ᠴᠠᠭᠠᠨ ᠰᠠᠷ᠎ᠠ ᠬᠦᠷᠴᠦ ᠢᠷᠡᠬᠦ ᠶᠢ ᠲᠤᠬᠢᠶᠠᠯᠳᠤᠭᠤᠯᠤᠨ᠂ ᠲᠠᠶᠢᠹᠤᠰᠧ ᠬᠤᠰᠢᠭᠤ ᠠᠶᠠᠨᠴᠢᠨ ᠤ | ᠵᠦᠬᠡᠬᠡᠪᠦᠷᠢ ᠶᠢᠨ ᠠᠮᠤᠷ ᠲᠦᠪᠰᠢᠨ ᠤ ᠠᠰᠠᠭᠤᠳᠠᠯ ᠢ ᠬᠦᠨᠳᠦᠳᠭᠡᠨ ᠴᠢᠬᠤᠯᠠᠴᠢᠯᠠᠵᠤ᠂ ᠵᠦᠬᠡᠬᠡᠪᠦᠷᠢ ᠶᠢᠨ ᠪᠠᠶᠢᠳᠠᠯ | ᠳᠤ ᠨᠠᠷᠢᠨ ᠨᠢᠮᠪᠠᠢ ᠵᠠᠳᠠᠯᠤᠯᠳᠠ ᠬᠢᠵᠦ᠂ ᠬᠤᠯᠪᠤᠭᠠᠯᠠᠨ ᠪᠠᠶᠢᠴᠠᠭᠠᠬᠤ ᠲᠤᠭᠤᠶᠢᠯᠠᠩ ᠪᠠᠶᠢᠭᠤᠯᠵᠤ᠂ ᠡᠷᠳᠡ ᠠᠴᠠ | ᠰᠤᠳᠤᠯᠤᠨ᠂ ᠡᠷᠳᠡ ᠠᠴᠠ ᠲᠦᠯᠦᠪᠯᠡᠵᠦ᠂ ᠡᠷᠳᠡ ᠠᠴᠠ ᠪᠠᠶᠢᠷᠢᠯᠠᠭᠤᠯᠤᠨ᠂ ᠡᠷᠳᠡ ᠠᠴᠠ ᠬᠦᠳᠡᠯᠦᠯᠴᠡᠵᠦ᠂ | ᠴᠠᠭᠠᠨ ᠰᠠᠷ᠎ᠠ ᠶᠢᠨ ᠵᠦᠬᠡᠬᠡᠪᠦᠷᠢ ᠶᠢᠨ ᠭᠡᠮ ᠰᠤᠭᠤᠭ ᠢ ᠪᠠᠶᠢᠴᠠᠭᠠᠨ ᠠᠷᠢᠯᠭᠠᠵᠤ᠂ ᠠᠷᠠᠳ ᠲᠦᠮᠡᠨ ᠤ ᠠᠮᠤᠷ | ᠲᠦᠪᠰᠢᠨ ᠵᠠᠮ ᠬᠠᠷᠢᠯᠴᠠᠭᠠᠨ ᠤ ᠭᠡᠷᠡᠭᠴᠡᠭᠡ ᠶᠢ ᠬᠠᠩᠭᠠᠵᠤ ᠪᠠᠶᠢᠨ᠎ᠠ᠃ ᠬᠤᠯᠪᠤᠭᠠᠯᠠᠨ ᠪᠠᠶᠢᠴᠠᠭᠠᠬᠤ ᠲᠤᠭᠤᠶᠢᠯᠠᠩ | ᠤᠨ ᠬᠢᠨ ᠤᠷᠢᠳ ᠬᠤᠵᠢᠳ ᠮᠠᠰᠢᠨ ᠲᠡᠷᠭᠡᠨ ᠦᠷᠳᠡᠭᠡ᠂ ᠲᠦᠷᠢᠶᠡᠰᠦᠨ ᠲᠡᠷᠭᠡᠨ ᠤ ᠺᠤᠮᠫᠠᠨᠢ ᠬᠢᠭᠡᠳ ᠰᠤᠮᠤ | ᠰᠢᠶᠠᠩ ᠪᠠᠯᠭᠠᠰᠤ ᠳᠤ ᠬᠦᠨᠵᠡᠭᠡᠶᠢᠷᠡᠨ᠂ ᠠᠶᠠᠨᠴᠢᠨ ᠤ ᠵᠦᠬᠡᠬᠡᠪᠦᠷᠢ ᠶᠢᠨ ᠲᠡᠷᠭᠡ ᠤᠨᠤᠭᠠᠨ ᠳᠤ ᠠᠮᠤᠷ ᠲᠦᠪᠰᠢᠨ | ᠤ ᠪᠠᠶᠢᠴᠠᠭᠠᠯᠳᠠ ᠶᠠᠪᠤᠭᠤᠯᠵᠤ᠂ ᠵᠦᠬᠡᠬᠡᠪᠦᠷᠢ ᠶᠢᠨ ᠠᠵᠤ ᠠᠬᠤᠶᠢᠯᠠᠯ ᠢ ᠱᠠᠭᠠᠷᠳᠠᠨ ᠪᠤᠢ ᠪᠦᠬᠦᠢ ᠵᠦᠬᠡᠬᠡᠪᠦᠷᠢ ᠶᠢᠨ | ᠲᠡᠷᠭᠡ ᠤᠨᠤᠭᠠᠨ ᠤ ᠠᠮᠤᠷ ᠲᠦᠪᠰᠢᠨ ᠤ ᠪᠠᠶᠢᠳᠠᠯ᠂ ᠵᠢᠯᠤᠭᠤᠴᠢ ᠶᠢᠨ ᠬᠢᠷᠢ ᠬᠡᠮ ᠵᠡᠷᠭᠡ ᠳᠤ ᠪᠦᠬᠦ ᠲᠠᠯ᠎ᠠ ᠶᠢᠨ | ᠤᠶᠢᠯᠠᠭᠠᠨ ᠪᠠᠶᠢᠴᠠᠭᠠᠯᠳᠠ ᠬᠢᠬᠦ ᠶᠢᠨ ᠬᠠᠮᠳᠤ᠂ ᠠᠵᠤ ᠠᠬᠤᠶᠢᠯᠠᠯ ᠢ ᠬᠢᠨᠠᠵᠤ ᠪᠠᠶᠢᠭᠠᠳ ᠵᠦᠬᠡᠬᠡᠪᠦᠷᠢ ᠶᠢᠨ ᠲᠡᠷᠭᠡ | ᠤᠨᠤᠭᠠᠨ ᠤ ᠰᠡᠯᠪᠢᠨ ᠵᠠᠰᠠᠯᠳᠠ ᠪᠠ ᠠᠷᠠᠴᠢᠯᠠᠯ ᠬᠠᠮᠠᠭᠠᠯᠠᠯᠳᠠ ᠵᠢᠴᠢ ᠰᠢᠯᠭᠠᠨ ᠪᠠᠶᠢᠴᠠᠭᠠᠯᠳᠠ ᠶᠢᠨ ᠠᠵᠢᠯ ᠢ | ᠴᠢᠩᠭ᠎ᠠ ᠨᠢᠮᠪᠠᠢ ᠬᠢᠵᠦ᠂ ᠴᠠᠭᠠᠨ ᠰᠠᠷ᠎ᠠ ᠶᠢᠨ ᠬᠤᠭᠤᠴᠠᠭᠠᠨ ᠳᠤ ᠡᠷᠭᠡᠪᠰᠢ ᠡᠯ᠎ᠡ ᠲᠦᠷᠦᠯ ᠤᠨ ᠠᠮᠤᠷ ᠲᠦᠪᠰᠢᠨ ᠤ | ᠬᠠᠷᠢᠭᠤᠴᠠᠯᠭ᠎ᠠ ᠶᠢᠨ ᠲᠦᠷᠢᠮ ᠢ ᠰᠠᠶᠢᠳᠤᠷ ᠨᠠᠶᠢᠳᠠᠪᠤᠷᠢᠵᠢᠭᠤᠯᠬᠤ ᠶᠢ ᠱᠠᠭᠠᠷᠳᠠᠭᠰᠠᠨ ᠪᠠᠶᠢᠨ᠎ᠠ᠃ ᠬᠤᠯᠪᠤᠭᠠᠯᠠᠨ | ᠪᠠᠶᠢᠴᠠᠭᠠᠬᠤ ᠲᠤᠭᠤᠶᠢᠯᠠᠩ ᠤᠨ ᠬᠢᠨ ᠵᠦᠬᠡᠬᠡᠪᠦᠷᠢ ᠶᠢᠨ ᠲᠡᠷᠭᠡ ᠪᠠ ᠵᠢᠯᠤᠭᠤᠴᠢ ᠶᠢᠨ ᠬᠢᠷᠢ ᠬᠡᠮ ᠢ ᠴᠢᠩᠭ᠎ᠠ ᠬᠢᠨᠠᠨ | ᠪᠠᠶᠢᠴᠠᠭᠠᠬᠤ ᠶᠢᠨ ᠬᠠᠮᠳᠤ᠂ ᠬᠠᠮᠠᠭᠠᠯᠠᠯᠳᠠ ᠶᠢᠨ ᠪᠦᠰᠡ᠂ ᠭᠠᠯ ᠤᠨᠳᠠᠷᠠᠭᠠᠬᠤ ᠪᠠᠭᠠᠵᠢ ᠲᠦᠬᠦᠭᠡᠷᠦᠮᠵᠢ᠂ | ᠲᠡᠷᠭᠡᠨ ᠬᠦᠷᠳᠦ ᠪᠤᠶᠤ ᠴᠠᠬᠢᠯᠭᠠᠨ ᠱᠤᠭᠤᠮ ᠵᠡᠷᠭᠡ ᠠᠮᠤᠷ ᠲᠦᠪᠰᠢᠨ ᠲᠠᠢ ᠬᠤᠯᠪᠤᠭᠳᠠᠭᠰᠠᠨ ᠠᠰᠠᠭᠤᠳᠠᠯ ᠢ ᠨᠠᠷᠢᠨ | ᠪᠠᠶᠢᠴᠠᠭᠠᠵᠤ᠂ ᠵᠢᠯᠤᠭᠤᠴᠢ ᠪᠠ ᠠᠶᠠᠨᠴᠢᠳ ᠢ ᠱᠠᠭᠠᠷᠳᠠᠨ ᠠᠮᠤᠷ ᠲᠦᠪᠰᠢᠨ ᠤ ᠤᠬᠠᠮᠰᠠᠷ ᠢ ᠨᠢ ᠴᠢᠩᠭᠠᠳᠬᠠᠵᠤ | ᠪᠤᠢ᠃ |