ᠹᠦ᠊᠂ ᠮᠡᠨᠳᠦ
ᠨᠡᠶᠢᠲᠡᠯᠡᠭᠰᠡᠨ ᠴᠠᠭ᠄
2018/11/28

 ᠹᠦ᠊᠂ ᠮᠡᠨᠳᠦ ︵1922 —    ︶᠂  ᠲᠠᠶᠢᠹᠤᠰᠧ ᠵᠡᠬᠦᠨ ᠭᠠᠷ ᠰᠦᠷᠦᠭ ᠤᠨ ᠬᠦᠯᠦ ᠴᠠᠭᠠᠨ ᠬᠤᠰᠢᠭᠤᠨ ᠤ

ᠦᠴᠢ ᠤᠪᠤᠭᠠᠨ ᠤ ᠬᠦᠮᠦᠨ᠂ ᠬᠠᠩᠬᠢᠨ ᠤᠪᠤᠭ ᠲᠠᠢ᠂ ᠪᠠᠭ᠎ᠠ ᠶᠢᠨ ᠨᠡᠷ᠎ᠡ ᠨᠢ ᠮᠡᠨᠳᠦᠦ᠋ᠰᠬᠦ᠃ ᠤᠤᠯ ᠨᠢ ᠬᠦᠯᠦᠨ

ᠪᠤᠶᠢᠷ ᠠᠶᠢᠮᠠᠭ ᠤᠨ ᠡᠷᠬᠦᠨ᠎ᠡ ᠵᠡᠬᠦᠨ ᠬᠤᠰᠢᠭᠤᠨ ᠳᠤ ᠠᠵᠢᠯᠯᠠᠵᠤ ᠪᠠᠶᠢᠭᠰᠠᠨ ᠪᠦᠬᠡᠳ ᠲᠤᠰ ᠬᠤᠰᠢᠭᠤᠨ ᠤ

ᠭᠠᠶᠢᠯᠢ ᠶᠢᠨ ᠶᠠᠪᠤᠳᠠᠯ ᠤᠨ ᠨᠡᠶᠢᠬᠡᠮᠯᠢᠭ ᠤᠨ ᠪᠠᠶᠢᠩᠭᠤ ᠶᠢᠨ ᠭᠡᠷᠡᠭ ᠡᠷᠬᠢᠯᠡᠭᠴᠢ ᠪᠠᠷ ᠠᠵᠢᠯᠯᠠᠵᠤ ᠦᠩᠭᠡᠷᠡᠪᠡ᠃

ᠡᠷᠬᠦᠨ᠎ᠡ ᠵᠡᠬᠦᠨ ᠬᠤᠰᠢᠭᠤᠨ ᠤ ᠤᠯᠤᠰ ᠲᠦᠷᠦ ᠶᠢᠨ ᠵᠦᠪᠯᠡᠯᠬᠡᠨ ᠳᠤ ᠠᠵᠢᠯᠯᠠᠵᠤ ᠪᠠᠶᠢᠬᠤ ᠳᠠᠭᠠᠨ ︽ᠮᠠᠨ ᠤ

ᠤᠯᠤᠰ ᠤᠨ ᠭᠠᠶᠢᠯᠢ ᠬᠤᠷᠢᠶᠠᠬᠤ ᠲᠦᠷᠢᠮ ᠬᠢᠭᠡᠳ ᠲᠡᠬᠦᠨ ᠤ ᠬᠤᠪᠢᠰᠤᠯᠳᠠ ᠶᠢᠨ ᠪᠠᠶᠢᠳᠠᠯ︾ ᠬᠡᠮᠡᠬᠦ ᠦᠬᠦᠯᠡᠯ

 ᠢᠶᠠᠨ ᠨᠡᠶᠢᠳᠡᠯᠡᠬᠦᠯᠪᠡ᠃ 1987 ᠤᠨ ᠳᠤ ᠡᠷᠬᠦᠨ᠎ᠡ ᠪᠠᠷᠠᠭᠤᠨ ᠬᠤᠰᠢᠭᠤᠨ ᠤ ᠤᠯᠤᠰ ᠲᠦᠷᠦ ᠶᠢᠨ ᠵᠦᠪᠯᠡᠯᠬᠡᠨ

 ᠤ ᠨᠠᠶᠢᠳᠠᠯᠭ᠎ᠠ ᠪᠠᠷ ᠪᠦᠷᠢᠨ ᠲᠠᠢ ᠬᠠᠮᠳᠤᠷᠠᠨ᠂  ᠬᠠᠭᠤᠷᠮᠠᠭ ᠮᠠᠨᠵᠤ ᠶᠢᠨ ᠺᠠᠩ ᠳ᠋ᠧ ᠶᠢᠨ ᠬᠤᠶᠠᠳᠤᠭᠠᠷ ᠤᠨ ᠳᠤ

ᠪᠢᠴᠢᠭᠳᠡᠭᠰᠡᠨ ︽ᠡᠷᠬᠦᠨ᠎ᠡ ᠭᠤᠤᠯ ᠢ ᠪᠠᠶᠢᠴᠠᠭᠠᠭᠰᠠᠨ ᠲᠡᠮᠳᠡᠭᠯᠡᠯ︾ ᠢ ᠶᠠᠫᠤᠨ ᠬᠡᠯᠡᠨ ᠠᠴᠠ ᠤᠷᠴᠢᠭᠤᠯᠤᠭᠠᠳ᠂

ᠦᠪᠦᠷ ᠮᠤᠩᠭᠤᠯ ᠤᠨ ᠠᠬᠠᠮᠠᠳ ᠺᠠᠳᠠᠷ ᠤᠨ ᠲᠤᠪᠴᠢᠶᠠᠨ ᠤ ᠦᠨᠡᠮᠯᠡᠯ  ᠱᠠᠩᠨᠠᠯ ᠢ ᠬᠦᠷᠳᠡᠵᠡᠢ᠃ ᠪᠠᠰᠠ ᠡᠷᠬᠦᠨ᠎ᠡ

ᠵᠡᠬᠦᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠠᠴᠠ ᠡᠷᠬᠢᠯᠡᠵᠦ ᠨᠠᠶᠢᠷᠠᠭᠤᠯᠤᠭᠰᠠᠨ ᠬᠤᠰᠢᠭᠤᠨ ᠤ

ᠤᠶᠢᠯᠠᠯᠭ᠎ᠠ ᠶᠢ ᠪᠢᠴᠢᠬᠦ ᠳᠤ ᠤᠷᠤᠯᠴᠠᠵᠤ᠂ ᠭᠠᠶᠢᠯᠢ   ᠶᠢᠨ ᠶᠠᠪᠤᠳᠠᠯ ᠤᠨ ᠭᠡᠰᠡᠭ ᠢ ᠬᠠᠷᠢᠭᠤᠴᠠᠨ ᠨᠠᠶᠢᠷᠠᠭᠤᠯᠤᠭᠰᠠᠨ

ᠪᠠᠶᠢᠪᠠ᠃

 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号