ᠷᠠᠰᠢᠯᠾᠦ᠋ᠩᠷᠤᠪ
ᠨᠡᠶᠢᠲᠡᠯᠡᠭᠰᠡᠨ ᠴᠠᠭ᠄
2018/11/28

ᠷᠠᠰᠢᠯᠾᠦ᠋ᠩᠷᠤᠪ ︵1918 — 1977︶᠂  ᠲᠠᠶᠢᠹᠤᠰᠧ ᠵᠡᠬᠦᠨ ᠭᠠᠷ ᠰᠦᠷᠦᠭ ᠤᠨ ᠬᠦᠯᠦ ᠬᠦᠬᠡ

ᠬᠤᠰᠢᠭᠤᠨ ᠤ ᠬᠦᠮᠦᠨ᠃ ᠪᠠᠭ᠎ᠠ ᠠᠴᠠ ᠪᠠᠨ ᠮᠠᠨᠵᠤ᠂ ᠮᠤᠩᠭᠤᠯ ᠪᠢᠴᠢᠭ ᠲᠤ ᠨᠡᠪᠳᠡᠷᠡᠭᠰᠡᠨ ᠪᠦᠬᠡᠳ ᠠᠪᠤ ᠶᠢᠨ

 ᠢᠶᠠᠨ ᠦᠯᠡᠳᠡᠭᠡᠵᠦ ᠦᠭᠬᠦᠭᠰᠡᠨ  ᠬᠤᠷᠢᠨ ᠲᠦᠷᠪᠡᠨ ᠲᠡᠪᠭᠡ ᠲᠠᠢ ᠮᠤᠩᠭᠤᠯ ᠶᠠᠳᠤᠭ᠎ᠠ ᠶᠢ ᠴᠢᠪᠬᠠᠳᠠᠵᠤ ᠰᠤᠷᠤᠭᠠᠳ᠂

ᠬᠤᠰᠢᠭᠤ  ᠨᠤᠳᠤᠭ ᠲᠠᠭᠠᠨ ᠠᠯᠳᠠᠷ ᠲᠠᠢ ᠶᠠᠳᠤᠭᠠᠴᠢᠨ ᠪᠤᠯᠤᠭᠰᠠᠨ ᠪᠠᠶᠢᠪᠠ᠃  ᠴᠢᠯᠦᠭᠡᠯᠡᠭᠳᠡᠭᠰᠡᠨ ᠤ ᠲᠠᠷᠠᠭ᠎ᠠ  ᠂

ᠦᠪᠦᠷ ᠮᠤᠩᠭᠤᠯ ᠤᠨ ᠮᠦᠽᠸᠢ ᠪᠠᠶᠢᠭᠤᠯᠤᠭᠳᠠᠬᠤ ᠳᠤ ᠲᠤᠰ ᠶᠠᠳᠤᠭ᠎ᠠ   ᠪᠠᠨ ᠦᠨ᠎ᠡ ᠲᠦᠯᠦᠪᠦᠷᠢ ᠦᠬᠡᠢ ᠪᠠᠷ

ᠬᠠᠨᠳᠢᠪᠯᠠᠨ  ᠦᠭᠴᠡᠢ᠃ ᠡᠨᠡ ᠶᠠᠳᠤᠭ᠎ᠠ ᠨᠢ ᠮᠤᠩᠭᠤᠯ ᠦᠨᠳᠦᠰᠦᠳᠡᠨ ᠤ ᠡᠷᠳᠡᠨ ᠠᠴᠠ ᠤᠯᠠᠮᠵᠢᠯᠠᠭᠳᠠᠵᠤ

ᠢᠷᠡᠭᠰᠡᠨ ᠬᠤᠪᠤᠷ ᠴᠤᠬᠠᠭ  ᠬᠦᠭᠵᠢᠮ ᠤᠨ ᠨᠢᠬᠡ ᠪᠤᠯᠵᠤ᠂  ᠤᠳᠤ  ᠪᠤᠯᠳᠠᠯ᠎ᠠ ᠦᠪᠦᠷ ᠮᠤᠩᠭᠤᠯ ᠤᠨ ᠮᠦᠽᠸᠢ

 ᠳᠤ ᠬᠠᠳᠠᠭᠠᠯᠠᠭᠳᠠᠵᠤ ᠪᠠᠶᠢᠨ᠎ᠠ᠃  ᠷᠠᠰᠢᠯᠾᠦ᠋ᠩᠷᠤᠪ 1950 ᠤᠨ ᠤ ᠦᠶ᠎ᠡ ᠳᠤ ᠠᠷᠠᠳ ᠤᠨ ᠰᠤᠷᠭᠠᠭᠤᠯᠢ

ᠡᠷᠬᠢᠯᠡᠵᠦ᠂ ᠨᠤᠳᠤᠭ ᠤᠰᠤᠨ ᠤ ᠪᠠᠨ ᠵᠠᠯᠠᠭᠤᠰ ᠪᠠᠭᠠᠴᠤᠳ ᠲᠤ ᠮᠤᠩᠭᠤᠯ ᠪᠢᠴᠢᠭ ᠵᠢᠭᠠᠵᠤ᠂ ᠦᠨᠳᠦᠰᠦᠳᠡᠨ ᠤ

ᠰᠤᠶᠤᠯ ᠰᠤᠷᠭᠠᠨ ᠬᠦᠮᠦᠵᠢᠯ ᠤᠨ ᠦᠢᠯᠡᠰ ᠲᠤ ᠬᠠᠷᠠᠮ ᠦᠬᠡᠢ ᠬᠦᠴᠦ ᠪᠠᠨ ᠡᠷᠬᠦᠵᠦ ᠢᠷᠡᠵᠡᠢ᠃

 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号