ᠸᠠᠩᠴᠤᠭᠨᠤᠷᠪᠤ ︵1917 — 1981︶ ᠂ ᠲᠠᠶᠢᠹᠤᠰᠧ ᠵᠡᠬᠦᠨ ᠭᠠᠷ ᠰᠦᠷᠦᠭ ᠤᠨ ᠬᠦᠪᠡᠭᠡᠳᠦ ᠴᠠᠭᠠᠨ | ᠬᠤᠰᠢᠭᠤᠨ ᠤ ᠬᠠᠰᠢᠶᠠᠳᠤ ᠶᠢᠨ ᠬᠦᠮᠦᠨ᠃ 1950 ᠤᠨ ᠳᠤ ᠴᠢᠭᠤᠯᠤᠯᠳᠤ ᠬᠠᠭᠠᠯᠭ᠎ᠠ ᠬᠤᠳᠠᠨ᠎ᠠ ᠦᠪᠦᠷ | ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠤᠷᠴᠢᠭᠤᠯᠭ᠎ᠠ ᠶᠢᠨ ᠲᠤᠪᠴᠢᠶ᠎ᠠ ᠳᠤ | ᠠᠵᠢᠯ ᠤᠨ ᠭᠠᠷᠤᠭ᠎ᠠ ᠠᠪᠴᠤ᠂ ᠲᠠᠷᠠᠭ᠎ᠠ ᠵᠢᠯ ᠨᠢ ᠬᠦᠬᠡᠬᠤᠳᠠ ᠳᠤ ᠰᠢᠯᠵᠢᠨ᠂ ᠦᠪᠦᠷ ᠮᠤᠩᠭᠤᠯ ᠤᠨ ᠠᠷᠠᠳ ᠤᠨ | ᠭᠡᠪᠯᠡᠯ ᠤᠨ ᠬᠤᠷᠢᠶ᠎ᠠ ᠳᠤ ᠨᠠᠶᠢᠷᠠᠭᠤᠯᠤᠭᠴᠢ ᠨᠠᠷ ᠠᠵᠢᠯᠯᠠᠵᠠᠢ᠃ ᠭᠡᠪᠯᠡᠯ ᠤᠨ ᠬᠤᠷᠢᠶᠠᠨ ᠤ ᠪᠠᠶᠢᠭᠠᠯᠢ ᠶᠢᠨ | ᠰᠢᠨᠵᠢᠯᠡᠬᠦ ᠤᠬᠠᠭᠠᠨ ᠤ ᠨᠤᠮ ᠨᠠᠶᠢᠷᠠᠭᠤᠯᠬᠤ ᠲᠠᠰᠤᠭ ᠲᠤ ᠠᠵᠢᠯᠯᠠᠵᠤ ᠪᠠᠶᠢᠬᠤ ᠳᠠᠭᠠᠨ ᠡᠮ ᠡᠮᠨᠡᠯᠬᠡ᠂ ᠡᠷᠡᠬᠦᠯ | ᠬᠠᠮᠠᠭᠠᠯᠠᠯ᠂ ᠮᠠᠯ ᠠᠵᠤ ᠠᠬᠤᠢ ᠶᠢᠨ ᠲᠤᠰᠬᠠᠢ ᠨᠤᠮ ᠢ ᠤᠯᠠᠨ ᠤᠷᠴᠢᠭᠤᠯᠤᠭᠰᠠᠨ ᠪᠦᠬᠡᠳ ︽ᠠᠳᠤᠭᠤ᠂ ᠦᠬᠡᠷ᠂ | ᠬᠤᠨᠢᠨ ᠤ ᠠᠷᠠᠴᠢᠯᠠᠭ᠎ᠠ ᠬᠠᠮᠢᠶᠠᠷᠤᠯᠳᠠ︾ ᠨᠤᠮ ᠨᠢ 1980 ᠤᠨ ᠳᠤ ᠪᠦᠬᠦ ᠤᠯᠤᠰ ᠤᠨ ᠴᠦᠬᠡᠨ ᠲᠤᠭᠠᠳᠤ | ᠦᠨᠳᠦᠰᠦᠳᠡᠨ ᠤ ᠬᠡᠯᠡ ᠪᠠᠷ ᠨᠠᠶᠢᠷᠠᠭᠤᠯᠤᠭᠰᠠᠨ ᠰᠢᠨᠵᠢᠯᠡᠬᠦ ᠤᠬᠠᠭᠠᠨ ᠢ ᠲᠦᠭᠡᠮᠡᠯᠵᠢᠬᠦᠯᠦᠭᠰᠡᠨ ᠪᠦᠳᠦᠭᠡᠯ ᠤᠨ | ᠱᠠᠩᠨᠠᠯ ᠬᠦᠬᠢᠬᠦᠯᠦᠯ ᠢ ᠲᠤᠰᠤᠭᠰᠠᠨ ᠪᠠᠶᠢᠨ᠎ᠠ᠃ ᠰᠢᠨᠵᠢᠯᠡᠬᠦ ᠤᠠᠬᠠᠭᠠᠨ ᠲᠧᠭᠨᠢᠭ ᠮᠡᠷᠭᠡᠵᠢᠯ ᠤᠨ ᠨᠡᠷ᠎ᠡ ᠲᠤᠮᠢᠶ᠎ᠠ ᠶᠢ | ᠤᠷᠴᠢᠭᠤᠯᠬᠤ ᠳᠤ ᠱᠠᠭᠠᠷᠳᠠᠯᠭ᠎ᠠ ᠦᠨᠳᠦᠷ ᠪᠠᠶᠢᠭᠰᠠᠨ ᠴᠤ ᠸᠠᠩᠴᠤᠭᠨᠤᠷᠪᠤ ᠴᠢᠨᠠᠷ ᠰᠠᠶᠢᠳᠠᠢ ᠤᠶᠢᠯᠠᠭᠠᠮᠵᠢᠳᠠᠢ | ᠰᠠᠶᠢᠬᠠᠨ ᠤᠷᠴᠢᠭᠤᠯᠳᠠᠭ ᠪᠠᠶᠢᠵᠠᠢ᠃ ᠲᠡᠷᠡᠪᠡᠷ ᠬᠤᠯᠤᠰᠤᠨ ᠦᠵᠦᠭ᠂ ᠦᠰᠦᠨ ᠪᠢᠷ ᠤᠨ ᠤᠷᠠᠨ ᠦᠰᠦᠭ ᠢ | ᠮᠠᠰᠢ ᠭᠤᠶᠤ ᠪᠢᠴᠢᠳᠡᠭ ᠪᠠᠶᠢᠭᠰᠠᠨ ᠤᠴᠢᠷ ᠤᠯᠠᠨ ᠠᠷᠪᠢᠨ ᠰᠤᠷᠬᠤ ᠪᠢᠴᠢᠭ᠂ ᠬᠡᠦᠭᠡᠳ ᠤᠨ ᠤᠩᠰᠢᠬᠤ ᠨᠤᠮ᠂ | ᠴᠠᠭ ᠤᠯᠠᠷᠢᠯ ᠤᠨ ᠪᠢᠴᠢᠭ ᠢ ᠰᠡᠶᠢᠷᠡᠬᠦᠯᠵᠦ ᠭᠡᠪᠯᠡᠯ ᠳᠤ ᠤᠷᠤᠭᠤᠯᠤᠭᠰᠠᠨ ᠪᠠᠶᠢᠳᠠᠭ᠃ ᠬᠠᠸᠠᠩᠵᠠᠪ᠂ ᠠᠮᠢᠬᠤᠷᠳᠤ | ᠵᠡᠷᠭᠡ ᠨᠡᠷᠡᠳᠦ ᠤᠷᠠᠨ ᠪᠢᠴᠢᠯᠭᠡᠳᠡᠳ ᠤᠨ ᠬᠠᠮᠳᠤ ︽ᠮᠤᠩᠭᠤᠯ ᠦᠰᠦᠭ ᠤᠨ ᠲᠦᠷᠢᠮ ᠤᠨ ᠲᠤᠯᠢ︾ ᠶᠢ ᠦᠰᠦᠨ | ᠪᠢᠷ ᠢᠶᠠᠷ ᠰᠡᠶᠢᠷᠡᠬᠦᠯᠦᠨ ᠪᠢᠴᠢᠭᠰᠡᠨ ᠨᠢ ᠲᠡᠬᠦᠨ ᠤ ᠭᠠᠷ ᠤᠷᠠᠯᠠᠯ ᠤᠨ ᠤᠬᠢ ᠪᠦᠳᠦᠭᠡᠯ ᠪᠤᠯᠵᠠᠢ᠃ | |