4 ᠰᠠᠷ᠎ᠠ ᠶᠢᠨ 2 ᠤᠨ ᠡᠳᠦᠷ᠂ ᠲᠠᠶᠢᠹᠤᠰᠧ ᠬᠤᠰᠢᠭᠤ ᠭᠤᠴᠢᠳᠠᠬᠢ ᠡᠬᠡ ᠤᠷᠤᠨᠴᠢ ᠡᠷᠡᠬᠦᠯ | ᠬᠠᠮᠠᠭᠠᠯᠠᠯ ᠤᠨ ᠰᠠᠷ᠎ᠠ ᠶᠢᠨ ᠠᠵᠢᠯᠯᠠᠭᠠᠨ ᠤ ᠲᠠᠶᠢᠴᠢᠯᠠᠯᠳᠠ ᠶᠢᠨ ᠶᠡᠭᠡ ᠬᠤᠷᠠᠯ ᠢ ᠬᠤᠷᠠᠯᠳᠤᠭᠤᠯᠵᠤ᠂ ︽ | ᠲᠠᠶᠢᠹᠤᠰᠧ ᠬᠤᠰᠢᠭᠤᠨ ᠤ ᠭᠤᠴᠢᠳᠠᠬᠢ ᠡᠬᠡ ᠤᠷᠤᠨᠴᠢ ᠡᠷᠡᠬᠦᠯ ᠬᠠᠮᠠᠭᠠᠯᠠᠯ ᠤᠨ ᠰᠠᠷ᠎ᠠ ᠶᠢᠨ ᠠᠵᠢᠯᠯᠠᠭᠠᠨ ᠤ | ᠲᠦᠰᠦᠪ︾ ᠢ ᠨᠡᠶᠢᠳᠡᠯᠡᠨ᠂ ᠪᠦᠬᠦ ᠬᠤᠰᠢᠭᠤᠨ ᠤ ᠬᠤᠳᠠ ᠬᠦᠳᠡᠭᠡ ᠶᠢᠨ ᠡᠬᠡ ᠤᠷᠤᠨᠴᠢ ᠡᠷᠡᠬᠦᠯ ᠬᠠᠮᠠᠭᠠᠯᠠᠯ | ᠠᠷᠢᠭᠤᠨ ᠴᠡᠪᠡᠷ ᠤᠨ ᠬᠦᠳᠡᠯᠪᠦᠷᠢ ᠠᠵᠢᠯᠯᠠᠭ᠎ᠠ ᠶᠢ ᠲᠠᠶᠢᠴᠢᠯᠠᠨ ᠪᠠᠶᠢᠷᠢᠯᠠᠭᠤᠯᠪᠠ᠃ | ᠬᠤᠷᠠᠯ ᠠᠴᠠ᠂ ᠪᠦᠬᠦ ᠬᠤᠰᠢᠭᠤᠨ ᠤ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠨᠢ ᠪᠦᠬᠦ ᠤᠯᠤᠰ ᠤᠨ | ᠡᠬᠡ ᠤᠷᠤᠨᠴᠢ ᠡᠷᠡᠬᠦᠯ ᠬᠠᠮᠠᠭᠠᠯᠠᠯ ᠤᠨ ᠠᠯᠪᠠᠨ ᠭᠡᠷ ᠤᠨ ︽ᠰᠢᠨ᠎ᠡ ᠴᠠᠭ ᠦᠶ᠎ᠡ᠂ ᠰᠢᠨ᠎ᠡ ᠡᠷᠡᠬᠦᠯ ᠮᠡᠨᠳᠦ᠂ | ᠰᠢᠨ᠎ᠡ ᠠᠬᠢᠯᠳᠠ ᠲᠠᠪᠰᠢᠯᠳᠠ︾ ᠬᠡᠮᠡᠬᠦ ᠠᠵᠢᠯᠯᠠᠭᠠᠨ ᠤ ᠭᠤᠤᠯ ᠰᠡᠳᠦᠪ ᠢ ᠲᠠᠭᠠᠵᠤ᠂ ᠲᠡᠭᠡᠳᠦ ᠬᠡᠮᠵᠢᠶᠡᠨ ᠤ | ᠬᠠᠷᠢᠭᠤᠴᠠᠯᠭᠠᠳᠤ ᠰᠡᠳᠬᠢᠯ ᠢᠶᠠᠷ ᠡᠬᠡ ᠤᠷᠤᠨᠴᠢ ᠡᠷᠡᠬᠦᠯ ᠬᠠᠮᠠᠭᠠᠯᠠᠯ ᠤᠨ ᠰᠠᠷ᠎ᠠ ᠶᠢᠨ ᠠᠵᠢᠯᠯᠠᠭ᠎ᠠ ᠳᠤ ᠢᠳᠡᠪᠬᠢᠳᠡᠢ | ᠤᠷᠤᠯᠴᠠᠨ᠂ ᠠᠵᠢᠯ ᠡᠬᠦᠷᠭᠡ ᠶᠢ ᠲᠤᠳᠤᠷᠬᠠᠶᠢᠯᠠᠵᠤ᠂ ᠬᠠᠮᠳᠤᠪᠠᠷ ᠠᠳᠬᠤᠵᠤ ᠬᠠᠮᠢᠶᠠᠷᠤᠨ᠂ ᠷᠠᠳᠢᠤ ᠲᠧᠯᠸᠢᠰ | ᠵᠠᠭᠤᠴᠢᠯᠠᠭᠤᠷ ᠤᠨ ᠬᠦᠴᠦᠨ ᠢ ᠬᠦᠢᠴᠡᠳ ᠠᠰᠢᠭᠯᠠᠵᠤ᠂ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠂ ᠪᠦᠬᠦ | ᠬᠤᠰᠢᠭᠤᠨ ᠤ ᠤᠯᠠᠨ ᠲᠦᠮᠡᠨ ᠤ ᠡᠪᠡᠳᠴᠢᠨ ᠡᠮᠭᠡᠭ ᠡᠰᠡᠷᠬᠦᠴᠡᠬᠦ ᠴᠢᠳᠠᠪᠤᠷᠢ ᠶᠢ ᠨᠡᠮᠡᠭᠳᠡᠬᠦᠯᠵᠦ᠂ ᠤᠷᠴᠢᠨ | ᠲᠤᠭᠤᠷᠢᠨ ᠤ ᠠᠷᠢᠭᠤᠨ ᠴᠡᠪᠡᠷ ᠤᠨ ᠶᠡᠷᠦᠩᠬᠡᠶᠢᠯᠡᠭᠰᠡᠨ ᠵᠠᠰᠠᠯᠳᠠ ᠶᠢ ᠰᠠᠶᠢᠳᠤᠷ ᠠᠳᠬᠤᠨ᠂ ᠭᠤᠤᠯᠳᠠᠯᠭᠠᠳᠠᠢ | ᠤᠷᠤᠨ ᠪᠦᠰᠡ ᠶᠢᠨ ᠬᠢᠨᠠᠨ ᠪᠠᠶᠢᠴᠠᠭᠠᠯᠳᠠ ᠶᠢ ᠴᠢᠩᠭᠠᠳᠬᠠᠵᠤ᠂ ᠡᠬᠡ ᠤᠷᠤᠨᠴᠢ ᠡᠷᠡᠬᠦᠯ ᠬᠠᠮᠠᠭᠠᠯᠠᠯ ᠤᠨ ᠰᠠᠷ᠎ᠠ | ᠶᠢᠨ ᠠᠵᠢᠯᠯᠠᠭᠠᠨ ᠤ ᠦᠨᠡᠨ ᠪᠤᠳᠠᠳᠠᠢ ᠨᠠᠶᠢᠳᠠᠪᠤᠷᠢᠵᠢᠬᠤ ᠶᠢ ᠪᠠᠳᠤᠯᠠᠬᠤ ᠭᠡᠷᠡᠭᠳᠡᠢ ᠭᠡᠵᠦ ᠱᠠᠭᠠᠷᠳᠠᠭᠰᠠᠨ ᠪᠠᠶᠢᠨ᠎ᠠ᠃ | ᠬᠤᠷᠠᠯ ᠠᠴᠠ ᠪᠠᠰᠠ ᠬᠤᠳᠠ ᠬᠦᠳᠡᠭᠡ ᠶᠢᠨ ᠤᠷᠴᠢᠨ ᠲᠤᠭᠤᠷᠢᠨ ᠤ ᠲᠦᠪᠯᠡᠷᠡᠭᠰᠡᠨ ᠴᠡᠭᠴᠡᠯᠡᠯᠳᠡ ᠶᠢᠨ ᠠᠵᠢᠯ ᠤᠨ | ᠱᠠᠭᠠᠷᠳᠠᠯᠭ᠎ᠠ ᠶᠤᠰᠤᠭᠠᠷ᠂ ᠲᠤᠰ ᠭᠠᠵᠠᠷ ᠤᠷᠤᠨ ᠤ ᠪᠠᠨ ᠬᠤᠳᠠ ᠬᠦᠳᠡᠭᠡ ᠶᠢᠨ ᠤᠷᠴᠢᠨ ᠲᠤᠭᠤᠷᠢᠨ ᠤ ᠠᠷᠢᠭᠤᠨ | ᠴᠡᠪᠡᠷ ᠤᠨ ᠴᠡᠭᠴᠡᠯᠡᠯᠳᠡ ᠶᠢᠨ ᠡᠬᠦᠷᠭᠡ ᠬᠠᠷᠠᠯᠳᠠ ᠲᠠᠢ ᠤᠶᠠᠯᠳᠤᠭᠤᠯᠵᠤ᠂ ᠡᠷᠡᠬᠦᠯ ᠴᠢᠬᠢᠷᠠᠭ ᠤᠷᠴᠢᠨ ᠲᠤᠭᠤᠷᠢᠨ | ᠢ ᠡᠬᠦᠳᠬᠦ ᠂ ᠡᠷᠡᠬᠦᠯ ᠴᠢᠬᠢᠷᠠᠭ ᠨᠡᠶᠢᠬᠡᠮ ᠢ ᠪᠠᠶᠢᠭᠤᠯᠬᠤ᠂ ᠡᠷᠡᠬᠦᠯ ᠴᠢᠬᠢᠷᠠᠭ ᠬᠦᠮᠦᠨ ᠢ ᠬᠦᠮᠦᠵᠢᠬᠦᠯᠬᠦ ᠵᠡᠷᠭᠡ | ᠭᠤᠤᠯᠳᠠᠯᠭ᠎ᠠ ᠶᠢᠨ ᠲᠤᠭᠤᠷᠢᠨ ᠳᠤ᠂ ᠡᠷᠡᠬᠦᠯ ᠴᠢᠬᠢᠷᠠᠭ ᠬᠤᠳᠠ ᠪᠠᠯᠭᠠᠰᠤ ᠶᠢᠨ ᠬᠦᠭᠵᠢᠯᠳᠡ ᠶᠢᠨ ᠲᠦᠯᠦᠪᠵᠢᠬᠦᠯᠬᠡ | ᠶᠢ ᠲᠤᠭᠳᠠᠭᠠᠨ᠂ ᠡᠷᠡᠬᠦᠯ ᠮᠡᠨᠳᠦ ᠲᠠᠢ ᠬᠤᠯᠪᠤᠭᠳᠠᠭᠰᠠᠨ ᠲᠦᠷᠦ ᠶᠢᠨ ᠪᠤᠳᠤᠯᠭ᠎ᠠ ᠶᠢᠨ ᠠᠭᠤᠯᠭ᠎ᠠ ᠶᠢ ᠬᠤᠳᠠ | ᠪᠠᠯᠭᠠᠰᠤᠨ ᠤ ᠪᠦᠳᠦᠭᠡᠨ ᠪᠠᠶᠢᠭᠤᠯᠤᠯᠳᠠ᠂ ᠵᠠᠮ ᠬᠠᠷᠢᠯᠴᠠᠭ᠎ᠠ᠂ ᠨᠡᠶᠢᠬᠡᠮ ᠤᠨ ᠪᠠᠳᠤᠯᠠᠭ᠎ᠠ ᠵᠡᠷᠭᠡ ᠡᠯ᠎ᠡ ᠲᠦᠷᠦᠯ | ᠤᠨ ᠲᠦᠷᠦ ᠶᠢᠨ ᠪᠤᠳᠤᠯᠭ᠎ᠠ ᠳᠤ ᠤᠷᠤᠭᠤᠯᠬᠤ ᠶᠢᠨ ᠬᠠᠮᠳᠤ ᠰᠠᠶᠢᠳᠤᠷ ᠨᠠᠶᠢᠳᠠᠪᠤᠷᠢᠵᠢᠭᠤᠯᠬᠤ ᠭᠡᠷᠡᠭᠳᠡᠢ ᠬᠡᠵᠦ | ᠴᠢᠬᠤᠯᠠᠴᠢᠯᠠᠪᠠ᠃ ᠡᠯ᠎ᠡ ᠰᠤᠮᠤ ᠰᠢᠶᠠᠩ ᠪᠠᠯᠭᠠᠰᠤ ᠶᠢᠨ ᠤᠳᠤᠷᠢᠳᠤᠯᠭ᠎ᠠ ᠬᠢᠭᠡᠳ ᠬᠤᠰᠢᠭᠤᠨ ᠤ ᠡᠬᠡ ᠤᠷᠤᠨᠴᠢ | ᠡᠷᠡᠬᠦᠯ ᠬᠠᠮᠠᠭᠠᠯᠠᠯ ᠤᠨ ᠠᠵᠢᠯᠯᠠᠭᠠᠨ ᠤ ᠵᠦᠪᠯᠡᠯ ᠤᠨ ᠭᠡᠰᠢᠬᠦᠨ ᠨᠢᠬᠡᠴᠡ ᠶᠢᠨ ᠬᠠᠷᠢᠭᠤᠴᠠᠯᠭᠠᠳᠠᠳ ᠲᠤᠰ ᠬᠤᠷᠠᠯ | ᠳᠤ ᠤᠷᠤᠯᠴᠠᠭᠰᠠᠨ ᠪᠠᠶᠢᠨ᠎ᠠ᠃ |