ᠲᠠᠶᠢᠹᠤᠰᠧ ᠬᠤᠰᠢᠭᠤ ᠡᠮᠡᠭᠳᠡᠶᠢᠴᠤᠳ ᠤᠨ ᠬᠤᠯᠪᠤᠭᠠᠨ ᠤ ᠵᠤᠬᠢᠶᠠᠨ ᠪᠠᠶᠢᠭᠤᠯᠤᠯᠳᠠ ᠶᠢᠨ ᠤᠷᠤᠨ ᠪᠦᠰᠡᠵᠢᠭᠰᠡᠨ ᠦᠬᠡᠷᠡᠴᠢᠯᠡᠯᠳᠡ ᠶᠢ ᠠᠮᠵᠢᠯᠳᠠ ᠲᠠᠢ ᠪᠡᠶᠡᠯᠡᠬᠦᠯᠪᠡ
ᠨᠡᠶᠢᠲᠡᠯᠡᠭᠰᠡᠨ ᠴᠠᠭ᠄
2018-02-06
            ᠲᠠᠶᠢᠹᠤᠰᠧ ᠬᠤᠰᠢᠭᠤ ᠡᠮᠡᠭᠳᠡᠶᠢᠴᠤᠳ ᠤᠨ ᠬᠤᠯᠪᠤᠭᠠᠨ ᠤ ᠦᠬᠡᠷᠡᠴᠢᠯᠡᠯᠳᠡ ᠶᠢᠨ ᠠᠵᠢᠯ ᠢ ᠲᠡᠭᠡᠳᠦ ᠬᠡᠮᠵᠢᠶ᠎ᠡ ᠪᠠᠷ ᠬᠦᠨᠳᠦᠳᠬᠡᠨ ᠴᠢᠬᠤᠯᠠᠴᠢᠯᠠᠵᠤ᠂ ︽ᠲᠠᠶᠢᠹᠤᠰᠧ ᠬᠤᠰᠢᠭᠤᠨ ᠤ ᠰᠤᠮᠤ ᠰᠢᠶᠠᠩ ᠪᠠᠯᠭᠠᠰᠤᠨ ᠤ ᠡᠮᠡᠭᠳᠡᠶᠢᠴᠤᠳ ᠤᠨ ᠬᠤᠯᠪᠤᠭᠠᠨ ᠤ ᠵᠤᠬᠢᠶᠠᠨ ᠪᠠᠶᠢᠭᠤᠯᠤᠯᠳᠠ ᠶᠢᠨ ᠤᠷᠤᠨ ᠪᠦᠰᠡᠵᠢᠭᠰᠡᠨ  ᠪᠦᠳᠦᠬᠡᠨ ᠪᠠᠶᠢᠭᠤᠯᠤᠯᠳᠠ ᠶᠢᠨ ᠦᠬᠡᠷᠡᠴᠢᠯᠡᠯᠳᠡ ᠶᠢᠨ ᠲᠦᠰᠦᠪ  ︾᠎ ᠢ ᠲᠤᠭᠳᠠᠭᠠᠨ᠂ ᠰᠤᠮᠤ ᠰᠢᠶᠠᠩ ᠪᠠᠯᠭᠠᠰᠤᠨ ᠤ ᠡᠮᠡᠭᠳᠡᠶᠢᠴᠤᠳ ᠤᠨ ᠬᠤᠯᠪᠤᠭᠠᠨ ᠤ ᠵᠤᠬᠢᠶᠠᠨ ᠪᠠᠶᠢᠭᠤᠯᠤᠯᠳᠠ ᠶᠢᠨ ᠤᠷᠤᠨ ᠪᠦᠰᠡᠵᠢᠭᠰᠡᠨ  ᠪᠦᠳᠦᠬᠡᠨ ᠪᠠᠶᠢᠭᠤᠯᠤᠯᠳᠠ ᠶᠢᠨ ᠦᠬᠡᠷᠡᠴᠢᠯᠡᠯᠳᠡ ᠶᠢ ᠬᠢᠵᠡᠢ᠃  ᠤᠳᠤ ᠪᠤᠯᠳᠠᠯ᠎ᠠ᠂ ᠪᠦᠬᠦ ᠬᠤᠰᠢᠭᠤᠨ ᠤ 7 ᠰᠤᠮᠤ ᠰᠢᠶᠠᠩ ᠪᠠᠯᠭᠠᠰᠤᠨ ᠤ ᠡᠮᠡᠭᠳᠡᠶᠢᠴᠤᠳ ᠤᠨ ᠬᠤᠯᠪᠤᠭᠠᠨ ᠤ ᠵᠤᠬᠢᠶᠠᠨ ᠪᠠᠶᠢᠭᠤᠯᠤᠯᠳᠠ ᠶᠢᠨ ᠤᠷᠤᠨ ᠪᠦᠰᠡᠵᠢᠭᠰᠡᠨ ᠦᠬᠡᠷᠡᠴᠢᠯᠡᠯᠳᠡ ᠶᠢᠨ ᠠᠵᠢᠯ ᠠᠮᠵᠢᠯᠳᠠ ᠲᠠᠢ ᠪᠡᠶᠡᠯᠡᠭᠳᠡᠵᠦ᠂  ᠰᠤᠮᠤ ᠰᠢᠶᠠᠩ ᠪᠠᠯᠭᠠᠰᠤᠨ ᠤ ᠰᠢᠯᠢᠳᠡᠭ ᠡᠮᠡᠭᠳᠡᠶᠢᠴᠤᠳ ᠤᠨ ᠠᠵᠢᠯ ᠤᠨ ᠡᠬᠢ ᠪᠠᠶᠠᠯᠢᠭ ᠢ ᠪᠦᠳᠦᠮᠵᠢᠳᠡᠢ ᠬᠠᠮᠳᠤᠳᠬᠠᠨ᠂ ᠦᠨᠳᠦᠰᠦᠨ ᠱᠠᠳᠤᠨ ᠤ ᠡᠮᠡᠭᠳᠡᠶᠢᠴᠤᠳ ᠤᠨ ᠵᠤᠬᠢᠶᠠᠨ ᠪᠠᠶᠢᠭᠤᠯᠤᠯᠳᠠ ᠶᠢᠨ ᠬᠠᠮᠢᠶᠠᠷᠤᠯᠳᠠ ᠶᠢ ᠴᠢᠩᠭᠠᠳᠬᠠᠵᠤ᠂ ᠡᠮᠡᠭᠳᠡᠶᠢᠴᠤᠳ ᠤᠨ  ᠠᠵᠢᠯ ᠤᠨ ᠬᠦᠴᠦᠨ ᠢ ᠪᠤᠵᠠᠭᠠᠶᠢᠷᠠᠭᠤᠯᠤᠭᠰᠠᠨ ᠪᠠᠶᠢᠨ᠎ᠠ᠃   ︽ᠲᠦᠰᠦᠪ︾᠎ ᠤᠨ ᠲᠤᠭᠳᠠᠭᠠᠯ ᠶᠤᠰᠤᠭᠠᠷ᠂ 7 ᠰᠤᠮᠤ ᠰᠢᠶᠠᠩ ᠪᠠᠯᠭᠠᠰᠤ ᠨᠢ ᠲᠤᠰᠪᠤᠷᠢ ᠡᠮᠡᠭᠳᠡᠶᠢᠴᠤᠳ ᠤᠨ ᠲᠦᠯᠦᠭᠡᠯᠡᠭᠴᠢᠳ ᠤᠨ ᠶᠡᠭᠡ ᠬᠤᠷᠠᠯ ᠢ  ᠡᠷᠬᠢᠯᠡᠨ ᠬᠤᠷᠠᠯᠳᠤᠭᠤᠯᠵᠤ᠂ ᠲᠤᠰᠢᠶᠠᠯ ᠬᠠᠪᠰᠤᠷᠭᠠᠭᠰᠠᠨ ᠲᠡᠷᠢᠬᠦᠯᠡᠭᠴᠢ  3 ᠨᠡᠷ᠎ᠡ᠂ ᠲᠤᠰᠬᠠᠢ ᠲᠤᠰᠢᠶᠠᠯᠳᠤ ᠲᠡᠷᠢᠬᠦᠯᠡᠭᠴᠢ  4 ᠨᠡᠷ᠎ᠡ᠂  ᠲᠤᠰᠬᠠᠢ ᠲᠤᠰᠢᠶᠠᠯᠳᠤ ᠲᠡᠳ᠋ ᠲᠡᠷᠢᠬᠦᠯᠡᠭᠴᠢ  3 ᠨᠡᠷ᠎ᠡ᠂  ᠲᠤᠰᠢᠶᠠᠯ ᠬᠠᠪᠰᠤᠷᠭᠠᠭᠰᠠᠨ ᠲᠡᠳ᠋ ᠲᠡᠷᠢᠬᠦᠯᠡᠭᠴᠢ 10 ᠨᠡᠷ᠎ᠡ᠂  ᠬᠦᠢᠴᠡᠳᠭᠡᠬᠦ ᠵᠦᠪᠯᠡᠯ ᠤᠨ ᠭᠡᠰᠢᠬᠦᠨ 11 ᠨᠡᠷ᠎ᠡ ᠶᠢ ᠰᠤᠩᠭᠤᠨ ᠲᠦᠷᠦᠭᠳᠡᠬᠦᠯᠪᠡ᠃  ᠦᠨᠳᠦᠰᠦᠨ ᠱᠠᠳᠤᠨ ᠤ ᠡᠮᠡᠭᠳᠡᠶᠢᠴᠤᠳ ᠤᠨ ᠬᠤᠯᠪᠤᠭᠠᠨ ᠤ ᠵᠤᠬᠢᠶᠠᠨ ᠪᠠᠶᠢᠭᠤᠯᠤᠯᠳᠠ ᠶᠢᠨ ᠴᠤᠭᠴᠠᠯᠠᠯᠳᠠ ᠶᠢ ᠤᠯᠠᠮ ᠴᠢᠩᠭᠠᠳᠬᠠᠵᠤ᠂ ᠡᠮᠡᠭᠳᠡᠶᠢᠴᠤᠳ ᠤᠨ ᠬᠤᠯᠪᠤᠭᠠᠨ ᠤ ᠺᠠᠳᠠᠷ ᠤᠨ ᠤᠯᠠᠨ ᠲᠦᠮᠡᠨ ᠲᠠᠢ  ᠬᠠᠷᠢᠴᠠᠵᠤ᠂ ᠡᠮᠡᠭᠳᠡᠶᠢᠴᠤᠳ ᠲᠤ ᠦᠢᠯᠡᠴᠢᠯᠡᠬᠦ ᠬᠢᠷᠢ ᠴᠢᠳᠠᠪᠤᠷᠢ ᠶᠢ ᠲᠡᠭᠡᠭᠰᠢᠯᠡᠬᠦᠯᠬᠦ ᠶᠢᠨ ᠲᠦᠯᠦᠬᠡ᠂ ᠲᠤᠰ ᠬᠤᠰᠢᠭᠤ ᠨᠢ 7 ᠰᠤᠮᠤ ᠰᠢᠶᠠᠩ  ᠪᠠᠯᠭᠠᠰᠤᠨ ᠤ 22 ᠨᠡᠷ᠎ᠡ ᠡᠮᠡᠭᠳᠡᠶᠢᠴᠤᠳ ᠤᠨ ᠬᠤᠯᠪᠤᠭᠠᠨ ᠤ ᠺᠠᠳᠠᠷ ᠪᠠ ᠭᠠᠴᠠᠭ᠎ᠠ ᠲᠤᠰᠬᠤᠨ᠂ ᠨᠡᠶᠢᠬᠡᠮ ᠲᠤᠭᠤᠷᠢᠭ ᠤᠨ ᠡᠮᠡᠭᠳᠡᠶᠢᠴᠤᠳ ᠤᠨ  ᠲᠦᠯᠦᠭᠡᠯᠡᠭᠴᠢᠳ ᠤᠨ ᠬᠤᠷᠠᠯ ᠤᠨ ᠬᠠᠷᠢᠭᠤᠴᠠᠯᠭᠠᠳᠠᠨ ᠢ ᠲᠤᠮᠢᠯᠠᠨ ᠂ ᠪᠦᠬᠦ ᠠᠶᠢᠮᠠᠭ ᠤᠨ ᠡᠮᠡᠭᠳᠡᠶᠢᠴᠤᠳ ᠤᠨ ᠲᠦᠯᠦᠭᠡᠯᠡᠭᠴᠢᠳ ᠤᠨ ᠬᠤᠷᠠᠯ ᠤᠨ ᠡᠷᠬᠢᠯᠡᠭᠴᠢ᠂ ︽ᠡᠮᠡᠭᠳᠡᠶᠢᠴᠤᠳ ᠎ ᠤᠨ ᠭᠡᠷ︾᠎ ᠤᠨ ᠬᠠᠷᠢᠭᠤᠴᠠᠯᠭᠳᠠᠨ ᠤ ᠪᠤᠯᠪᠠᠰᠤᠷᠠᠯ ᠳᠤ ᠤᠷᠤᠯᠴᠠᠭᠤᠯᠵᠤ᠂  ᠰᠤᠷᠤᠯᠭ᠎ᠠ ᠪᠤᠯᠪᠠᠰᠤᠷᠠᠯ ᠢᠶᠠᠷ  ᠲᠠᠮᠵᠢᠨ ᠦᠨᠳᠦᠰᠦᠨ ᠱᠠᠳᠤᠨ ᠤ  ᠡᠮᠡᠭᠳᠡᠶᠢᠴᠤᠳ ᠤᠨ ᠬᠤᠯᠪᠤᠭᠠᠨ ᠤ ᠺᠠᠳᠠᠷ ᠲᠤ ᠤᠷᠤᠨ ᠪᠦᠰᠡᠵᠢᠭᠰᠡᠨ ᠦᠬᠡᠷᠡᠴᠢᠯᠡᠯᠳᠡ ᠶᠢᠨ ᠴᠢᠬᠤᠯᠠ  ᠶᠡᠭᠡ  ᠠᠴᠢ ᠬᠤᠯᠪᠤᠭᠳᠠᠯ ᠬᠢᠭᠡᠳ ᠦᠨᠳᠦᠰᠦᠨ ᠱᠠᠳᠤᠨ ᠤ ᠡᠮᠡᠭᠳᠡᠶᠢᠴᠤᠳ ᠤᠨ ᠬᠤᠯᠪᠤᠭᠠᠨ ᠤ ᠠᠵᠢᠯ ᠤᠨ ᠭᠤᠤᠯᠳᠠᠯᠭ᠎ᠠ ᠪᠠ ᠴᠢᠭᠯᠡᠯ ᠢ ᠬᠦᠢᠴᠡᠳ ᠤᠶᠢᠯᠠᠭᠠᠭᠤᠯᠵᠤ᠂  ᠲᠤᠬᠠᠶᠢᠯᠠᠭᠰᠠᠨ ᠠᠵᠢᠯ ᠎ ᠤᠨ ᠬᠢᠷᠢ ᠴᠢᠳᠠᠪᠤᠷᠢ ᠶᠢ ᠦᠨᠡᠨ ᠬᠦ᠋ ᠲᠡᠭᠡᠭᠰᠢᠯᠡᠬᠦᠯᠵᠦ ᠪᠠᠶᠢᠨ᠎ᠠ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号