ᠲᠠᠶᠢᠹᠤᠰᠧ ᠬᠤᠰᠢᠭᠤᠨ ᠤ ᠶᠠᠳᠠᠭᠤ ᠬᠦᠴᠢᠷᠳᠡᠢ ᠭᠠᠴᠠᠭ᠎ᠠ ᠲᠤᠰᠬᠤᠨ ᠤ ᠦᠢᠯᠡᠰ ᠪᠦᠳᠦᠭᠡᠬᠦ ᠲᠠᠭᠠᠭᠤᠯᠤᠭᠴᠢ ᠶᠢᠨ ᠪᠤᠯᠪᠠᠰᠤᠷᠠᠯ ᠪᠡᠭᠡᠵᠢᠩ ᠳᠤ ᠶᠠᠪᠤᠭᠳᠠᠪᠠ
ᠨᠡᠶᠢᠲᠡᠯᠡᠭᠰᠡᠨ ᠴᠠᠭ᠄
2018-12-20

        ᠰᠢ ᠶᠢᠨ ᠫᠢᠩ ᠶᠡᠷᠦᠩᠬᠡᠢ ᠱᠦᠵᠢ ᠶᠢᠨ ᠶᠠᠳᠠᠭᠤ ᠶᠢ ᠳᠡᠳᠬᠦᠵᠦ ᠨᠡᠬᠡᠬᠡᠨ ᠬᠦᠭᠵᠢᠬᠦᠯᠬᠦ ᠪᠠᠶᠢᠯᠳᠤᠬᠤ ᠪᠤᠳᠤᠯᠭ᠎ᠠ

 ᠶᠢᠨ ᠦᠵᠡᠯ ᠰᠠᠨᠠᠭ᠎ᠠ ᠶᠢ ᠨᠠᠷᠢᠨ ᠨᠢᠮᠪᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂  ᠤᠨᠢᠨ ᠲᠡᠭᠡᠷ᠎ᠡ ᠨᠢ ᠲᠡᠳᠬᠦᠵᠦ

ᠶᠠᠳᠠᠭᠤ ᠠᠴᠠ ᠠᠩᠬᠢᠵᠢᠷᠠᠭᠤᠯᠬᠤ ᠦᠨᠳᠦᠰᠦᠨ ᠪᠤᠳᠤᠯᠭ᠎ᠠ ᠶᠢ ᠬᠦᠨᠵᠡᠬᠡᠢ ᠲᠦᠯᠬᠢᠨ ᠠᠬᠢᠭᠤᠯᠵᠤ᠂ ᠶᠠᠳᠠᠭᠤ  ᠬᠦᠴᠢᠷᠳᠡᠢ

ᠭᠠᠴᠠᠭ᠎ᠠ ᠲᠤᠰᠬᠤᠨ ᠤ ᠰᠢᠨ᠎ᠡ ᠶᠢ  ᠡᠬᠦᠳᠬᠦ ᠠᠮᠢᠵᠢᠷᠠᠯ ᠤᠨ ᠬᠦᠴᠦᠨ ᠢ  ᠴᠢᠩᠭᠠᠷᠠᠭᠤᠯᠤᠨ᠂ ᠶᠠᠳᠠᠭᠤ ᠬᠦᠴᠢᠷᠳᠡᠢ  

ᠬᠦᠮᠦᠰ ᠤᠨ ᠤᠷᠤᠯᠭ᠎ᠠ ᠪᠠᠨ ᠨᠡᠮᠡᠭᠳᠡᠬᠦᠯᠵᠦ ᠶᠠᠳᠠᠭᠤ ᠠᠴᠠ ᠠᠩᠬᠢᠵᠢᠷᠠᠬᠤ ᠠᠯᠬᠤᠭ᠎ᠠ ᠶᠢ ᠲᠦᠷᠭᠡᠳᠭᠡᠬᠦ ᠶᠢᠨ ᠲᠦᠯᠦᠬᠡ᠂  

ᠲᠠᠶᠢᠹᠤᠰᠧ  ᠬᠤᠰᠢᠭᠤᠨ ᠤ ᠠᠵᠢᠯ ᠤᠯᠭᠤᠯᠳᠠ ᠶᠢᠨ ᠲᠤᠪᠴᠢᠶ᠎ᠠ ᠨᠢ ᠤᠷᠴᠢᠮᠬᠠᠨ ᠪᠡᠬᠡᠵᠢᠩ  ᠦᠪᠦᠷ ᠮᠤᠩᠭᠤᠯ  ᠤᠷᠤᠨ

 ᠤ ᠬᠠᠪᠰᠤᠷᠤᠨ ᠲᠡᠳᠬᠦᠬᠦ ᠲᠦᠷᠦᠯ ᠵᠦᠢᠯ ᠤᠨ ᠪᠡᠯᠡ  ᠮᠦᠩᠬᠦ ᠶᠢ ᠠᠰᠢᠭᠯᠠᠨ᠂  ᠪᠡᠭᠡᠵᠢᠩ ᠬᠤᠳᠠ ᠶᠢᠨ ᠴᠠᠩ ᠫᠢᠩ

ᠲᠤᠭᠤᠷᠢᠭ ᠤᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠳᠤᠯᠠᠭᠠᠨ ᠤ ᠲᠤᠪᠴᠢᠶ᠎ᠠ ᠶᠢᠨ ᠲᠡᠮᠵᠢᠯᠬᠡ   ᠪᠠᠷ

᠂  ᠲᠠᠶᠢᠹᠤᠰᠧ ᠬᠤᠰᠢᠭᠤᠨ ᠤ ᠶᠠᠳᠠᠭᠤ ᠬᠦᠴᠢᠷᠳᠡᠢ ᠭᠠᠴᠠᠭ᠎ᠠ ᠲᠤᠰᠬᠤᠨ ᠤ ᠦᠢᠯᠡᠰ ᠪᠦᠳᠦᠭᠡᠬᠦ ᠲᠠᠭᠠᠭᠤᠯᠤᠭᠴᠢ ᠶᠢᠨ

ᠪᠤᠯᠪᠠᠰᠤᠷᠠᠯ ᠢ ᠡᠷᠬᠢᠯᠡᠪᠡ᠃

    12 ᠰᠠᠷ᠎ᠠ ᠶᠢᠨ 13 ᠤ ᠡᠳᠦᠷ  ᠪᠡᠭᠡᠵᠢᠩ ᠶᠢᠨ ᠲᠠᠷᠢᠶᠠᠯᠠᠩ ᠤᠨ ᠲᠡᠭᠡᠳᠦ ᠰᠤᠷᠭᠠᠭᠤᠯᠢ ᠳᠤ ᠶᠠᠪᠤᠭᠳᠠᠭᠰᠠᠨ ᠡᠨᠡ  

ᠬᠦ᠋ ᠪᠤᠯᠪᠠᠰᠤᠷᠠᠯ ᠳᠤ ᠲᠠᠶᠢᠹᠤᠰᠧ ᠬᠤᠰᠢᠭᠤᠨ ᠤ 7 ᠰᠤᠮᠤ ᠰᠢᠶᠠᠩ ᠪᠠᠯᠭᠠᠰᠤ ᠶᠢᠨ ᠨᠠᠮ ᠤᠨ ᠭᠡᠰᠢᠬᠦᠨ ᠺᠠᠳᠠᠷ᠂ ᠪᠠᠭ᠎ᠠ

ᠵᠢᠵᠢᠭ ᠠᠵᠤ ᠠᠬᠤᠶᠢᠯᠠᠯ ᠡᠵᠡᠩᠨᠡᠭᠴᠢ᠂  ᠲᠤᠰᠬᠠᠢ ᠬᠤᠷᠰᠢᠶᠠᠵᠢᠯ ᠤᠨ ᠬᠠᠷᠢᠭᠤᠴᠠᠯᠭᠠᠳᠠᠨ᠂  ᠲᠠᠷᠢᠵᠤ ᠮᠠᠯᠵᠢᠬᠤ ᠦᠢᠯᠡᠰ

 ᠤᠨ ᠲᠤᠮᠤ ᠡᠷᠦᠬᠡ ᠵᠡᠷᠭᠡ ᠶᠢ ᠪᠠᠭᠳᠠᠭᠠᠭᠰᠠᠨ 30 ᠬᠦᠮᠦᠨ ᠤᠷᠤᠯᠴᠠᠵᠠᠢ᠃

   ᠪᠤᠯᠪᠠᠰᠤᠷᠠᠯ ᠨᠢ ᠤᠨᠤᠯ ᠤᠨ ᠮᠡᠳᠡᠯᠬᠡ ᠶᠢ ᠲᠤᠭᠤᠷᠢᠨ ᠦᠵᠡᠬᠦ᠂   ᠶᠠᠷᠢᠯᠴᠠᠯᠭ᠎ᠠ ᠬᠢᠬᠦ ᠵᠡᠷᠭᠡ ᠭᠡᠯᠪᠡᠷᠢ ᠲᠠᠢ

ᠤᠶᠠᠯᠳᠤᠭᠤᠯᠤᠨ᠂ ︽ ᠬᠠᠮᠳᠤ ᠶᠢᠨ ᠠᠵᠤ ᠠᠬᠤᠢ ᠶᠢᠨ ᠬᠦᠭᠵᠢᠯᠳᠡ ᠶᠢᠨ ᠭᠡᠯᠪᠡᠷᠢ ᠪᠠ ᠬᠠᠮᠢᠶᠠᠷᠤᠯᠳᠠ︾᠂ ︽ᠰᠢ ᠶᠢᠨ  

ᠫᠢᠩ ᠶᠡᠷᠦᠩᠬᠡᠢ ᠱᠦᠵᠢ ᠶᠢᠨ ᠶᠠᠳᠠᠭᠤ ᠶᠢ ᠳᠡᠳᠬᠦᠵᠦ ᠨᠡᠬᠡᠬᠡᠨ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢᠨ ᠦᠵᠡᠯ ᠰᠠᠨᠠᠭ᠎ᠠ

︾ ᠶᠢᠨ ᠲᠤᠭᠤᠷᠢᠨ ᠳᠤ  ᠂ ︽ᠤᠨᠢᠨ ᠲᠡᠭᠡᠷ᠎ᠡ ᠨᠢ ᠲᠡᠳᠬᠦᠵᠦ ᠶᠠᠳᠠᠭᠤ ᠠᠴᠠ ᠠᠩᠬᠢᠵᠢᠷᠠᠭᠤᠯᠬᠤ᠂ ᠤᠷᠤᠯᠭ᠎ᠠ ᠪᠠᠨ

ᠨᠡᠮᠡᠭᠳᠡᠬᠦᠯᠵᠦ ᠪᠠᠶᠠᠵᠢᠨ ᠴᠢᠨᠡᠭᠡᠯᠢᠭᠵᠢᠬᠦ ᠠᠵᠢᠯ ᠤᠨ ᠠᠷᠭ᠎ᠠ ᠠᠪᠴᠢᠯ︾ ᠵᠡᠷᠭᠡ ᠠᠭᠤᠯᠭ᠎ᠠ ᠲᠠᠢ ᠤᠶᠠᠯᠳᠤᠭᠤᠯᠵᠤ ᠬᠦᠴᠢᠶᠡᠯ

ᠲᠠᠶᠢᠯᠤᠮᠵᠢ ᠪᠠ  ᠶᠠᠷᠢᠯᠴᠠᠯᠭ᠎ᠠ ᠰᠤᠳᠤᠯᠭ᠎ᠠ  ᠬᠢᠬᠦ ᠪᠠᠷ ᠲᠠᠮᠵᠢᠭᠠᠳ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ

ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠱᠠᠭᠠᠷᠳᠠᠯᠭ᠎ᠠ ᠶᠢ ᠬᠦᠨᠵᠡᠬᠡᠢ  ᠡᠵᠡᠮᠰᠢᠬᠦᠯᠦᠨ᠂   ᠬᠦᠭᠵᠢᠭᠰᠡᠨ ᠭᠠᠵᠠᠷ

ᠤᠷᠤᠨ ᠤ ᠦᠯᠢᠬᠡᠷ ᠵᠢᠱᠢᠶ᠎ᠡ ᠶᠢ ᠰᠤᠷᠤᠯᠴᠠᠭᠤᠯᠵᠤ᠂   ᠶᠠᠳᠠᠭᠤ ᠠᠴᠠ ᠠᠩᠬᠢᠵᠢᠷᠠᠵᠤ ᠪᠠᠶᠠᠵᠢᠨ ᠴᠢᠨᠡᠭᠡᠯᠢᠭᠵᠢᠬᠦ  ᠮᠡᠳᠡᠯᠬᠡ

ᠴᠢᠳᠠᠪᠤᠷᠢ ᠶᠢ ᠨᠢ ᠲᠡᠭᠡᠭᠰᠢᠯᠡᠬᠦᠯᠦᠭᠰᠡᠨ ᠪᠠᠶᠢᠨ᠎ᠠ᠃

 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号