​ ᠸᠠᠩ ᠸᠧᠢ ᠬᠤᠩ
ᠨᠡᠶᠢᠲᠡᠯᠡᠭᠰᠡᠨ ᠴᠠᠭ᠄
2018/11/28

ᠸᠠᠩ ᠸᠧᠢ ᠬᠤᠩ᠂ ᠡᠮᠡᠭᠲᠡᠢ᠂ ᠮᠣᠩᠭᠤᠯ ᠦᠨᠳᠦᠰᠦᠲᠡᠨ᠂ 1968 ᠣᠨ ᠤ 9 ᠰᠠᠷ᠎ᠠ ᠳᠤ ᠲᠦᠷᠦᠵᠡᠢ᠂ 1986

ᠣᠨ ᠤ 9 ᠰᠠᠷ᠎ᠠ ᠳᠤ ᠠᠵᠢᠯ ᠳᠤ ᠭᠠᠷᠴᠤ᠂ 1998 ᠣᠨ ᠤ 6 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ

ᠨᠠᠮ ᠳᠤ ᠣᠷᠣᠵᠠᠢ᠂ ᠵᠠᠬᠢᠳᠠᠯ ᠢᠶᠠᠷ ᠰᠤᠷᠭᠠᠬᠤ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠥᠪᠥᠷ

ᠮᠣᠩᠭᠤᠯ ᠤᠨ ᠨᠠᠮ ᠤᠨ ᠰᠤᠷᠭᠠᠭᠤᠯᠢ ᠶᠢᠨ ᠬᠠᠤᠯᠢ ᠴᠠᠭᠠᠵᠠ ᠶᠢᠨ ᠲᠤᠰᠬᠠᠢ ᠮᠡᠷᠭᠡᠵᠢᠯ ᠠᠴᠠ ᠲᠡᠭᠦᠰᠴᠡᠢ᠂ ᠤᠳᠤ

ᠲᠠᠶᠢᠹᠦᠰᠧ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠱᠦᠵᠢ ᠶᠢᠨ ᠲᠤᠰᠢᠶᠠᠯ

ᠡᠭᠦᠷᠭᠡᠯᠡᠵᠦ ᠪᠠᠶᠢᠨ᠎ᠠ᠃

ᠥᠪᠥᠷ ᠮᠣᠩᠭᠤᠯ ᠤᠨ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠠᠯᠪᠠᠨ

ᠭᠡᠷ ᠤᠨ ᠳᠡᠳ᠋ ᠡᠷᠬᠢᠯᠡᠭᠴᠢ᠂ ᠥᠪᠥᠷ ᠮᠣᠩᠭᠤᠯ ᠤᠨ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶᠠᠨ ᠤ

ᠤᠬᠠᠭᠤᠯᠬᠤ ᠬᠡᠯᠲᠡᠰ ᠤᠨ ᠠᠯᠪᠠᠨ ᠭᠡᠷ ᠤᠨ ᠡᠷᠬᠢᠯᠡᠭᠴᠢ᠂ ᠥᠪᠥᠷ ᠮᠣᠩᠭᠤᠯ ᠤᠨ ᠲᠠᠶᠢᠹᠦᠰᠧ ᠬᠤᠰᠢᠭᠤᠨ ᠤ ᠨᠠᠮ

 ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠥᠪᠥᠷ ᠮᠣᠩᠭᠤᠯ ᠤᠨ  

ᠲᠠᠶᠢᠹᠦᠰᠧ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ

ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠥᠩᠭᠡᠷᠡᠪᠡ᠃

ᠵᠤᠤ ᠹᠸᠢ ᠫᠧᠩ ᠨᠥᠬᠦᠷ ᠢ ᠬᠠᠪᠰᠤᠷᠤᠨ ᠨᠠᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ ᠠᠳᠬᠤᠵᠤ᠂

ᠤᠯᠠᠨ ᠲᠦᠮᠡᠨ ᠤ ᠪᠦᠯᠬᠦᠮ᠂ ᠵᠠᠬᠢᠳᠠᠯ ᠰᠤᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ᠂ ᠮᠠᠯᠵᠢᠬᠤ ᠲᠠᠷᠢᠶᠠᠯᠠᠬᠤ

ᠣᠷᠣᠨ᠂ ᠭᠠᠳᠠᠭᠠᠳᠤ ᠨᠡᠬᠡᠬᠡᠯᠳᠡ ᠬᠢᠵᠦ ᠬᠠᠮᠲᠤᠷᠠᠯᠴᠠᠬᠤ᠂ ᠴᠡᠷᠢᠭ ᠠᠴᠠ ᠬᠠᠯᠠᠭᠳᠠᠭᠰᠠᠳ᠂ ᠭᠠᠳᠠᠭᠠᠳᠤ ᠶᠠᠪᠤᠳᠠᠯ᠂

ᠰᠤᠷᠭᠠᠨ ᠬᠥᠮᠦᠵᠢᠯ᠂ ᠨᠠᠮ ᠤᠨ ᠲᠡᠦᠬᠡ ᠶᠢ ᠬᠠᠷᠢᠭᠤᠴᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ

ᠰᠢᠪᠲᠤᠯᠬᠤ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ

ᠵᠣᠯᠭᠠᠭᠤᠯᠬᠤ ᠠᠵᠢᠯ ᠢ ᠪᠠᠬᠢᠵᠢᠭᠦᠯᠦᠨ ᠥᠷᠭᠡᠳᠬᠡᠨ᠎ᠡ︔

   ᠬᠤᠰᠢᠭᠤᠨ ᠤ ᠨᠠᠮ ᠤᠨ ᠬᠤᠷᠢᠶᠠᠨ ᠤ ᠭᠠᠳᠠᠭᠠᠳᠤ ᠶᠠᠪᠤᠳᠠᠯ ᠤᠨ ᠠᠵᠢᠯ ᠤᠨ ᠵᠥᠪᠯᠡᠯ ᠤᠨ ᠠᠯᠪᠠᠨ ᠬᠡᠷ᠂

ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠨᠠᠷᠢᠨ ᠪᠢᠴᠢᠭ ᠤᠨ ᠳᠤᠭᠤᠶᠢᠯᠠᠩ᠂

ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ᠂ ᠴᠡᠷᠢᠭ ᠠᠴᠠ

ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ᠂ ᠬᠤᠰᠢᠭᠤᠨ ᠤ

ᠠᠵᠢᠯᠴᠢᠨ ᠤ ᠡᠪᠯᠡᠯ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠲᠧᠭᠨᠢᠭ

ᠮᠡᠷᠭᠡᠵᠢᠯ ᠤᠨ ᠨᠡᠶᠢᠭᠡᠮᠯᠢᠭ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠵᠡᠮᠳᠡᠭᠴᠦᠳ ᠤᠨ ᠬᠤᠯᠪᠣᠭ᠎ᠠ᠂ ᠲᠠᠩᠰᠠ

ᠡᠪᠬᠡᠮᠡᠯ ᠲᠡᠦᠬᠡ ᠣᠶᠢᠯᠠᠯᠭ᠎ᠠ ᠶᠢᠨ ᠣᠷᠳᠣᠨ ᠢ ᠬᠤᠪᠢᠳᠠᠨ ᠬᠠᠮᠢᠶᠠᠷᠤᠨ᠎ᠠ︔ ᠬᠤᠰᠢᠭᠤᠨ ᠤ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ᠂ ᠠᠷᠠᠳ ᠤᠨ ᠵᠡᠪᠰᠡᠭᠲᠦ ᠬᠦᠴᠦᠨ ᠤ

ᠬᠡᠯᠲᠡᠰ᠂ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ ᠲᠠᠢ ᠬᠠᠷᠢᠯᠴᠠᠨ᠎ᠠ  ᠃

 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号