ᠷᠠᠳ᠊​‍ᠨᠠᠪᠠᠽᠠᠷ
ᠨᠡᠶᠢᠲᠡᠯᠡᠭᠰᠡᠨ ᠴᠠᠭ᠄
2018/11/28

  ᠷᠠᠳᠨᠠᠪᠠᠽᠠᠷ ︵1900 — 1962︶᠂ ᠲᠠᠶᠢᠹᠤᠰᠧ ᠵᠡᠬᠦᠨ ᠭᠠᠷ ᠰᠦᠷᠦᠭ ᠤᠨ ᠬᠦᠪᠡᠭᠡᠳᠦ ᠰᠢᠷ᠎ᠠ

ᠬᠤᠰᠢᠭᠤᠨ ᠤ ᠬᠦᠮᠦᠨ᠃  ᠠᠪᠤ ᠡᠵᠢ ᠨᠢ ᠡᠷᠳᠡ ᠨᠠᠰᠤ ᠪᠠᠷᠠᠭᠰᠠᠨ ᠪᠤᠯᠬᠤᠷ  ᠠᠷᠪᠠᠨ ᠭᠤᠷᠪᠠᠨ ᠨᠠᠰᠤᠨ ᠠᠴᠠ

 ᠪᠠᠨ ᠠᠶᠢᠯ ᠭᠡᠷ ᠢᠶᠠᠨ ᠲᠠᠭᠠᠭᠠᠵᠤ᠂ ᠦᠨᠦᠴᠢᠨ ᠲᠡᠬᠦᠦ ᠨᠡᠷ ᠢᠶᠠᠨ ᠦᠰᠭᠡᠨ ᠬᠦᠮᠦᠵᠢᠬᠦᠯᠬᠦ ᠬᠠᠳᠠᠭᠤᠵᠢᠯᠳᠠᠢ

ᠠᠮᠢᠳᠤᠷᠠᠯ ᠢ ᠲᠤᠭᠤᠯᠵᠤ ᠢᠷᠡᠵᠡᠢ᠃  ᠴᠢᠯᠦᠭᠡᠯᠡᠭᠳᠡᠬᠦ ᠠᠴᠠ ᠡᠮᠦᠨ᠎ᠡ᠂ ᠠᠷᠪᠠ ᠶᠢᠨ ᠲᠠᠷᠤᠭ᠎ᠠ᠂  ᠲᠠᠪᠢ ᠶᠢᠨ

ᠲᠠᠷᠤᠭ᠎ᠠ ᠪᠤᠯᠵᠤ ᠦᠩᠭᠡᠷᠡᠭᠰᠡᠨ ᠪᠦᠬᠡᠳ ᠴᠢᠯᠦᠭᠡᠯᠡᠭᠳᠡᠭᠰᠡᠨ ᠤ ᠲᠠᠷᠠᠭ᠎ᠠ ᠡᠪ ᠬᠠᠮᠳᠤ ᠨᠠᠮ ᠤᠨ ᠤᠳᠤᠷᠢᠳᠤᠯᠭ᠎ᠠ ᠶᠢ

ᠲᠠᠭᠠᠵᠤ᠂ ᠦᠢᠯᠡᠳᠪᠦᠷᠢᠯᠡᠯ ᠬᠦᠳᠡᠯᠮᠦᠷᠢ ᠳᠤ ᠢᠳᠡᠪᠬᠢᠳᠡᠢ ᠤᠷᠤᠯᠴᠠᠨ᠂  ᠦᠢᠯᠡᠳᠦᠯᠬᠡ ᠶᠢᠨ ᠲᠤᠮᠳᠠ ᠰᠤᠷᠴᠤ

ᠡᠵᠡᠮᠰᠢᠭᠰᠡᠨ ᠠᠷᠭ᠎ᠠ ᠲᠤᠮ ᠢᠶᠠᠷ ᠢᠶᠠᠨ ᠤᠶᠢᠷ᠎ᠠ ᠬᠠᠪᠢ ᠶᠢᠨ ᠬᠤᠳᠠ ᠤᠰᠤᠨ ᠤ ᠪᠠᠨ ᠬᠤᠨᠢ ᠮᠠᠯ ᠤᠨ  ᠬᠢᠵᠢᠭ

ᠭᠡᠮ ᠰᠡᠷᠭᠡᠶᠢᠯᠡᠨ ᠵᠠᠰᠠᠬᠤ ᠠᠵᠢᠯ ᠢ ᠬᠢᠳᠡᠭ ᠪᠠᠶᠢᠪᠠ᠃ 1950 —1951 ᠤᠨ ᠳᠤ ᠠᠶᠢᠮᠠᠭ ᠬᠤᠰᠢᠭᠤᠨ ᠤ

ᠬᠦᠳᠡᠯᠮᠦᠷᠢ ᠶᠢᠨ ᠵᠢᠱᠢᠶᠡᠴᠢ ᠪᠠᠷ  ᠵᠢᠯ ᠲᠠᠷᠠᠭᠠᠯᠠᠨ ᠰᠤᠩᠭᠤᠭᠳᠠᠵᠤ᠂  ᠰᠠᠶᠢᠰᠢᠶᠠᠨ ᠬᠦᠬᠢᠬᠦᠯᠬᠦ ᠬᠤᠷᠠᠯ ᠳᠤ

ᠤᠷᠤᠯᠴᠠᠵᠤ ᠪᠠᠶᠢᠭᠰᠠᠨ ᠪᠦᠬᠡᠳ ᠪᠠᠰᠠ ᠨᠢᠬᠡ ᠤᠳᠠᠭ᠎ᠠ ᠴᠦᠬᠡᠨ ᠲᠤᠭᠠᠳᠤ ᠦᠨᠳᠦᠰᠦᠳᠡᠨ ᠤ ᠲᠤᠭᠤᠷᠢᠨ ᠦᠵᠡᠬᠦ

ᠪᠦᠯᠬᠦᠮ ᠳᠤ ᠤᠷᠤᠵᠤ᠂ ᠪᠡᠭᠡᠵᠢᠩ᠂ ᠲᠢᠶᠠᠨᠵᠢᠨ ᠵᠡᠷᠭᠡ ᠮᠤᠵᠢ ᠬᠤᠳᠠ ᠪᠠᠷ ᠲᠤᠭᠤᠷᠢᠨ ᠦᠵᠡᠵᠦ᠂ ᠤᠳᠤᠨ

ᠮᠧᠲᠠᠯ ᠢᠶᠠᠷ ᠡᠩᠭᠡᠷ ᠢᠶᠠᠨ ᠮᠢᠯᠢᠶᠠᠯᠭᠠᠨ ᠬᠠᠷᠢᠵᠤ ᠢᠷᠡᠭᠰᠡᠨ ᠪᠠᠶᠢᠨ᠎ᠠ᠃  ᠮᠦᠨ 1950 — 1953 ᠤᠨ ᠳᠤ

ᠲᠦᠷᠪᠡᠨ ᠵᠢᠯ ᠲᠠᠷᠠᠭᠠᠯᠠᠨ ᠲᠠᠶᠢᠹᠤᠰᠧ ᠵᠡᠬᠦᠨ ᠬᠤᠰᠢᠭᠤᠨ ᠤ  ᠠᠷᠠᠳ ᠤᠨ ᠲᠦᠯᠦᠭᠡᠯᠡᠭᠴᠢᠳ ᠤᠨ ᠬᠤᠷᠠᠯ ᠲᠤ

ᠲᠦᠯᠦᠭᠡᠯᠡᠭᠴᠢ ᠪᠠᠷ ᠰᠤᠩᠭᠤᠭᠳᠠᠨ ᠤᠷᠤᠯᠴᠠᠵᠤ᠂  ᠬᠤᠰᠢᠭᠤ ᠵᠠᠰᠠᠭ ᠤᠨ ᠤᠷᠳᠤᠨ ᠤ ᠪᠠᠶᠢᠩᠭᠤ ᠶᠢᠨ ᠬᠡᠰᠢᠬᠦᠨ  

ᠪᠤᠯᠵᠤ ᠦᠩᠭᠡᠷᠡᠪᠡ᠃

 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号