ᠲᠤᠷᠵᠢᠵᠠᠪ
ᠨᠡᠶᠢᠲᠡᠯᠡᠭᠰᠡᠨ ᠴᠠᠭ᠄
2018/11/28

  ᠲᠤᠷᠵᠢᠵᠠᠪ ︵1919 —    ︶  ᠂ ᠲᠠᠶᠢᠹᠤᠰᠧ ᠵᠡᠬᠦᠨ ᠭᠠᠷ ᠰᠦᠷᠦᠭ ᠤᠨ ᠬᠦᠪᠡᠭᠡᠳᠦ ᠰᠢᠷ᠎ᠠ ᠬᠤᠰᠢᠭᠤᠨ ᠤ

ᠲᠤᠮᠳᠠ ᠤᠰᠤ ᠶᠢᠨ ᠬᠦᠮᠦᠨ᠃  ᠪᠠᠭ᠎ᠠ ᠠᠴᠠ ᠪᠠᠨ ᠮᠠᠯᠠᠭᠠᠢ ᠶᠢᠨ ᠰᠦᠮ᠎ᠡ ᠶᠢᠨ ᠮᠠᠭᠪᠠ ᠷᠠᠰᠠᠩ ᠳᠤ ᠱᠠᠪᠢᠯᠠᠵᠤ᠂

ᠨᠡᠷᠡᠳᠦ ᠪᠠᠭᠰᠢ ᠠᠴᠠ ᠮᠤᠩᠭᠤᠯ ᠠᠨᠠᠭᠠᠬᠤ ᠤᠬᠠᠭᠠᠨ ᠤ ᠦᠨᠳᠦᠰᠦᠨ ᠮᠡᠳᠡᠯᠭᠡ ᠶᠢ ᠰᠤᠷᠤᠭᠰᠠᠨ ᠪᠦᠬᠡᠳ ᠲᠦᠬᠦᠭᠡᠢ

ᠡᠮ ᠲᠠᠨᠢᠬᠤ᠂ ᠮᠤᠩᠭᠤᠯ ᠡᠮ ᠨᠠᠶᠢᠷᠠᠭᠤᠯᠬᠤ᠂ ᠡᠮ ᠨᠤᠮᠤᠬᠠᠳᠬᠠᠬᠤ᠂ ᠡᠮ ᠬᠠᠳᠠᠭᠠᠯᠠᠬᠤ᠂ ᠡᠪᠡᠳᠴᠢᠨ

ᠤᠨᠤᠰᠢᠯᠠᠬᠤ ᠮᠡᠷᠭᠡᠵᠢᠯ ᠢ ᠰᠠᠶᠢᠨ ᠰᠤᠷᠴᠤ᠂ ᠰᠡᠬᠦᠯᠡᠷ ᠨᠢ ᠲᠠᠶᠢᠹᠤᠰᠧ ᠨᠤᠳᠤᠭ ᠤᠨ ᠨᠡᠷᠡᠳᠦ ᠡᠮᠴᠢ ᠪᠤᠯᠤᠭᠰᠠᠨ

ᠪᠠᠶᠢᠯ᠎ᠠ᠃ 1949 ᠤᠨ ᠳᠤ ᠬᠠᠭᠤᠴᠢᠨ ᠬᠦᠨ ᠴᠠᠪ ᠤᠨ ᠰᠤᠷᠭᠠᠭᠤᠯᠢ ᠶᠢᠨ ᠭᠡᠷ ᠬᠦᠷᠢᠶ᠎ᠡ ᠶᠢ ᠠᠰᠢᠭᠯᠠᠨ᠂

ᠲᠠᠶᠢᠹᠤᠰᠧ ᠵᠡᠬᠦᠨ ᠬᠤᠰᠢᠭᠤᠨ ᠤ ᠡᠮᠨᠡᠯᠬᠡ ᠶᠢᠨ ᠬᠤᠷᠢᠶᠠᠨ ᠤ ᠠᠩᠬ᠎ᠠ ᠰᠠᠭᠤᠷᠢ ᠶᠢ ᠲᠠᠯᠪᠢᠭᠰᠠᠨ ᠬᠦᠮᠦᠨ ᠤ ᠨᠢᠬᠡ

 ᠨᠢ ᠲᠠᠷᠤᠢ ᠲᠤᠷᠵᠢᠵᠠᠪ ᠪᠤᠯᠤᠨ᠎ᠠ᠃ 1950 ᠤᠨ ᠳᠤ ᠡᠮᠨᠡᠯᠬᠡ ᠶᠢᠨ ᠬᠤᠷᠢᠶ᠎ᠠ ᠶᠢ ᠫᠤᠤᠲ᠋ᠠᠶᠢᠶ᠋ᠢᠩᠽᠢ ᠳᠤ

ᠨᠡᠬᠦᠯᠬᠡᠵᠦ ᠭᠡᠪᠴᠢᠶ᠎ᠡ ᠪᠠᠨ ᠦᠷᠭᠡᠳᠬᠡᠨ᠂ ᠮᠤᠩᠭᠤᠯ ᠡᠮ ᠡᠮᠨᠡᠯᠬᠡ ᠪᠠᠷ ᠭᠤᠤᠯ ᠪᠤᠯᠭᠠᠵᠤ ᠡᠸ᠋ᠷᠦ᠋ᠫᠠ ᠡᠮᠨᠡᠯᠬᠡ ᠪᠠᠷ

ᠬᠠᠪᠰᠤᠷᠤᠭᠤᠯᠤᠭᠰᠠᠨ ᠡᠮᠨᠡᠯᠬᠡ ᠶᠢᠨ ᠬᠤᠷᠢᠶ᠎ᠠ ᠪᠤᠯᠭᠠᠭᠰᠠᠨ ᠤ ᠲᠠᠷᠠᠭ᠎ᠠ ᠡᠮᠨᠡᠯᠬᠡ ᠶᠢᠨ ᠬᠤᠷᠢᠶᠠᠨ ᠤ ᠲᠠᠷᠤᠭ᠎ᠠ ᠪᠠᠷ

ᠠᠵᠢᠯᠯᠠᠪᠠ᠃ 1982 ᠤᠨ ᠳᠤ ᠭᠤᠤᠯᠯᠠᠭᠴᠢ ᠡᠮᠴᠢ ᠶᠢᠨ ᠴᠤᠯᠠ ᠶᠢ ᠤᠯᠵᠤ᠂ 1983 ᠤᠨ ᠳᠤ  ᠲᠦᠷᠦ ᠶᠢᠨ

ᠦᠨᠳᠦᠰᠦᠳᠡᠨ ᠤ ᠭᠡᠷᠡᠭ ᠡᠷᠬᠢᠯᠡᠬᠦ ᠵᠦᠪᠯᠡᠯ᠂ ᠬᠦᠳᠡᠯᠮᠦᠷᠢ ᠠᠵᠢᠯᠳᠠᠨ ᠤ ᠶᠠᠮᠤᠨ᠂ ᠰᠢᠨᠵᠢᠯᠡᠬᠦ ᠤᠠᠬᠠᠭᠠᠨ ᠲᠧᠭᠨᠢᠭ

ᠮᠡᠷᠭᠡᠵᠢᠯ ᠤᠨ ᠵᠦᠪᠯᠡᠯ ᠠᠴᠠ ︽ᠴᠦᠬᠡᠨ ᠲᠤᠭᠠᠳᠤ ᠦᠨᠳᠦᠰᠦᠳᠡᠨ ᠤ ᠭᠠᠵᠠᠷ ᠤᠷᠤᠨ ᠤ ᠡᠮᠨᠡᠯᠬᠡ ᠶᠢᠨ

ᠵᠢᠳᠬᠦᠯᠳᠡᠨ︾ ᠬᠡᠮᠡᠬᠦ ᠢᠷᠠᠭᠤ ᠠᠯᠳᠠᠷ ᠢ ᠤᠯᠭᠤᠵᠠᠢ᠃ ᠡᠬᠦᠨ ᠤ ᠬᠠᠮᠳᠤ᠂ ᠠᠶᠢᠮᠠᠭ᠂ ᠬᠤᠰᠢᠭᠤ᠂ ᠰᠤᠮᠤ

ᠱᠠᠳᠤᠨ ᠤ ᠱᠠᠩᠨᠠᠯ ᠬᠦᠬᠢᠬᠦᠯᠦᠯ ᠢ ᠤᠯᠠᠨ ᠤᠳᠠᠭ᠎ᠠ ᠲᠤᠰᠤᠭᠰᠠᠨ ᠪᠠᠶᠢᠨ᠎ᠠ᠃  ᠲᠤᠷᠵᠢᠵᠠᠪ ᠡᠮᠴᠢ ᠮᠤᠯᠭᠤᠯ

ᠦᠨᠳᠦᠰᠦᠳᠡᠨ ᠤ ᠡᠮ ᠡᠮᠨᠡᠯᠬᠡ ᠶᠢᠨ ᠦᠢᠯᠡᠰ ᠳᠤ ᠨᠠᠰᠤᠨ ᠲᠤᠷᠰᠢᠳᠠ ᠵᠢᠳᠬᠦᠭᠰᠡᠨ ᠪᠦᠬᠡᠳ ᠤᠳᠪᠠᠯ᠎ᠠ᠂

ᠰᠤᠶᠤᠯᠳᠤ᠂ ᠴᠢᠩᠪᠠᠳᠤ᠂ ᠴᠤᠭᠳᠤ᠂ ᠰᠠᠶᠢᠨᠪᠠᠶᠠᠷ ᠵᠡᠷᠭᠡ ᠮᠡᠳᠡᠯᠬᠡ ᠴᠢᠳᠠᠪᠤᠷᠢ ᠬᠤᠤᠰᠯᠠᠭᠰᠠᠨ ᠤᠯᠠᠨ ᠵᠠᠯᠠᠭᠤ ᠡᠮᠴᠢ

ᠨᠠᠷ ᠢ ᠬᠦᠮᠦᠵᠢᠬᠦᠯᠵᠡᠢ᠃

 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号