ᠸᠠᠩᠴᠤᠭᠨᠤᠷᠪᠤ
ᠨᠡᠶᠢᠲᠡᠯᠡᠭᠰᠡᠨ ᠴᠠᠭ᠄
2018/11/28
 ᠸᠠᠩᠴᠤᠭᠨᠤᠷᠪᠤ ︵1917 — 1981︶  ᠂ ᠲᠠᠶᠢᠹᠤᠰᠧ ᠵᠡᠬᠦᠨ ᠭᠠᠷ ᠰᠦᠷᠦᠭ ᠤᠨ ᠬᠦᠪᠡᠭᠡᠳᠦ ᠴᠠᠭᠠᠨ ᠬᠤᠰᠢᠭᠤᠨ ᠤ ᠬᠠᠰᠢᠶᠠᠳᠤ ᠶᠢᠨ ᠬᠦᠮᠦᠨ᠃ 1950 ᠤᠨ ᠳᠤ ᠴᠢᠭᠤᠯᠤᠯᠳᠤ ᠬᠠᠭᠠᠯᠭ᠎ᠠ ᠬᠤᠳᠠᠨ᠎ᠠ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠤᠷᠴᠢᠭᠤᠯᠭ᠎ᠠ ᠶᠢᠨ ᠲᠤᠪᠴᠢᠶ᠎ᠠ ᠳᠤ ᠠᠵᠢᠯ ᠤᠨ ᠭᠠᠷᠤᠭ᠎ᠠ ᠠᠪᠴᠤ᠂ ᠲᠠᠷᠠᠭ᠎ᠠ ᠵᠢᠯ ᠨᠢ ᠬᠦᠬᠡᠬᠤᠳᠠ ᠳᠤ ᠰᠢᠯᠵᠢᠨ᠂ ᠦᠪᠦᠷ ᠮᠤᠩᠭᠤᠯ ᠤᠨ ᠠᠷᠠᠳ ᠤᠨ ᠭᠡᠪᠯᠡᠯ ᠤᠨ ᠬᠤᠷᠢᠶ᠎ᠠ ᠳᠤ ᠨᠠᠶᠢᠷᠠᠭᠤᠯᠤᠭᠴᠢ  ᠨᠠᠷ ᠠᠵᠢᠯᠯᠠᠵᠠᠢ᠃ ᠭᠡᠪᠯᠡᠯ ᠤᠨ ᠬᠤᠷᠢᠶᠠᠨ ᠤ ᠪᠠᠶᠢᠭᠠᠯᠢ ᠶᠢᠨ ᠰᠢᠨᠵᠢᠯᠡᠬᠦ ᠤᠬᠠᠭᠠᠨ ᠤ ᠨᠤᠮ ᠨᠠᠶᠢᠷᠠᠭᠤᠯᠬᠤ ᠲᠠᠰᠤᠭ ᠲᠤ ᠠᠵᠢᠯᠯᠠᠵᠤ ᠪᠠᠶᠢᠬᠤ ᠳᠠᠭᠠᠨ ᠡᠮ ᠡᠮᠨᠡᠯᠬᠡ᠂ ᠡᠷᠡᠬᠦᠯ ᠬᠠᠮᠠᠭᠠᠯᠠᠯ᠂ ᠮᠠᠯ ᠠᠵᠤ ᠠᠬᠤᠢ ᠶᠢᠨ ᠲᠤᠰᠬᠠᠢ ᠨᠤᠮ ᠢ ᠤᠯᠠᠨ ᠤᠷᠴᠢᠭᠤᠯᠤᠭᠰᠠᠨ ᠪᠦᠬᠡᠳ ︽ᠠᠳᠤᠭᠤ᠂ ᠦᠬᠡᠷ᠂ ᠬᠤᠨᠢᠨ   ᠤ ᠠᠷᠠᠴᠢᠯᠠᠭ᠎ᠠ ᠬᠠᠮᠢᠶᠠᠷᠤᠯᠳᠠ︾ ᠨᠤᠮ ᠨᠢ 1980 ᠤᠨ ᠳᠤ ᠪᠦᠬᠦ ᠤᠯᠤᠰ ᠤᠨ ᠴᠦᠬᠡᠨ ᠲᠤᠭᠠᠳᠤ ᠦᠨᠳᠦᠰᠦᠳᠡᠨ ᠤ ᠬᠡᠯᠡ ᠪᠠᠷ ᠨᠠᠶᠢᠷᠠᠭᠤᠯᠤᠭᠰᠠᠨ ᠰᠢᠨᠵᠢᠯᠡᠬᠦ ᠤᠬᠠᠭᠠᠨ ᠢ ᠲᠦᠭᠡᠮᠡᠯᠵᠢᠬᠦᠯᠦᠭᠰᠡᠨ ᠪᠦᠳᠦᠭᠡᠯ ᠤᠨ ᠱᠠᠩᠨᠠᠯ ᠬᠦᠬᠢᠬᠦᠯᠦᠯ ᠢ ᠲᠤᠰᠤᠭᠰᠠᠨ ᠪᠠᠶᠢᠨ᠎ᠠ᠃  ᠰᠢᠨᠵᠢᠯᠡᠬᠦ ᠤᠠᠬᠠᠭᠠᠨ ᠲᠧᠭᠨᠢᠭ ᠮᠡᠷᠭᠡᠵᠢᠯ ᠤᠨ ᠨᠡᠷ᠎ᠡ ᠲᠤᠮᠢᠶ᠎ᠠ ᠶᠢ ᠤᠷᠴᠢᠭᠤᠯᠬᠤ ᠳᠤ ᠱᠠᠭᠠᠷᠳᠠᠯᠭ᠎ᠠ ᠦᠨᠳᠦᠷ ᠪᠠᠶᠢᠭᠰᠠᠨ ᠴᠤ ᠸᠠᠩᠴᠤᠭᠨᠤᠷᠪᠤ ᠴᠢᠨᠠᠷ ᠰᠠᠶᠢᠳᠠᠢ ᠤᠶᠢᠯᠠᠭᠠᠮᠵᠢᠳᠠᠢ ᠰᠠᠶᠢᠬᠠᠨ ᠤᠷᠴᠢᠭᠤᠯᠳᠠᠭ ᠪᠠᠶᠢᠵᠠᠢ᠃  ᠲᠡᠷᠡᠪᠡᠷ ᠬᠤᠯᠤᠰᠤᠨ ᠦᠵᠦᠭ᠂ ᠦᠰᠦᠨ ᠪᠢᠷ ᠤᠨ ᠤᠷᠠᠨ ᠦᠰᠦᠭ ᠢ ᠮᠠᠰᠢ ᠭᠤᠶᠤ ᠪᠢᠴᠢᠳᠡᠭ ᠪᠠᠶᠢᠭᠰᠠᠨ ᠤᠴᠢᠷ ᠤᠯᠠᠨ ᠠᠷᠪᠢᠨ ᠰᠤᠷᠬᠤ ᠪᠢᠴᠢᠭ᠂ ᠬᠡᠦᠭᠡᠳ ᠤᠨ ᠤᠩᠰᠢᠬᠤ ᠨᠤᠮ᠂ ᠴᠠᠭ ᠤᠯᠠᠷᠢᠯ ᠤᠨ ᠪᠢᠴᠢᠭ ᠢ ᠰᠡᠶᠢᠷᠡᠬᠦᠯᠵᠦ ᠭᠡᠪᠯᠡᠯ ᠳᠤ ᠤᠷᠤᠭᠤᠯᠤᠭᠰᠠᠨ ᠪᠠᠶᠢᠳᠠᠭ᠃ ᠬᠠᠸᠠᠩᠵᠠᠪ᠂ ᠠᠮᠢᠬᠤᠷᠳᠤ ᠵᠡᠷᠭᠡ ᠨᠡᠷᠡᠳᠦ ᠤᠷᠠᠨ ᠪᠢᠴᠢᠯᠭᠡᠳᠡᠳ ᠤᠨ ᠬᠠᠮᠳᠤ ︽ᠮᠤᠩᠭᠤᠯ ᠦᠰᠦᠭ ᠤᠨ ᠲᠦᠷᠢᠮ ᠤᠨ ᠲᠤᠯᠢ︾ ᠶᠢ ᠦᠰᠦᠨ ᠪᠢᠷ ᠢᠶᠠᠷ ᠰᠡᠶᠢᠷᠡᠬᠦᠯᠦᠨ ᠪᠢᠴᠢᠭᠰᠡᠨ ᠨᠢ ᠲᠡᠬᠦᠨ ᠤ ᠭᠠᠷ ᠤᠷᠠᠯᠠᠯ ᠤᠨ ᠤᠬᠢ ᠪᠦᠳᠦᠭᠡᠯ ᠪᠤᠯᠵᠠᠢ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号