ᠠᠶᠢᠮᠠᠭ ᠤᠨ ᠤᠯᠤᠰ ᠲᠦᠷᠦ ᠶᠢᠨ ᠵᠦᠪᠯᠡᠯᠬᠡᠨ ᠤ ᠲᠡᠳ᠋ ᠲᠡᠷᠢᠬᠦᠯᠡᠭᠴᠢ᠂  ᠬᠤᠰᠢᠭᠤ ᠨᠠᠮ ᠤᠨ ᠬᠤᠷᠢᠶᠠᠨ ᠤ ᠱᠦᠵᠢ ᠪᠤᠷᠤᠬᠦᠦ  ᠢᠯᠴᠢ ᠬᠠᠩᠭᠠᠬᠤ ᠠᠵᠤ ᠠᠬᠤᠶᠢᠯᠠᠯ ᠳᠤ ᠬᠦᠨᠵᠡᠭᠡᠶᠢᠷᠡᠨ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2018-12-21
      12 ᠰᠠᠷ᠎ᠠ ᠶᠢᠨ 15 ᠤ ᠡᠳᠦᠷ᠂ ᠠᠶᠢᠮᠠᠭ ᠤᠨ ᠤᠯᠤᠰ ᠲᠦᠷᠦ ᠶᠢᠨ ᠵᠦᠪᠯᠡᠯᠬᠡᠨ ᠤ ᠲᠡᠳ᠋ ᠲᠡᠷᠢᠬᠦᠯᠡᠭᠴᠢ᠂  ᠬᠤᠰᠢᠭᠤ ᠨᠠᠮ ᠤᠨ ᠬᠤᠷᠢᠶᠠᠨ ᠤ ᠱᠦᠵᠢ ᠪᠤᠷᠤᠬᠦᠦ ᠨᠦᠬᠦᠷ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠤᠤ ᠵᠢᠶᠠᠨ ᠳ᠋ᠦᠩ᠂ ᠵᠠᠰᠠᠭ ᠤᠨ ᠤᠷᠳᠤᠨ ᠤ  ᠲᠡᠳ᠋ ᠬᠤᠰᠢᠭᠤ ᠲᠠᠷᠤᠭ᠎ᠠ ᠶᠢᠨ ᠶᠦᠩ ᠾᠧ  ᠵᠢᠴᠢ ᠬᠤᠰᠢᠭᠤᠨ ᠤ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠬᠡᠨ ᠪᠠᠶᠢᠭᠤᠯᠤᠯᠳᠠ ᠶᠢᠨ ᠲᠤᠪᠴᠢᠶ᠎ᠠ᠂  ᠬᠦᠭᠵᠢᠬᠦᠯᠦᠯᠳᠡ ᠦᠬᠡᠷᠡᠴᠢᠯᠡᠯᠳᠡ ᠶᠢᠨ ᠲᠤᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠳᠠᠨ ᠤ ᠪᠠᠷ᠎ᠠ ᠪᠤᠯᠤᠯᠭ᠎ᠠ ᠲᠠᠢ ᠪᠠᠷ  ᠵᠦᠩ ᠰᠤ᠋᠂  ᠳ᠋ᠦᠩ  ᠶᠢ᠂  ᠴᠠᠩ ᠱᠧᠩ  ᠂  ᠱᠧᠨ ᠨᠧᠨ ᠵᠡᠷᠭᠡ ᠢᠯᠴᠢ ᠬᠠᠩᠭᠠᠬᠤ ᠠᠵᠤ ᠠᠬᠤᠶᠢᠯᠠᠯ ᠢᠶᠠᠷ ᠬᠦᠨᠵᠡᠭᠡᠶᠢᠷᠡᠨ ᠡᠨᠡ ᠡᠪᠦᠯ ᠤᠨ ᠢᠯᠴᠢ ᠬᠠᠩᠭᠠᠯᠭ᠎ᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠳᠠ ᠬᠢᠪᠡ᠃
   ᠪᠤᠷᠤᠬᠦᠦ ᠵᠡᠷᠭᠡ ᠤᠳᠤᠷᠢᠳᠤᠯᠭ᠎ᠠ  ᠠᠵᠤ ᠠᠬᠤᠶᠢᠯᠠᠯ ᠤᠨ ᠠᠵᠢᠯᠯᠠᠭᠠᠨ ᠤ ᠪᠠᠶᠢᠳᠠᠯ᠂  ᠢᠯᠴᠢ ᠬᠠᠩᠭᠠᠬᠤ ᠪᠠᠳᠤᠯᠠᠭᠠᠨ  ᠤ ᠠᠷᠭ᠎ᠠ ᠪᠠᠷᠢᠯ᠂  ᠢᠯᠴᠢ ᠬᠠᠩᠭᠠᠬᠤ  ᠲᠦᠬᠦᠭᠡᠷᠦᠮᠵᠢ ᠶᠢᠨ ᠦᠬᠡᠷᠡᠴᠢᠯᠡᠯᠳᠡ ᠵᠡᠷᠭᠡ ᠲᠠᠯᠠᠪᠠᠷ ᠠᠵᠤ ᠠᠬᠤᠶᠢᠯᠠᠯ ᠤᠨ ᠬᠠᠷᠢᠭᠤᠴᠠᠯᠭᠠᠳᠠᠨ ᠤ ᠬᠠᠷᠢᠭᠤ ᠮᠡᠳᠡᠬᠦᠯᠦᠯᠳᠡ ᠶᠢ ᠨᠠᠷᠢᠨ ᠨᠢᠮᠪᠠᠢ ᠰᠤᠨᠤᠰᠴᠤ᠂  ᠢᠯᠴᠢ ᠬᠠᠩᠭᠠᠯᠭ᠎ᠠ ᠶᠢᠨ ᠰᠢᠰᠲ᠋ᠧᠮ ᠤᠨ ᠪᠠᠶᠢᠳᠠᠯ ᠢ ᠤᠶᠢᠯᠠᠭᠠᠭᠰᠠᠨ ᠤ ᠬᠠᠮᠳᠤ᠂  ︽ᠬᠤᠳᠠ ᠪᠠᠯᠭᠠᠰᠤᠨ ᠤ ᠢᠯᠴᠢ ᠬᠠᠩᠭᠠᠯᠭ᠎ᠠ ᠪᠤᠯ ᠠᠷᠠᠳ ᠲᠦᠮᠡᠨ ᠤ ᠬᠠᠯᠠᠭᠤᠨ ᠲᠤᠯᠠᠭᠠᠨ  ᠡᠪᠦᠯᠵᠢᠬᠦ ᠲᠠᠢ ᠬᠤᠯᠪᠤᠭᠳᠠᠵᠤ᠂  ᠨᠡᠶᠢᠬᠡᠮ ᠤᠨ ᠲᠤᠭᠳᠠᠭᠤᠨ ᠲᠠᠢ ᠬᠤᠯᠪᠤᠭᠳᠠᠭᠰᠠᠨ ᠠᠷᠠᠳ ᠤᠨ ᠠᠮᠢᠳᠤᠷᠠᠯ  ᠤᠨ ᠴᠢᠬᠤᠯᠠ  ᠢᠨᠵᠧᠨᠧᠷᠢᠩ  ᠂ ᠠᠷᠠᠳ ᠲᠦᠮᠡᠨ ᠤ ᠰᠡᠳᠬᠢᠯ ᠢ  ᠤᠯᠬᠤ ᠢᠨᠵᠧᠨᠧᠷᠢᠩ  ᠪᠠᠶᠢᠵᠤ᠂  ᠬᠤᠰᠢᠭᠤ ᠨᠠᠮ ᠵᠠᠰᠠᠭ ᠠᠴᠠ ᠲᠤᠶᠢᠯ ᠢᠶᠠᠷ ᠬᠦᠨᠳᠦᠳᠭᠡᠨ ᠴᠢᠬᠤᠯᠠᠴᠢᠯᠠᠵᠤ ᠪᠠᠶᠢᠨ᠎ᠠ᠃  ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ  ᠬᠢᠭᠡᠳ ᠢᠯᠴᠢ ᠬᠠᠩᠭᠠᠬᠤ  ᠠᠵᠤ ᠠᠬᠤᠶᠢᠯᠠᠯ ᠨᠢ ᠡᠷᠭᠡᠪᠰᠢ ᠲᠠᠨᠢᠯᠳᠠ ᠪᠠᠨ   ᠲᠡᠭᠡᠭᠰᠢᠯᠡᠬᠦᠯᠦᠨ᠂ ᠲᠤᠬᠢᠷᠠᠭᠤᠯᠭ᠎ᠠ ᠶᠢ  ᠴᠢᠩᠭᠠᠳᠬᠠᠵᠤ  ᠂ ᠨᠠᠷᠢᠨ  ᠨᠢᠬᠳᠠ ᠪᠠᠶᠢᠷᠢᠯᠠᠭᠤᠯᠤᠨ᠂ ᠠᠷᠭ᠎ᠠ ᠠᠪᠴᠢᠯ ᠢᠶᠠᠨ ᠡᠷᠴᠢᠮᠵᠢᠬᠦᠯᠵᠦ᠂ ᠢᠯᠴᠢ ᠬᠠᠩᠭᠠᠬᠤ ᠲᠦᠬᠦᠭᠡᠷᠦᠮᠵᠢ ᠶᠢᠨ ᠪᠠᠶᠢᠴᠠᠭᠠᠯᠳᠠ ᠪᠠ ᠠᠷᠠᠴᠢᠯᠠᠭ᠎ᠠ ᠬᠠᠮᠠᠭᠠᠯᠠᠯᠳᠠ  ᠂ ᠬᠢᠨᠠᠨ ᠡᠵᠡᠮᠳᠡᠯ ᠵᠡᠷᠭᠡ  ᠡᠯ᠎ᠡ ᠭᠤᠭᠴᠤᠭᠠᠨ ᠤ ᠠᠵᠢᠯ ᠢ ᠰᠠᠶᠢᠨ ᠬᠢᠵᠦ᠂  ᠠᠭᠤᠷ ᠠᠮᠢᠰᠬᠤᠯ ᠤᠨ ᠬᠤᠪᠢᠷᠠᠯᠳᠠ ᠶᠢ ᠰᠠᠶᠢᠳᠤᠷ ᠠᠩᠬᠠᠷᠤᠨ᠂  ᠢᠯᠴᠢ ᠬᠠᠩᠭᠠᠯᠭ᠎ᠠ ᠶᠢᠨ ᠴᠢᠨᠠᠷ ᠢ ᠪᠠᠳᠤᠯᠠᠬᠤ ᠭᠡᠷᠡᠭᠳᠡᠢ ᠬᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号