ᠹᠦ᠊᠂ ᠪᠠᠳᠤᠬᠦᠮᠦᠵᠢᠬᠦ ︵1924 —1998︶᠂ ᠲᠠᠶᠢᠹᠤᠰᠧ ᠵᠡᠬᠦᠨ ᠭᠠᠷ ᠰᠦᠷᠦᠭ ᠤᠨ ᠬᠦᠯᠦ ᠴᠠᠭᠠᠨ | ᠬᠤᠰᠢᠭᠤᠨ ᠤ ᠦᠴᠢ ᠤᠪᠤᠭᠠᠨ ᠤ ᠬᠦᠮᠦᠨ᠂ ᠬᠠᠩᠬᠢᠨ ᠤᠪᠤᠭ ᠲᠠᠢ᠂ ᠬᠤᠵᠢᠮ ᠨᠢ ᠹᠦ᠊᠂ ᠪᠠᠳᠤ ᠭᠡᠳᠡᠭ ᠨᠡᠷ᠎ᠡ ᠶᠢ | ᠭᠡᠷᠡᠭᠯᠡᠵᠡᠢ᠃ 1938 ᠤᠨ ᠳᠤ ᠪᠠᠭ᠎ᠠ ᠰᠤᠷᠭᠠᠭᠤᠯᠢ ᠲᠡᠬᠦᠰᠴᠦ᠂ 1939 ᠤᠨ ᠠᠴᠠ ᠸᠠᠩ ᠤᠨ ᠰᠦᠮ᠎ᠡ ︵ | ᠤᠳᠤᠬᠢ ᠤᠯᠠᠭᠠᠨᠬᠤᠳᠠ︶ ᠶᠢᠨ ᠬᠢᠩᠭᠠᠨ ᠲᠡᠭᠡᠳᠦ ᠰᠤᠷᠭᠠᠭᠤᠯᠢ ᠳᠤ ᠰᠤᠷᠤᠯᠴᠠᠭᠠᠳ᠂ ᠲᠡᠬᠦᠰᠦᠭᠰᠡᠨ ᠤ ᠲᠠᠷᠠᠭ᠎ᠠ | ᠴᠢᠭᠤᠯᠤᠯᠳᠤ ᠬᠠᠭᠠᠯᠭ᠎ᠠ ᠳᠠᠬᠢ ᠲᠦᠪ ᠤᠨ ᠡᠮᠨᠡᠯᠬᠡ ᠶᠢᠨ ᠲᠡᠭᠡᠳᠦ ᠰᠤᠷᠭᠠᠭᠤᠯᠢ ᠳᠤ ᠰᠢᠯᠭᠠᠨ ᠤᠷᠤᠪᠠ᠃ 1945 | ᠤᠨ ᠤ 8 ᠰᠠᠷ᠎ᠠ ᠳᠤ ᠴᠡᠷᠢᠭ ᠲᠤ ᠤᠷᠤᠵᠤ᠂ ᠨᠠᠢᠮᠠᠳᠤᠭᠠᠷ ᠵᠠᠮ ᠤᠨ ᠴᠡᠷᠢᠭ ᠤᠨ ᠡᠮᠨᠡᠯᠬᠡ ᠶᠢᠨ ᠬᠤᠷᠢᠶᠠᠨ ᠤ | ᠡᠮᠴᠢ ᠪᠤᠯᠵᠠᠢ᠃ 1955 — 1958 ᠤᠨ ᠬᠦᠷᠳᠡᠯ᠎ᠡ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ | ᠮᠤᠩᠭᠤᠯ ᠢ ᠲᠤᠰᠠᠯᠠᠨ ᠠᠵᠢᠯᠯᠠᠵᠤ ᠪᠠᠶᠢᠭ᠎ᠠ ᠠᠵᠢᠯᠴᠢᠨ ᠠᠵᠢᠯᠳᠠᠨ ᠤ ᠡᠮᠨᠡᠯᠬᠡ ᠶᠢᠨ ᠬᠤᠷᠢᠶᠠᠨ ᠤ ᠭᠠᠳᠠᠷ ᠰᠠᠯᠠᠭᠠᠨ | ᠤ ᠡᠷᠬᠢᠯᠡᠭᠴᠢ ᠡᠮᠴᠢ ᠪᠠᠷ ᠠᠵᠢᠯᠯᠠᠵᠤ᠂ 1965 ᠤᠨ ᠳᠤ ᠦᠪᠦᠷ ᠮᠤᠩᠭᠤᠯ ᠤᠨ ᠤᠢ ᠰᠢᠭᠤᠢ ᠶᠢᠨ ᠲᠡᠭᠡᠳᠦ | ᠰᠤᠷᠭᠠᠭᠤᠯᠢ ᠶᠢᠨ ᠡᠮᠨᠡᠯᠬᠡ ᠶᠢᠨ ᠭᠠᠵᠠᠷ ᠲᠤ ᠰᠢᠯᠵᠢᠨ᠂ ᠭᠠᠵᠠᠷ ᠤᠨ ᠲᠠᠷᠤᠭ᠎ᠠ ᠪᠠᠷ ᠠᠵᠢᠯᠯᠠᠪᠠ᠃ 1989 ᠤᠨ | ᠳᠤ ᠨᠠᠰᠤ ᠨᠦᠭᠴᠢᠭᠰᠡᠨ ᠤ ᠬᠢᠨᠢ ᠲᠠᠷᠠᠭ᠎ᠠ ᠬᠦᠬᠡᠬᠤᠳᠠ ᠶᠢᠨ ᠬᠤᠪᠢᠰᠬᠠᠯᠴᠢᠳ ᠤᠨ ᠨᠡᠶᠢᠳᠡ ᠶᠢᠨ ᠤᠩᠭᠤᠨ ᠳᠤ | ᠤᠷᠤᠰᠢᠭᠤᠯᠤᠭᠰᠠᠨ ᠪᠠᠶᠢᠨ᠎ᠠ᠃ |