᠰᠠᠨ  ᠪᠦᠬᠡᠳ ᠴᠢᠭᠤᠯᠤᠯᠳᠤ ᠬᠠᠭᠠᠯᠭ᠎ᠠ ᠳᠤ ᠪᠠᠶᠢᠭᠤᠯᠤᠭᠳᠠᠭᠰᠠᠨ ︽ᠴᠠᠬᠠᠷ

ᠮᠤᠩᠭᠤᠯ ᠤᠨ ᠪᠢᠴᠢᠭ ᠵᠢᠷᠤᠭ ᠤᠨ ᠵᠤᠬᠢᠶᠠᠨ ᠤᠷᠴᠢᠭᠤᠯᠬᠤ ᠬᠤᠷᠢᠶ᠎ᠠ︾᠎ ᠶᠢᠨ ᠨᠠᠶᠢᠷᠠᠭᠤᠯᠤᠭᠴᠢ ᠪᠠᠷ ᠠᠵᠢᠯᠯᠠᠵᠤ  ᠂

 ᠪᠠᠰᠠ ᠮᠤᠩᠭᠤᠯ ᠬᠤᠰᠢᠭᠤᠳ ᠤᠨ ᠪᠠᠭ᠎ᠠ ᠰᠤᠷᠭᠠᠭᠤᠯᠢ ᠶᠢᠨ ᠰᠤᠷᠬᠤ ᠪᠢᠴᠢᠭ  ᠎ ᠲᠤ ᠰᠢᠨ᠎ᠡ ᠠᠭᠤᠯᠭ᠎ᠠ ᠨᠡᠮᠡᠵᠦ

ᠵᠠᠰᠠᠵᠤ ᠨᠠᠶᠢᠷᠠᠭᠤᠯᠬᠤ ᠠᠵᠢᠯ ᠢ ᠡᠷᠬᠢᠯᠡᠨ ᠬᠢᠵᠦ ᠪᠠᠶᠢᠵᠠᠢ᠃ 1946 ᠤᠨ ᠳᠤ ᠡᠪ ᠬᠠᠮᠳᠤ ᠨᠠᠮ ᠪᠤᠯᠤᠨ

ᠭᠤᠮᠢᠨᠳᠠᠩ ᠨᠠᠮ ᠤᠨ ᠰᠢᠷᠦᠬᠦᠨ ᠲᠡᠮᠡᠴᠡᠭᠡᠨ ᠤ ᠦᠶᠡᠰ  ᠭᠤᠮᠢᠨᠳᠠᠩ ᠨᠠᠮ ᠤᠨ ᠬᠦᠪᠡᠭᠡᠳᠦ ᠰᠢᠷ᠎ᠠ ᠬᠤᠰᠢᠭᠤᠨ ᠤ

ᠬᠡᠯᠳᠡᠰ ᠤᠨ ᠲᠠᠷᠤᠭ᠎ᠠ ᠪᠠᠷ ᠲᠤᠮᠢᠯᠠᠭᠳᠠᠵᠤ᠂ ᠬᠠᠶᠠ ᠬᠦᠪᠡᠭᠡᠳᠦ ᠰᠢᠷ᠎ᠠ ᠬᠤᠰᠢᠭᠤᠨ ᠳᠤ ᠬᠦᠷᠴᠦ ᠠᠵᠢᠯᠯᠠᠳᠠᠭ

ᠪᠤᠯᠪᠠᠴᠤ ᠭᠤᠤᠯᠳᠠᠭᠤ ᠴᠢᠭᠤᠯᠤᠯᠳᠤ ᠬᠠᠭᠠᠯᠭ᠎ᠠ ᠳᠤ ᠰᠠᠭᠤᠵᠤ ᠪᠠᠶᠢᠪᠠ᠃ 1948 ᠤᠨ ᠤ ᠰᠡᠬᠦᠯᠴᠢ ᠪᠠᠷ᠂

ᠨᠡᠶᠢᠬᠡᠮ ᠤᠨ ᠲᠡᠳᠬᠦᠮᠵᠢ ᠶᠢᠨ ᠰᠠᠯᠠᠭᠠᠨ ᠲᠠᠷᠤᠭ᠎ᠠ ᠪᠠᠶᠢᠭᠰᠠᠨ ᠸᠠᠩᠴᠢᠨᠳᠤᠷᠵᠢ ᠤᠯᠠᠨ ᠤᠯᠤᠰ ᠤᠨ ᠬᠤᠯᠪᠤᠭᠠᠳᠤ

ᠪᠠᠶᠢᠭᠤᠯᠤᠯᠭ᠎ᠠ ᠶᠢᠨ ᠲᠡᠳᠬᠦᠮᠵᠢ ᠶᠢᠨ ᠶᠡᠷᠦᠩᠬᠡᠢ ᠵᠠᠬᠢᠷᠭᠠᠨ ᠠᠴᠠ ᠮᠤᠩᠭᠤᠯ ᠤᠷᠤᠨ ᠤ ᠭᠠᠴᠢᠭᠳᠠᠯ ᠢ ᠲᠡᠳᠬᠦᠬᠦ

᠎ ᠪᠠᠷ ᠤᠯᠭᠤᠭᠰᠠᠨ ᠲᠤᠰᠠᠯᠠᠮᠵᠢ ᠶᠢᠨ ᠡᠳ᠋ ᠪᠤᠳᠠᠰ ᠢ ᠠᠷᠪᠠᠭᠠᠳ ᠲᠤᠮᠤ ᠮᠠᠰᠢᠨ ᠢᠶᠠᠷ ᠠᠴᠢᠵᠤ ᠠᠪᠴᠢᠷᠠᠨ᠂  ᠴᠠᠬᠠᠷ

᠎ ᠤᠨ ᠮᠤᠩᠭᠤᠯ ᠬᠤᠰᠢᠭᠤᠳ ᠢᠶᠠᠷ ᠲᠦᠬᠡᠭᠡᠭᠡᠳ ᠪᠤᠴᠠᠬᠤ ᠳᠤᠨᠢ ᠪᠤᠤᠴᠠᠩ ᠬᠠᠪᠢ ᠪᠠᠷ ᠰᠢᠷᠦᠬᠦᠨ ᠲᠤᠯᠤᠯᠳᠤᠭᠠᠨ

ᠪᠤᠯᠵᠤ ᠪᠠᠶᠢᠭᠰᠠᠨ ᠪᠤᠯᠬᠤᠷ ᠵᠠᠮ ᠢᠶᠠᠨ ᠦᠬᠡᠷᠡᠴᠢᠯᠡᠵᠦ᠂ ᠠᠷᠤ ᠵᠠᠮ ᠢᠶᠠᠷ ᠬᠦᠢ ᠰᠦᠢ ᠵᠦᠭ ᠵᠠᠮᠨᠠᠭᠠᠳ᠂ ᠴᠤᠬᠤᠮ

ᠬᠠᠮᠢᠭ᠎ᠠ ᠬᠦᠷᠦᠭᠰᠡᠨ ᠢ ᠮᠡᠳᠡᠬᠦ ᠦᠬᠡᠢ ᠠᠯᠠᠭ᠎ᠠ ᠪᠤᠯᠵᠠᠢ᠃

 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号