ᠲᠠᠶᠢᠹᠤᠰᠧ ᠬᠤᠰᠢᠭᠤ ︽ᠵᠡᠬᠡᠯᠢ ᠴᠡᠪᠡᠷᠯᠡᠭᠴᠢ ᠶᠢ ᠬᠠᠶᠢᠷᠠᠯᠠᠨ ᠬᠠᠯᠠᠮᠵᠢᠯᠠᠬᠤ︾ ᠤᠷᠠᠨ ᠰᠠᠶᠢᠬᠠᠨ ᠤ ᠦᠳᠡᠰᠢᠯᠡᠭᠡ ᠡᠷᠬᠢᠯᠡᠪᠡ
ᠨᠡᠶᠢᠲᠡᠯᠡᠭᠰᠡᠨ ᠴᠠᠭ᠄
2018-02-06
       ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂   ᠪᠤᠯᠪᠠᠰᠤᠨ ᠬᠤᠳᠠ  ᠪᠠᠯᠭᠠᠰᠤ ᠶᠢᠨ ᠪᠦᠳᠦᠭᠡᠨ ᠪᠠᠶᠢᠭᠤᠯᠤᠯᠳᠠ ᠶᠢ  ᠠᠬᠢᠭᠤᠯᠤᠨ᠂  ᠤᠷᠴᠢᠨ ᠲᠤᠭᠤᠷᠢᠨ ᠤ ᠬᠠᠮᠠᠭᠠᠯᠠᠯᠳᠠ ᠶᠢᠨ ᠨᠢᠬᠡᠳᠦᠭᠡᠷ ᠹᠠᠷᠤᠨᠲ ᠳᠤ ᠰᠢᠮᠳᠠᠨ ᠠᠵᠢᠯᠯᠠᠵᠤ ᠪᠠᠶᠢᠭ᠎ᠠ ᠵᠡᠬᠡᠯᠢ ᠴᠡᠪᠡᠷᠯᠡᠭᠴᠢ ᠨᠠᠷ  ᠎ ᠲᠤ ᠨᠠᠮ ᠵᠠᠰᠠᠭ ᠤᠨ ᠬᠠᠶᠢᠷ᠎ᠠ ᠬᠠᠯᠠᠮᠵᠢ ᠶᠢ  ᠬᠦᠷᠭᠡᠬᠦ ᠶᠢᠨ ᠲᠦᠯᠦᠬᠡ᠂  ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠭᠡᠯᠳᠡᠰ᠂ ᠠᠷᠠᠳ ᠤᠨ ᠪᠠᠶᠢᠴᠠᠭᠠᠬᠤ ᠬᠤᠷᠢᠶ᠎ᠠ ᠵᠡᠷᠭᠡ 8  ᠪᠠᠶᠢᠭᠤᠯᠭ᠎ᠠ ᠨᠢᠬᠡᠴᠡ ᠠᠴᠠ ᠬᠠᠮᠳᠤᠷᠠᠨ ᠭᠤᠤᠯᠯᠠᠨ ᠡᠷᠬᠢᠯᠡᠵᠦ᠂ ᠰᠤᠶᠤᠯ ᠤᠨ ᠤᠷᠳᠤᠨ ᠬᠢᠭᠡᠳ ᠬᠦᠸᠧ ᠹᠠᠩ ᠨᠡᠶᠢᠬᠡᠮ ᠲᠤᠭᠤᠷᠢᠭ ᠠᠴᠠ ᠬᠠᠷᠢᠭᠤᠴᠠᠨ ᠡᠷᠬᠢᠯᠡᠭᠰᠡᠨ ︽ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ  ᠰᠤᠷᠤᠯᠴᠠᠨ ᠤᠬᠠᠭᠤᠯᠵᠤ ᠲᠤᠤᠱᠯᠠᠭᠤᠯᠤᠨ  ᠨᠠᠶᠢᠳᠠᠪᠤᠷᠢᠵᠢᠭᠤᠯᠬᠤᠢ —  ᠵᠡᠬᠡᠯᠢ ᠴᠡᠪᠡᠷᠯᠡᠭᠴᠢ ᠶᠢ ᠬᠠᠶᠢᠷᠠᠯᠠᠨ ᠬᠠᠯᠠᠮᠵᠢᠯᠠᠬᠤ‌ᠤᠷᠠᠨ ᠰᠠᠶᠢᠬᠠᠨ ᠤ ᠦᠳᠡᠰᠢᠯᠡᠭᠡ  ︾ ᠬᠤᠰᠢᠭᠤᠨ ᠤ ᠰᠤᠶᠤᠯ ᠤᠨ ᠠᠰᠠᠷ ᠲᠤ ᠦᠪᠡᠳᠡᠭᠰᠢ ᠶᠠᠪᠤᠭᠳᠠᠪᠠ᠃ ᠲᠤᠭᠯᠠᠯᠳᠠ ᠶᠢᠨ ᠠᠬᠤᠢ ᠲᠠᠯᠠᠪᠠᠢ ᠳᠤ ᠦᠷᠭᠡᠨ ᠤᠯᠠᠨ ᠵᠡᠬᠡᠯᠢ ᠴᠡᠪᠡᠷᠯᠡᠭᠴᠢ ᠠᠵᠢᠯᠴᠢᠳ ᠬᠤᠷᠠᠨ ᠴᠤᠭᠯᠠᠷᠠᠵᠤ᠂  ᠬᠦᠸᠧ ᠹᠠᠩ ᠨᠡᠶᠢᠬᠡᠮ ᠲᠤᠭᠤᠷᠢᠭ ᠤᠨ ᠪᠡᠯᠡᠳᠭᠡᠭᠰᠡᠨ  ᠤᠷᠠᠨ ᠪᠦᠵᠢᠭ ᠤᠶᠠᠩᠭᠠᠳᠤ ᠲᠠᠭᠤᠤ ᠶᠢ  ᠪᠠᠭ᠋ᠠᠳᠤᠨ ᠰᠤᠨᠢᠷᠬᠠᠭᠰᠠᠨ ᠤ ᠬᠠᠮᠳᠤ᠂ ᠲᠤᠬᠤᠨᠢᠭᠤᠯᠭ᠎ᠠ ᠶᠢᠨ ᠡᠳ᠋ ᠪᠤᠳᠠᠰ ᠢ ᠭᠠᠷᠳᠠᠭᠰᠠᠨ ᠪᠠᠶᠢᠯ᠎ᠠ᠃ ᠡᠨᠡ  ᠤᠳᠠᠭᠠᠨ ᠤ ᠦᠳᠡᠰᠢᠯᠡᠭᠡ ᠨᠢ ᠨᠡᠶᠢᠬᠡᠮ ᠤᠨ ᠡᠯ᠎ᠡ ᠡᠳᠡᠭᠡᠳ ᠤᠨ ᠬᠠᠯᠠᠮᠵᠢ ᠲᠡᠮᠵᠢᠯᠬᠡ ᠶᠢ ᠤᠯᠤᠭᠠᠳ᠂  ᠨᠡᠶᠢᠬᠡᠮ ᠨᠡᠶᠢᠳᠡ ᠪᠠᠷ ᠢᠶᠠᠨ  ᠵᠡᠬᠡᠯᠢ ᠴᠡᠪᠡᠷᠯᠡᠭᠴᠢ ᠶᠢ ᠬᠠᠯᠠᠮᠵᠢᠯᠠᠵᠤ ᠬᠦᠨᠳᠦᠳᠭᠡᠬᠦ ᠠᠭᠤᠷ ᠠᠮᠢᠰᠬᠤᠯ ᠢ ᠤᠯᠠᠮ ᠨᠢᠬᠡ ᠠᠯᠬᠤᠮ ᠪᠤᠢ ᠪᠤᠯᠭᠠᠭᠰᠠᠨ ᠪᠠᠶᠢᠨ᠎ᠠ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号