ᠠᠵᠤ ᠠᠬᠤᠶᠢᠯᠠᠯ ᠬᠠᠪᠰᠤᠷᠤᠨ ᠲᠡᠳᠬᠦᠵᠦ ᠬᠦᠴᠢᠷᠳᠡᠢ ᠡᠷᠦᠬᠡ ᠶᠢ ᠶᠠᠳᠠᠭᠤ ᠠᠴᠠ ᠠᠩᠬᠢᠵᠢᠷᠠᠭᠤᠯᠤᠨᠠᠮ
ᠨᠡᠶᠢᠲᠡᠯᠡᠭᠰᠡᠨ ᠴᠠᠭ᠄
2018-04-10
           ᠪᠦᠬᠦ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠬᠤᠷᠠᠯ ᠎ ᠤᠨ ᠵᠤᠷᠢᠭ ᠰᠠᠨᠠᠭ᠎ᠠ ᠶᠢ ᠪᠦᠬᠦ ᠲᠠᠯᠠᠪᠠᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠶᠠᠳᠠᠭᠤ ᠬᠦᠴᠢᠷᠳᠡᠢ ᠡᠷᠦᠬᠡ  ᠎ ᠶᠢ ᠬᠠᠪᠰᠤᠷᠤᠨ ᠲᠡᠳᠬᠦᠵᠦ ᠶᠠᠳᠠᠭᠤ ᠠᠴᠠ ᠠᠩᠬᠢᠵᠢᠷᠠᠭᠤᠯᠬᠤ ᠠᠵᠢᠯ ᠢ ᠦᠨᠡᠨᠬᠦ ᠰᠠᠶᠢᠨ ᠬᠢᠬᠦ ᠶᠢᠨ ᠲᠦᠯᠦᠬᠡ᠂ ᠤᠶᠢᠷ᠎ᠠ ᠳᠤ ᠬᠤᠰᠢᠭᠤᠨ ᠤ ᠶᠠᠳᠠᠭᠤ ᠶᠢ ᠳᠡᠳᠬᠦᠬᠦ ᠠᠯᠪᠠᠨ ᠭᠡᠷ ᠤᠨ ᠬᠢᠨ ᠬᠤᠩ ᠶᠢᠨ ᠶᠤᠸᠠᠨ  ᠢᠳᠡᠰᠢᠨ ᠲᠤᠰᠤᠨ ᠤ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠲᠠᠢ ᠬᠤᠯᠪᠤᠭᠠᠯᠠᠨ᠂ ᠶᠦᠩ ᠹᠧᠩ ᠪᠠᠯᠭᠠᠰᠤᠨ ᠤ ᠲᠸᠦ ᡁᠢ  ᠵᠢᠶᠠᠨ ᠵᠡᠷᠭᠡ 7 ᠲᠤᠰᠬᠤᠨ ᠳᠤ ᠬᠦᠨᠵᠡᠭᠡᠶᠢᠷᠡᠵᠦ᠂ ᠶᠠᠳᠠᠭᠤ ᠶᠢ ᠳᠡᠳᠬᠦᠬᠦ ᠪᠤᠳᠠᠳᠠᠢ ᠠᠵᠢᠯ ᠦᠷᠨᠢᠬᠦᠯᠦᠨ ᠡᠬᠢᠯᠡᠪᠡ   ᠡᠨᠡ ᠤᠳᠠᠭ᠎ᠠ  ᠲᠤᠰᠬᠤᠨ ᠤ  ᠠᠷᠠᠳ ᠤᠨ  ᠶᠡᠭᠡ ᠬᠤᠷᠠᠯ ᠢ ᠵᠤᠬᠢᠶᠠᠨ ᠪᠠᠶᠢᠭᠤᠯᠵᠤ ᠬᠤᠷᠠᠯᠳᠤᠭᠤᠯᠬᠤ᠂  ᠠᠶᠢᠯ ᠲᠤᠭᠤᠷᠢᠵᠤ ᠰᠠᠨᠠᠯ ᠬᠤᠷᠢᠶᠠᠬᠤ᠂ ᠰᠠᠭᠤᠳᠠᠯ ᠤᠨ ᠬᠤᠷᠠᠯ ᠤᠨ ᠡᠷᠬᠢᠯᠡᠬᠦ ᠵᠡᠷᠭᠡ ᠭᠡᠯᠪᠡᠷᠢ ᠪᠠᠷ ᠶᠠᠳᠠᠭᠤ ᠬᠦᠴᠢᠷᠳᠡᠢ ᠡᠷᠦᠬᠡ  ᠎ ᠳᠤ ᠬᠦᠨᠵᠡᠭᠡᠶᠢᠷᠡᠨ᠂ ᠪᠦᠬᠦ ᠬᠤᠰᠢᠭᠤᠨ ᠤ ᠲᠤᠭᠳᠠᠭᠰᠠᠨ ᠠᠵᠤ ᠠᠬᠤᠶᠢᠯᠠᠯ ᠶᠠᠳᠠᠭᠤ ᠶᠢ ᠳᠡᠳᠬᠦᠬᠦ ᠠᠵᠢᠯ ᠤᠨ ᠲᠤᠭᠳᠠᠯᠴᠠᠭ᠎ᠠ ᠪᠠ ᠲᠦᠷᠦ ᠶᠢᠨ ᠪᠤᠳᠤᠯᠭ᠎ᠠ ᠶᠢᠨ ᠠᠷᠭ᠎ᠠ ᠪᠠᠷᠢᠯ ᠢ ᠨᠠᠷᠢᠨ ᠨᠢᠮᠪᠠᠢ ᠤᠬᠠᠭᠤᠯᠤᠨ ᠲᠠᠶᠢᠯᠪᠤᠷᠢᠯᠠᠵᠤ᠂ ᠶᠠᠳᠠᠭᠤ ᠬᠦᠴᠢᠷᠳᠡᠢ ᠡᠷᠦᠬᠡ ᠶᠢᠨ ᠲᠤᠰᠤᠯᠢᠭ ᠲᠠᠷᠢᠮᠠᠯ ᠲᠠᠷᠢᠬᠤ ᠲᠤᠬᠠᠢ ᠪᠤᠳᠤᠯ ᠰᠠᠨᠠᠯ ᠢ ᠨᠢ  ᠤᠶᠢᠯᠠᠭᠠᠬᠤ ᠶᠢᠨ ᠬᠠᠮᠳᠤ᠂ ᠠᠵᠤ ᠠᠬᠤᠶᠢᠯᠠᠯ ᠨᠢ ᠭᠠᠴᠠᠭ᠎ᠠ ᠲᠤᠰᠬᠤᠨ ᠲᠠᠢ ᠬᠠᠪᠰᠤᠷᠤᠨ ᠲᠡᠳᠬᠦᠬᠦ ᠭᠡᠷ᠎ᠡ ᠲᠤᠭᠳᠠᠵᠤ᠂  ᠲᠠᠷᠠᠭ᠎ᠠ ᠠᠯᠬᠤᠮ ᠤᠨ ᠠᠵᠢᠯ  ᠎ ᠳᠠᠭᠠᠨ ᠰᠠᠭᠤᠷᠢ ᠲᠠᠯᠪᠢᠭᠰᠠᠨ ᠪᠠᠶᠢᠨ᠎ᠠ᠃ 3 ᠰᠠᠷ᠎ᠠ ᠶᠢᠨ 24᠎ ᠤ ᠡᠳᠦᠷ᠂  ᠬᠤᠰᠢᠭᠤᠨ ᠤ ᠶᠠᠳᠠᠭᠤ ᠶᠢ ᠲᠡᠳᠬᠦᠬᠦ ᠠᠵᠤ ᠠᠬᠤᠶᠢᠯᠠᠯ ᠪᠤᠯᠬᠤ ᠰᠢᠤᠸᠠᠢ ᠵᠢᠶᠦ᠋ᠨ ᠦᠩᠬᠡᠳᠦ ᠳ᠋ᠧᠩᠯᠤ ᠶᠢᠨ ᠦᠢᠯᠡᠳᠪᠦᠷᠢ ᠨᠢ ᠴᠢᠶᠠᠨ ᠶᠢᠨ ᠭᠸᠦ ᠪᠠᠯᠭᠠᠰᠤᠨ ᠤ ᠳ᠋ᠧ ᠱᠧᠩ ᠭᠸᠦ ᠲᠤᠰᠬᠤᠨ ᠎ ᠳᠤ ᠳ᠋ᠧᠩᠯᠤ ᠬᠢᠬᠦ ᠮᠡᠷᠭᠡᠵᠢᠯ ᠤᠨ ᠪᠤᠯᠪᠠᠰᠤᠷᠠᠯ ᠢᠶᠠᠨ ᠡᠬᠢᠯᠡᠬᠦᠯᠪᠡ᠃  1 ᠰᠠᠷ᠎ᠠ ᠶᠢᠨ ᠬᠤᠭᠤᠴᠠᠭ᠎ᠠ ᠲᠠᠢ ᠲᠦᠪᠯᠡᠷᠡᠭᠰᠡᠨ ᠪᠤᠯᠪᠠᠰᠤᠷᠠᠯ  ᠎ ᠢᠶᠠᠷ ᠲᠠᠮᠵᠢᠨ᠂  ᠳ᠋ᠧ ᠱᠧᠩ ᠭᠸᠦ ᠲᠤᠰᠬᠤᠨ ᠢᠶᠠᠷ ᠭᠤᠤᠯ ᠪᠤᠯᠭᠠᠵᠤ᠂  ᠤᠶᠢᠷ᠎ᠠ ᠬᠠᠪᠢ ᠶᠢᠨ ᠪᠤᠰᠤᠳ ᠲᠤᠰᠬᠤᠨ ᠢ ᠬᠠᠮᠤᠷᠤᠭᠰᠠᠨ 6 ᠲᠤᠰᠬᠤᠨ ᠤ 200 ᠭᠠᠷᠤᠢ ᠲᠠᠷᠢᠶᠠᠴᠢᠨ ᠳᠤ ᠳ᠋ᠧᠩᠯᠤ ᠬᠢᠬᠦ  ᠠᠷᠭ᠎ᠠ ᠮᠡᠷᠭᠡᠵᠢᠯ  ᠎ ᠢ ᠵᠢᠭᠠᠵᠤ ᠤᠯᠠᠮᠵᠢᠯᠠᠨ᠂ ᠮᠡᠷᠭᠡᠵᠢᠯ ᠰᠤᠷᠴᠤ ᠦᠢᠯᠡᠰ ᠪᠦᠳᠦᠭᠡᠨ ᠶᠠᠳᠠᠭᠤ ᠠᠴᠠ ᠠᠩᠬᠢᠵᠢᠷᠠᠬᠤ ᠬᠠᠷᠠᠯᠳᠠ ᠳᠤ ᠬᠦᠷᠭᠡᠬᠦ ᠪᠠᠷ ᠪᠠᠶᠢᠨ᠎ᠠ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号