ᠴᠤᠶᠢᠰᠢᠮᠫᠢᠯ
ᠨᠡᠶᠢᠲᠡᠯᠡᠭᠰᠡᠨ ᠴᠠᠭ᠄
2018/11/28

 ᠴᠤᠶᠢᠰᠢᠮᠫᠢᠯ ︵1918 — 1995︶  ᠂ ᠲᠠᠶᠢᠹᠤᠰᠧ ᠵᠡᠬᠦᠨ ᠭᠠᠷ ᠰᠦᠷᠦᠭ ᠤᠨ ᠬᠦᠪᠡᠭᠡᠳᠦ ᠴᠠᠭᠠᠨ

ᠬᠤᠰᠢᠭᠤᠨ ᠤ ᠬᠠᠰᠢᠶᠠᠳᠤ ᠶᠢᠨ ᠬᠦᠮᠦᠨ᠃  ᠪᠠᠭ᠎ᠠ ᠠᠴᠠ ᠪᠠᠨ ᠮᠤᠩᠭᠤᠯ ᠡᠮ ᠡᠮᠨᠡᠯᠬᠡ ᠰᠤᠷᠴᠤ ᠰᠤᠳᠤᠯᠬᠤ ᠶᠢ

ᠲᠤᠰᠬᠠᠢ ᠠᠵᠢᠯ ᠢᠶᠠᠨ ᠪᠤᠯᠭᠠᠵᠤ᠂  ᠡᠯᠪᠡᠭ ᠪᠠᠶᠠᠯᠢᠭ ᠡᠷᠳᠡᠮ ᠲᠤᠷᠰᠢᠯᠭ᠎ᠠ ᠬᠤᠷᠠᠮᠳᠤᠭᠤᠯᠤᠭᠠᠳ᠂  ᠠᠨᠠᠭᠠᠵᠤ

ᠵᠠᠰᠠᠬᠤ ᠳᠤ ᠪᠡᠷᠭᠡᠳᠡᠢ ᠪᠠᠶᠢᠳᠠᠭ ᠡᠯᠢᠬᠡᠨ ᠡᠪᠡᠳᠴᠢᠨ ᠵᠡᠷᠭᠡ ᠶᠢ ᠮᠤᠩᠭᠤᠯ ᠡᠮ ᠢᠶᠠᠷ ᠠᠨᠠᠭᠠᠨ ᠵᠠᠰᠠᠵᠤ᠂  ᠦᠢ

ᠤᠯᠠᠨ ᠬᠦᠨᠳᠦ ᠡᠪᠡᠳᠴᠢᠳᠡᠨ ᠢ ᠠᠪᠤᠷᠠᠨ ᠲᠡᠩᠭᠡᠷᠡᠬᠦᠯᠦᠭᠰᠡᠨ ᠪᠠᠶᠢᠳᠠᠭ᠃  ᠪᠡᠭᠡᠵᠢᠩ᠂ ᠬᠦᠬᠡᠬᠤᠳᠠ ᠵᠡᠷᠭᠡ ᠲᠤᠮᠤ

ᠬᠤᠳᠠᠳ ᠢᠶᠠᠷ ᠶᠠᠪᠤᠵᠤ ᠡᠮᠨᠡᠬᠦᠯᠦᠬᠡᠳ ᠲᠤᠰᠠ ᠪᠤᠯᠬᠤ ᠦᠬᠡᠢ ᠭᠡᠷ ᠲᠡᠭᠡᠨ ᠬᠠᠷᠢᠵᠤ ᠴᠠᠭ ᠢᠶᠠᠨ ᠬᠦᠯᠢᠶᠡᠵᠦ

ᠭᠡᠪᠳᠡᠭᠰᠡᠨ ᠬᠦᠨᠳᠦ ᠡᠪᠡᠳᠴᠢᠳᠡᠨ ᠢ ᠤᠷᠬᠠᠭ ᠦᠬᠡᠢ ᠵᠠᠰᠠᠵᠤ ᠡᠳᠡᠭᠡᠷᠡᠬᠦᠯᠦᠭᠡᠳ ᠬᠤᠯᠠ ᠤᠶᠢᠷ᠎ᠠ ᠳᠠᠭᠠᠨ ᠨᠡᠷ᠎ᠡ

ᠠᠯᠳᠠᠷᠰᠢᠭᠰᠠᠨ ᠬᠠᠰᠢᠷ ᠡᠮᠴᠢ ᠶᠢᠨ ᠨᠢᠬᠡ ᠪᠠᠶᠢᠵᠠᠢ᠃  ᠴᠤᠶᠢᠰᠢᠮᠫᠢᠯ ᠡᠮᠴᠢ 1957 ᠤᠨ ᠳᠤ ᠲᠤᠮᠳᠠᠳᠤ ᠤᠯᠤᠰ

 ᠤᠨ ᠡᠪ ᠬᠠᠮᠳᠤ ᠨᠠᠮ ᠲᠤ  ᠡᠯᠰᠡᠭᠳᠡᠵᠦ᠂ 1983 ᠤᠨ ᠳᠤ ᠭᠤᠤᠯᠯᠠᠭᠴᠢ ᠡᠮᠴᠢ ᠶᠢᠨ ᠴᠤᠯᠠ ᠬᠦᠷᠳᠡᠵᠡᠢ᠃

 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号