ᠲᠠᠶᠢᠹᠤᠰᠧ ᠬᠤᠰᠢᠭᠤᠨ ᠳᠤ ᠤᠮᠪᠠᠯᠳᠠ ᠶᠢᠨ ᠤᠷᠳᠤᠨ ᠲᠠᠢ ᠪᠤᠯᠪᠠ
ᠨᠡᠶᠢᠲᠡᠯᠡᠭᠰᠡᠨ ᠴᠠᠭ᠄
2018/11/28
      ᠪᠦᠬᠦ ᠤᠷᠤᠨ ᠳᠤ ᠴᠤᠷ ᠤᠨ ᠭᠠᠭᠴᠠ ᠬᠠᠭᠠᠨ ᠤ ᠠᠳᠤᠭᠤᠨ ᠰᠤᠶᠤᠯ ᠢᠶᠠᠷ ᠭᠤᠤᠯ ᠰᠡᠳᠦᠪ ᠪᠤᠯᠭᠠᠭᠰᠠᠨ ᠤᠯᠤᠰ ᠤᠨ 4A ᠲᠡᠰ ᠤᠨ ᠵᠢᠭᠤᠯᠴᠢᠯᠠᠯ ᠤᠨ ᠤᠷᠤᠨ  ᠪᠤᠯᠬᠤ  ᠲᠠᠶᠢᠹᠤᠰᠧ  ᠬᠤᠰᠢᠭᠤᠨ ᠤ ︽ᠬᠠᠭᠠᠨ  ᠤ ᠠᠳᠤᠭᠤᠨ ᠵᠤᠰᠠᠭᠠᠯ  ︾  ᠵᠢᠭᠤᠯᠴᠢᠯᠠᠯ ᠤᠨ ᠤᠷᠤᠨ   ᠨᠢ  ᠲᠠᠶᠢᠹᠤᠰᠧ ᠬᠤᠰᠢᠭᠤᠨ   ᠤ ᠲᠦᠪ ᠪᠤᠤᠴᠠᠩ ᠪᠠᠯᠭᠠᠰᠤ  ᠠᠴᠠ  25 ᠺᠢᠯᠤᠮᠧᠲᠷ ᠵᠠᠶᠢᠳᠠᠢ ᠬᠦᠨᠪᠤᠯᠠᠭ ᠰᠤᠮᠤᠨ ᠳᠤ ᠪᠠᠶᠢᠷᠢᠯᠠᠵᠤ ᠪᠤᠢ᠃ ᠵᠢᠭᠤᠯᠴᠢᠯᠠᠯ ᠤᠨ ᠤᠷᠤᠨ ᠤ ᠶᠡᠷᠦᠩᠭᠡᠢ ᠲᠠᠯᠠᠪᠠᠢ 1.5 ᠲᠦᠮᠡᠨ ᠮᠤ᠋᠃  ᠲᠤᠰ  ᠵᠢᠭᠤᠯᠴᠢᠯᠠᠯ ᠤᠨ ᠤᠷᠤᠨ ᠨᠢ  ᠵᠢᠭᠤᠯᠴᠢᠯᠠᠭᠴᠢᠳ ᠤᠨ ᠱᠠᠭᠠᠷᠳᠠᠯᠭ᠎ᠠ ᠶᠢ  ᠬᠦᠢᠴᠡᠳ ᠬᠠᠩᠭᠠᠬᠤ ᠪᠠᠷ ᠬᠠᠷᠠᠯᠳᠠ ᠪᠤᠯᠭᠠᠨ  ᠂ ︽ᠬᠠᠭᠠᠨ ᠤ ᠠᠳᠤᠭᠤᠨ ᠰᠤᠶᠤᠯ᠂ᠬᠠᠭᠠᠨ ᠤ ᠠᠳᠤᠭᠤᠨ ᠤ ᠦᠢᠯᠡᠰ︾   ᠢᠶᠠᠷ ᠭᠤᠤᠯ ᠰᠡᠳᠦᠪ ᠪᠤᠯᠭᠠᠵᠤ  ᠂ᠠᠷᠪᠠᠭᠠᠳ ᠵᠢᠯ ᠤᠨ ᠪᠦᠳᠦᠭᠡᠨ ᠪᠠᠶᠢᠭᠤᠯᠤᠯᠳᠠ ᠪᠠᠷ ᠲᠠᠮᠵᠢᠭᠠᠳ  ᠂ᠤᠳᠤ ᠪᠤᠯᠬᠤ ᠳᠤ ᠲᠤᠭᠤᠷᠢᠨ ᠵᠤᠭᠠᠴᠠᠬᠤ  ᠂ᠨᠠᠭᠠᠳᠴᠤ ᠴᠡᠩᠬᠡᠬᠦ  ᠂ᠤᠷᠤᠯᠳᠤᠭᠠᠨ ᠨᠠᠭᠠᠳᠤᠮ ᠡᠷᠬᠢᠯᠡᠬᠦ  ᠂ᠠᠳᠤᠭᠤᠨ ᠰᠤᠶᠤᠯ ᠢ ᠤᠶᠢᠯᠠᠭᠠᠬᠤ᠂ᠰᠢᠯᠢᠳᠡᠭ ᠡᠬᠦᠯᠳᠡᠷ ᠤᠨ ᠠᠳᠤᠭᠤ ᠮᠠᠯᠵᠢᠬᠤ ᠪᠠ ᠪᠤᠶᠢᠵᠢᠭᠤᠯᠬᠤ   ᠂ᠨᠤᠳᠤᠭ ᠤᠨ ᠭᠠᠷᠤᠯᠳᠠ ᠪᠤᠷᠤᠯᠠᠭᠤᠯᠬᠤ  ᠵᠢᠴᠢ ᠢᠳᠡᠭᠡᠨ ᠤᠮᠳᠠᠭᠠᠨ  ᠂ᠬᠤᠨᠤᠭ ᠰᠠᠭᠤᠴᠠ ᠶᠢ ᠤᠶᠠᠯᠳᠤᠭᠤᠯᠤᠭᠰᠠᠨ ᠵᠤᠭᠠᠴᠠᠯ  ᠤᠨ ᠲᠤᠮᠤ ᠦᠵᠡᠮᠵᠢᠳᠦ ᠴᠡᠭ ᠪᠤᠯᠤᠨ  ᠬᠦᠭᠵᠢᠭᠡᠳ  ᠂ᠲᠠᠶᠢᠹᠤᠰᠧ ᠬᠤᠰᠢᠭᠤᠨ  ᠤ ᠲᠤᠯᠤᠭᠠᠶᠢᠯᠠᠭᠴᠢ ᠠᠵᠤ ᠠᠬᠤᠶᠢᠯᠠᠯ   ᠤᠨ ᠨᠢᠬᠡ ᠪᠤᠯᠤᠭᠰᠠᠨ  ᠪᠤᠯᠬᠤ ᠶᠤᠮ᠃      ᠦᠪᠡᠷᠳᠡᠭᠡᠨ ᠵᠠᠰᠠᠬᠤ ᠤᠷᠤᠨ ᠤ ︽ᠲᠦᠷᠪᠡᠨ ᠤᠯᠠᠷᠢᠯ ᠤᠨ ᠵᠢᠭᠤᠯᠴᠢᠯᠠᠯ ᠡᠷᠬᠢᠯᠡᠬᠦ  ︾  ᠤᠷᠢᠶᠠᠯᠠᠭ᠎ᠠ ᠶᠢ ᠲᠠᠭᠠᠵᠤ  ᠂ᠡᠪᠦᠯ ᠤᠨ ᠤᠯᠠᠷᠢᠯ ᠤᠨ ᠵᠢᠭᠤᠯᠴᠢᠯᠠᠯ ᠤᠨ ᠠᠭᠤᠯᠭ᠎ᠠ ᠶᠢ ᠤᠯᠠᠮ  ᠪᠠᠶᠠᠯᠢᠬᠵᠢᠭᠤᠯᠤᠨ  ᠂ᠵᠢᠭᠤᠯᠴᠢᠯᠠᠯ  ᠤᠨ ᠴᠢᠨᠠᠷ ᠴᠢᠨᠰᠠᠭ᠎ᠠ ᠶᠢ ᠴᠢᠨᠠᠭᠰᠢᠳᠠ ᠰᠠᠶᠢᠵᠢᠷᠠᠭᠤᠯᠬᠤ ᠶᠢᠨ ᠲᠦᠯᠦᠬᠡ  ᠂ᠲᠤᠰ ᠵᠢᠭᠤᠯᠴᠢᠯᠠᠯ ᠤᠨ ᠤᠷᠤᠨ ᠨᠢ ᠲᠤᠯᠠᠭᠠᠯᠠᠭ᠎ᠠ  ᠂ ᠵᠠᠮ  ᠬᠤᠭᠤᠯᠠᠨ ᠭᠡᠷ  ᠂ᠵᠤᠴᠢᠳ ᠤᠨ ᠪᠠᠭᠤᠳᠠᠯ  ᠂ᠲᠡᠷᠭᠡ ᠭᠡᠯᠪᠡᠷᠢᠳᠦ ᠮᠤᠩᠭᠤᠯ ᠭᠡᠷ  ᠂ᠽᠧᠮᠧᠨ᠋ᠲ ᠪᠦᠳᠦᠴᠡᠳᠦ ᠮᠤᠩᠭᠤᠯ ᠭᠡᠷ  ᠂ᠠᠳᠤᠭᠤᠨ ᠤ  ᠬᠤᠷᠤᠭ᠎ᠠ ᠬᠠᠰᠢᠶ᠎ᠠ ᠵᠡᠷᠭᠡ ᠰᠠᠭᠤᠷᠢ ᠲᠦᠬᠦᠭᠡᠷᠦᠮᠵᠢ ᠪᠠᠨ ᠪᠦᠬᠦᠨ ᠢ  ᠲᠡᠰ ᠲᠡᠪᠰᠢᠬᠦᠯᠵᠦ ᠦᠬᠡᠷᠡᠴᠢᠯᠡᠨ  ᠪᠠᠶᠢᠭᠤᠯᠤᠭᠰᠠᠨ ᠪᠠᠶᠢᠨ᠎ᠠ᠃  ᠡᠨᠡ  ᠵᠢᠯ ᠪᠠᠰᠠ ᠲᠠᠶᠢᠹᠤᠰᠧ ᠬᠤᠰᠢᠭᠤᠨ ᠳᠠᠭᠠᠨ ᠠᠩᠬᠠᠳᠤᠭᠴᠢ ᠤᠮᠪᠠᠯᠳᠠ ᠶᠢᠨ ᠤᠷᠳᠤᠨ ᠢ  ᠪᠠᠶᠢᠭᠤᠯᠤᠭᠰᠠᠨ ᠪᠦᠬᠡᠳ ᠠᠳᠤᠭᠤᠨ ᠰᠤᠶᠤᠯ ᠢ ᠤᠶᠢᠯᠠᠭᠠᠬᠤ  ᠂ᠮᠤᠷᠢᠨ ᠮᠡᠷᠭᠡᠵᠢᠯ ᠤᠨ ᠲᠤᠭᠯᠠᠯᠳᠠ ᠰᠤᠨᠢᠷᠬᠠᠬᠤ  ᠂ᠲᠠᠯ᠎ᠠ ᠨᠤᠳᠤᠭ ᠤᠨ ᠦᠵᠡᠮᠵᠢ ᠶᠢ ᠰᠤᠨᠢᠷᠬᠠᠬᠤ   ᠂ ︽ᠲᠦᠮᠡᠨ ᠠᠭᠳᠠ ᠶᠢᠨ ᠲᠦᠪᠡᠷᠬᠡᠨ︾   ᠤ ᠲᠤᠭᠯᠠᠯᠳᠠ    ᠂ ᠺᠢᠨᠤ᠋ ᠦᠵᠡᠬᠦ  ᠂ᠤᠰᠤᠨ   ᠳᠤ ᠤᠮᠪᠠᠭ᠋ᠤ  ᠂ᠪᠡᠶ᠎ᠡ ᠪᠤᠯᠪᠠᠰᠤᠷᠠᠬᠤ  ᠂SPA  ᠂ᠦᠰᠦ ᠵᠠᠰᠠᠵᠤ ᠵᠢᠰᠦ ᠭᠤᠶᠤᠯᠠᠬᠤ  ᠂KTV ᠵᠡᠷᠭᠡ ᠠᠮᠠᠷᠠᠯᠳᠠ ᠰᠡᠯᠡᠬᠦᠴᠡᠯ  ᠂ᠵᠤᠭ᠎ᠠ ᠴᠡᠩᠬᠡᠯ ᠤᠨ ᠲᠦᠬᠦᠭᠡᠷᠦᠮᠵᠢ 30 ᠭᠠᠷᠤᠢ ᠲᠦᠷᠦᠯ ᠳᠤ ᠬᠦᠷᠴᠦ  ᠂ᠵᠢᠭᠤᠯᠴᠢᠯᠠᠯ ᠤᠨ ᠠᠭᠤᠯᠭ᠎ᠠ ᠶᠢ ᠤᠯᠠᠮ ᠡᠯᠪᠡᠭ ᠪᠠᠶᠠᠯᠢᠭ ᠪᠤᠯᠭᠠᠵᠠᠢ᠃  
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号