ᠲᠠᠶᠢᠹᠤᠰᠧ ᠬᠤᠰᠢᠭᠤ  ︽2018 ᠲᠤᠮᠳᠠᠳᠤ ᠤᠯᠤᠰ ᠤᠨ ᠵᠢᠭᠤᠯᠴᠢᠯᠠᠯ ᠤᠨ ᠦᠢᠯᠡᠰ ᠤᠨ ᠦᠵᠡᠰᠬᠦᠯᠡᠩ︾  ᠳᠤ ᠤᠷᠤᠯᠴᠠᠪᠠ
ᠨᠡᠶᠢᠲᠡᠯᠡᠭᠰᠡᠨ ᠴᠠᠭ᠄
2018/11/28
     ᠬᠤᠰᠢᠭᠤ ᠨᠤᠳᠤᠭ ᠤᠨ ᠢᠶᠠᠨ ᠵᠢᠭᠤᠯᠴᠢᠯᠠᠯ ᠤᠨ ᠦᠢᠯᠡᠰ ᠢ ᠤᠬᠠᠭᠤᠯᠤᠨ ᠲᠠᠨᠢᠭᠤᠯᠵᠤ᠂ ᠵᠢᠭᠤᠯᠴᠢᠯᠠᠯ ᠤᠨ ᠭᠡᠪ ᠲᠦᠷᠬᠦ᠂  ᠨᠡᠷᠡᠳᠦ ᠲᠡᠮᠳᠡᠭ   ᠢ  ᠲᠠᠶᠠᠭᠠᠷ ᠲᠤ ᠬᠠᠷᠠᠭᠤᠯᠤᠨ᠂   ᠵᠢᠭᠤᠯᠴᠢᠯᠠᠯ ᠤᠨ ᠨᠡᠷ᠎ᠡ ᠠᠯᠳᠠᠷᠰᠢᠯ ᠪᠠ ᠲᠠᠳᠠᠬᠤ ᠬᠦᠴᠦᠨ ᠢ  ᠨᠡᠮᠡᠭᠳᠡᠬᠦᠯᠵᠦ᠂  ᠪᠡᠭᠡᠵᠢᠩ ᠲᠢᠶᠠᠨᠵᠢᠨ ᠾᠧᠪᠸᠢ ᠶᠢᠨ ᠵᠢᠭᠤᠯᠴᠢᠯᠠᠯ ᠤᠨ ᠵᠠᠬ᠎ᠠ ᠲᠡᠯᠬᠡᠬᠦᠷ ᠪᠠ ᠪᠦᠬᠦ ᠤᠯᠤᠰ ᠤᠨ ᠵᠢᠭᠤᠯᠴᠢᠯᠠᠯ ᠤᠨ ᠵᠠᠬ᠎ᠠ ᠲᠡᠯᠬᠡᠬᠦᠷ ᠯᠦᠭᠡ  ᠬᠠᠷᠢᠯᠴᠠᠭ᠎ᠠ ᠬᠠᠮᠳᠤᠷᠠᠯᠴᠠᠭ᠎ᠠ ᠪᠠᠨ ᠠᠬᠢᠭᠤᠯᠬᠤ  ᠶᠢᠨ ᠲᠦᠯᠦᠬᠡ  ᠂  ᠵᠠᠰᠠᠭ ᠤᠨ ᠤᠷᠳᠤᠨ ᠤ ᠲᠡᠳ᠋ ᠬᠤᠰᠢᠭᠤ ᠲᠠᠷᠤᠭ᠎ᠠ ᠭᠤᠤ ᠯᠢᠶᠠᠩ᠂ ᠲᠡᠳ᠋ ᠬᠤᠰᠢᠭᠤ ᠲᠠᠷᠤᠭ᠎ᠠ  ᠵᠢᠩ ᠶᠦᠩ ᠾᠧ ᠶᠢᠨ  ᠲᠠᠭᠠᠭᠤᠯᠭ᠎ᠠ ᠪᠠᠷ᠂  ᠲᠠᠶᠢᠹᠤᠰᠧ ᠬᠤᠰᠢᠭᠤᠨ ᠤ ︽ᠬᠠᠭᠠᠨ ᠤ ᠠᠳᠤᠭᠤᠨ  ᠵᠤᠰᠠᠭᠠᠯ︾ ᠵᠢᠭᠤᠯᠴᠢᠯᠠᠯ ᠤᠨ ᠤᠷᠤᠨ᠂ ︽ᠲᠠᠯ᠎ᠠ ᠨᠤᠳᠤᠭ︾ ᠠᠷᠢᠬᠢᠨ ᠦᠢᠯᠡᠳᠪᠦᠷᠢ᠂  ︽ᠬᠤᠩ ᠵᠢᠩ ᠶᠤᠸᠠᠨ︾ ᠲᠤᠰᠤᠨ  ᠤ ᠦᠢᠯᠡᠳᠪᠦᠷᠢ᠂  ︽ᠮᠧᠩ ᠲᠠᠢ ᠶᠤᠸᠠᠨ︾ ᠤᠷᠭᠠᠨᠢᠭ ᠲᠦᠮᠦᠰᠦᠨ ᠤ ᠦᠢᠯᠡᠳᠪᠦᠷᠢ ᠵᠡᠷᠭᠡ ᠭᠤᠤᠯᠳᠠᠯᠭᠠᠳᠠᠢ ᠵᠢᠭᠤᠯᠴᠢᠯᠠᠯ ᠤᠨ ᠤᠷᠤᠨ  ᠂ ᠵᠢᠭᠤᠯᠴᠢᠯᠠᠯ ᠤᠨ ᠲᠠᠸᠠᠷ ᠦᠢᠯᠡᠳᠪᠦᠷᠢᠯᠡᠬᠦ ᠠᠵᠤ ᠠᠬᠤᠶᠢᠯᠠᠯ  ᠪᠠ ᠵᠢᠭᠤᠯᠴᠢᠯᠠᠯ ᠤᠨ ᠦᠢᠯᠡᠴᠢᠯᠡᠬᠡᠨ ᠤ ᠭᠠᠵᠠᠷ ᠨᠢ ᠡᠨᠡ  ᠤᠳᠠᠭᠠᠨ ᠤ ᠦᠵᠡᠰᠬᠦᠯᠡᠩ ᠳᠤ  ᠤᠷᠤᠯᠴᠠᠵᠤ᠂ ᠮᠤᠩᠭᠤᠯ  ᠭᠡᠪ ᠨᠠᠮᠪᠠ ᠲᠠᠢ ᠲᠠᠯᠠᠪᠠᠢ ᠶᠢᠨ ᠪᠠᠶᠢᠷᠢᠯᠠᠭᠤᠯᠤᠯᠳᠠ ᠪᠠ ᠦᠪᠡᠷᠮᠢᠴᠡ ᠤᠨᠴᠠᠯᠢᠭ ᠪᠦᠬᠦᠢ ᠵᠢᠭᠤᠯᠴᠢᠯᠠᠯ ᠤᠨ ᠲᠠᠸᠠᠷ᠂ ᠤᠷᠠᠨ ᠭᠤᠴᠤ ᠤᠬᠠᠭᠤᠯᠭ᠎ᠠ ᠶᠢᠨ ᠪᠤᠳᠠᠰ   ᠢᠶᠠᠷ ᠢᠶᠠᠨ ᠤᠷᠤᠯᠴᠠᠭᠰᠠᠨ ᠤᠯᠠᠨ ᠤ ᠠᠩᠬᠠᠷᠤᠯ ᠪᠠᠭ᠋ᠠᠷᠬᠠᠯ ᠢ ᠲᠠᠳᠠᠭᠠᠳ᠂ ᠲᠤᠬᠠᠢ  ᠶᠢᠨ ᠭᠠᠵᠠᠷ ᠤᠨ ᠰᠠᠭᠤᠭᠠᠯᠢ ᠠᠷᠠᠳ ᠪᠠ  ᠡᠯ᠎ᠡ  ᠭᠠᠵᠠᠷ ᠠᠴᠠ ᠬᠦᠷᠦᠯᠴᠡᠨ ᠢᠷᠡᠭᠰᠡᠨ ᠵᠢᠭᠤᠯᠴᠢᠯᠠᠭᠴᠢᠳ ᠠᠬᠤᠢ ᠲᠠᠯᠠᠪᠠᠢ ᠶᠢ ᠲᠦᠬᠦᠷᠭᠡᠨ᠂   ᠲᠤᠭᠤᠷᠢᠨ ᠰᠤᠨᠢᠷᠬᠠᠬᠤ᠂  ᠠᠰᠠᠭᠤᠨ ᠯᠠᠪᠯᠠᠬᠤ᠂ ᠬᠤᠳᠠᠯᠳᠤᠨ ᠠᠪᠬᠤ  ᠬᠦᠮᠦᠨ ᠲᠠᠰᠤᠷᠠᠬᠤ ᠦᠬᠡᠢ ᠪᠠᠶᠢᠯ᠎ᠠ᠃      ᠡᠨᠡ ᠤᠳᠠᠭᠠᠨ ᠤ ᠦᠵᠡᠰᠬᠦᠯᠡᠩ ᠳᠤ  ᠪᠦᠬᠦ ᠤᠯᠤᠰ ᠠᠴᠠ 700 ᠭᠠᠷᠤᠢ ᠠᠵᠤ ᠠᠬᠤᠶᠢᠯᠠᠯ ᠤᠷᠤᠯᠴᠠᠵᠤ᠂  ᠵᠢᠭᠤᠯᠴᠢᠯᠠᠭᠴᠢ ᠶᠢᠨ ᠲᠤᠭ᠎ᠠ 3 ᠲᠦᠮᠡ ᠶᠢ  ᠲᠠᠪᠠᠵᠠᠢ᠃  ᠲᠠᠶᠢᠹᠤᠰᠧ ᠬᠤᠰᠢᠭᠤᠨ ᠤ ᠬᠢᠨ ᠠᠵᠢᠯᠯᠠᠭᠠᠨ ᠤ ᠲᠤᠬᠢᠶᠠᠯ ᠢᠶᠠᠷ  ᠪᠦᠳᠦᠭᠡᠭᠳᠡᠬᠦᠨ ᠢᠶᠠᠨ ᠲᠡᠯᠬᠡᠨ ᠦᠵᠡᠬᠦᠯᠬᠦ ᠶᠢᠨ ᠵᠠᠪᠰᠠᠷ ᠲᠤ ᠪᠠᠰᠠ 10000 ᠭᠠᠷᠤᠢ ᠬᠤᠪᠢ ᠤᠬᠠᠭᠤᠯᠭ᠎ᠠ ᠶᠢᠨ ᠲᠡᠪᠳᠡᠷ  ᠲᠠᠷᠬᠠᠭᠠᠵᠤ᠂  ᠲᠠᠯ᠎ᠠ ᠨᠤᠳᠤᠭ ᠤᠨ ᠢᠶᠠᠨ ᠵᠢᠭᠤᠯᠴᠢᠯᠠᠯ   ᠢᠶᠠᠨ ᠤᠬᠠᠭᠤᠯᠤᠨ ᠲᠠᠨᠢᠯᠴᠠᠭᠤᠯᠤᠭᠰᠠᠨ ᠪᠠᠶᠢᠨ᠎ᠠ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号