ᠹᠦ᠊᠂  ᠪᠠᠳᠤᠬᠦᠮᠦᠵᠢᠬᠦ
ᠨᠡᠶᠢᠲᠡᠯᠡᠭᠰᠡᠨ ᠴᠠᠭ᠄
2018/11/28

 ᠹᠦ᠊᠂  ᠪᠠᠳᠤᠬᠦᠮᠦᠵᠢᠬᠦ ︵1924 —1998︶᠂  ᠲᠠᠶᠢᠹᠤᠰᠧ ᠵᠡᠬᠦᠨ ᠭᠠᠷ ᠰᠦᠷᠦᠭ ᠤᠨ ᠬᠦᠯᠦ ᠴᠠᠭᠠᠨ

ᠬᠤᠰᠢᠭᠤᠨ ᠤ ᠦᠴᠢ ᠤᠪᠤᠭᠠᠨ ᠤ ᠬᠦᠮᠦᠨ᠂ ᠬᠠᠩᠬᠢᠨ ᠤᠪᠤᠭ ᠲᠠᠢ᠂ ᠬᠤᠵᠢᠮ ᠨᠢ ᠹᠦ᠊᠂ ᠪᠠᠳᠤ ᠭᠡᠳᠡᠭ ᠨᠡᠷ᠎ᠡ ᠶᠢ

ᠭᠡᠷᠡᠭᠯᠡᠵᠡᠢ᠃ 1938 ᠤᠨ ᠳᠤ ᠪᠠᠭ᠎ᠠ ᠰᠤᠷᠭᠠᠭᠤᠯᠢ ᠲᠡᠬᠦᠰᠴᠦ᠂ 1939 ᠤᠨ ᠠᠴᠠ ᠸᠠᠩ ᠤᠨ ᠰᠦᠮ᠎ᠡ  ︵

ᠤᠳᠤᠬᠢ ᠤᠯᠠᠭᠠᠨᠬᠤᠳᠠ︶   ᠶᠢᠨ ᠬᠢᠩᠭᠠᠨ ᠲᠡᠭᠡᠳᠦ ᠰᠤᠷᠭᠠᠭᠤᠯᠢ ᠳᠤ ᠰᠤᠷᠤᠯᠴᠠᠭᠠᠳ᠂ ᠲᠡᠬᠦᠰᠦᠭᠰᠡᠨ ᠤ ᠲᠠᠷᠠᠭ᠎ᠠ

ᠴᠢᠭᠤᠯᠤᠯᠳᠤ ᠬᠠᠭᠠᠯᠭ᠎ᠠ ᠳᠠᠬᠢ ᠲᠦᠪ ᠤᠨ ᠡᠮᠨᠡᠯᠬᠡ ᠶᠢᠨ ᠲᠡᠭᠡᠳᠦ ᠰᠤᠷᠭᠠᠭᠤᠯᠢ ᠳᠤ ᠰᠢᠯᠭᠠᠨ ᠤᠷᠤᠪᠠ᠃ 1945

ᠤᠨ ᠤ 8 ᠰᠠᠷ᠎ᠠ ᠳᠤ ᠴᠡᠷᠢᠭ ᠲᠤ ᠤᠷᠤᠵᠤ᠂ ᠨᠠᠢᠮᠠᠳᠤᠭᠠᠷ ᠵᠠᠮ ᠤᠨ ᠴᠡᠷᠢᠭ ᠤᠨ ᠡᠮᠨᠡᠯᠬᠡ ᠶᠢᠨ ᠬᠤᠷᠢᠶᠠᠨ ᠤ

ᠡᠮᠴᠢ ᠪᠤᠯᠵᠠᠢ᠃ 1955 — 1958 ᠤᠨ ᠬᠦᠷᠳᠡᠯ᠎ᠡ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ

ᠮᠤᠩᠭᠤᠯ ᠢ ᠲᠤᠰᠠᠯᠠᠨ ᠠᠵᠢᠯᠯᠠᠵᠤ ᠪᠠᠶᠢᠭ᠎ᠠ ᠠᠵᠢᠯᠴᠢᠨ ᠠᠵᠢᠯᠳᠠᠨ ᠤ ᠡᠮᠨᠡᠯᠬᠡ ᠶᠢᠨ ᠬᠤᠷᠢᠶᠠᠨ ᠤ ᠭᠠᠳᠠᠷ ᠰᠠᠯᠠᠭᠠᠨ

 ᠤ ᠡᠷᠬᠢᠯᠡᠭᠴᠢ ᠡᠮᠴᠢ ᠪᠠᠷ ᠠᠵᠢᠯᠯᠠᠵᠤ᠂ 1965 ᠤᠨ ᠳᠤ ᠦᠪᠦᠷ ᠮᠤᠩᠭᠤᠯ ᠤᠨ ᠤᠢ ᠰᠢᠭᠤᠢ ᠶᠢᠨ ᠲᠡᠭᠡᠳᠦ

ᠰᠤᠷᠭᠠᠭᠤᠯᠢ ᠶᠢᠨ ᠡᠮᠨᠡᠯᠬᠡ ᠶᠢᠨ ᠭᠠᠵᠠᠷ ᠲᠤ ᠰᠢᠯᠵᠢᠨ᠂ ᠭᠠᠵᠠᠷ ᠤᠨ ᠲᠠᠷᠤᠭ᠎ᠠ ᠪᠠᠷ ᠠᠵᠢᠯᠯᠠᠪᠠ᠃ 1989 ᠤᠨ

 ᠳᠤ ᠨᠠᠰᠤ ᠨᠦᠭᠴᠢᠭᠰᠡᠨ ᠤ ᠬᠢᠨᠢ ᠲᠠᠷᠠᠭ᠎ᠠ ᠬᠦᠬᠡᠬᠤᠳᠠ ᠶᠢᠨ ᠬᠤᠪᠢᠰᠬᠠᠯᠴᠢᠳ ᠤᠨ ᠨᠡᠶᠢᠳᠡ ᠶᠢᠨ ᠤᠩᠭᠤᠨ ᠳᠤ

ᠤᠷᠤᠰᠢᠭᠤᠯᠤᠭᠰᠠᠨ ᠪᠠᠶᠢᠨ᠎ᠠ᠃

 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号