︽ᠰᠤᠷᠤᠯᠴᠠᠯᠭ᠎ᠠ ᠶᠢ ᠬᠦᠳᠡᠭᠡ ᠬᠦᠷᠬᠡᠬᠦ ᠬᠦᠩᠬᠡᠨ ᠮᠤᠷᠢᠳᠤ ᠴᠡᠷᠢᠭ︾  ᠲᠠᠶᠢᠹᠤᠰᠧ ᠬᠤᠰᠢᠭᠤᠨ ᠳᠤ ᠢᠷᠡᠵᠦ ︽ᠬᠤᠶᠠᠷ ᠬᠤᠷᠠᠯ︾᠎ ᠤᠨ ᠵᠤᠷᠢᠭ ᠰᠠᠨᠠᠭ᠎ᠠ ᠎ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2018-04-10
         ᠰᠢ ᠶᠢᠨ ᠫᠢᠩ ᠶᠡᠷᠦᠩᠬᠡᠢ ᠱᠦᠵᠢ ᠶᠢᠨ ᠪᠦᠬᠦ ᠤᠯᠤᠰ ᠤᠨ ︽ᠬᠤᠶᠠᠷ ᠬᠤᠷᠠᠯ︾  ᠲᠡᠭᠡᠷ᠎ᠡ ᠬᠢᠭᠰᠡᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠬᠤ ᠶᠢᠨ ᠲᠦᠯᠦᠬᠡ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠨᠢᠬᠡᠳᠦᠯᠳᠡᠢ ᠪᠠᠶᠢᠷᠢᠯᠠᠭᠤᠯᠤᠯᠳᠠ ᠶᠤᠰᠤᠭᠠᠷ᠂  3 ᠰᠠᠷ᠎ᠠ ᠶᠢᠨ 30᠎ ᠤ ᠡᠳᠦᠷ ᠦᠪᠡᠷᠳᠡᠭᠡᠨ ᠵᠠᠰᠠᠬᠤ ᠤᠷᠤᠨ ᠤ ︽ᠰᠤᠷᠤᠯᠴᠠᠯᠭ᠎ᠠ ᠶᠢ ᠬᠦᠳᠡᠭᠡ ᠬᠦᠷᠬᠡᠬᠦ ᠬᠦᠩᠬᠡᠨ ᠮᠤᠷᠢᠳᠤ ᠴᠡᠷᠢᠭ︾  ᠤᠬᠠᠭᠤᠯᠭ᠎ᠠ ᠶᠢᠨ ᠰᠠᠯᠪᠤᠷᠢ  ᠠᠩᠬᠢ ᠨᠢ ᠲᠠᠶᠢᠹᠤᠰᠧ ᠬᠤᠰᠢᠭᠤᠨ ᠳᠤ ᠢᠷᠡᠵᠦ  ᠂ ᠪᠦᠬᠦ ᠤᠯᠤᠰ ᠤᠨ ︽ᠬᠤᠶᠠᠷ ᠬᠤᠷᠠᠯ︾᠎ ᠤᠨ ᠵᠤᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃      ᠡᠨᠡ ᠤᠳᠠᠭᠠᠨ ᠤ ᠤᠬᠠᠭᠤᠯᠭ᠎ᠠ ᠲᠠᠶᠢᠯᠤᠮᠵᠢ ᠨᠢ  ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂2018 ᠤᠨ ᠤ ᠪᠦᠬᠦ ᠤᠯᠤᠰ ᠤᠨ ︿ᠬᠤᠶᠠᠷ ᠬᠤᠷᠠᠯ﹀᠎ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠬᠤ︾᠎ ᠪᠠᠷ ᠰᠡᠳᠦᠪ  ᠪᠤᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠎ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ  ᠰᠠᠨᠠᠭᠠᠨ ᠤ ᠪᠠᠶᠠᠯᠢᠭ  ᠠᠭᠤᠯᠤᠭᠳᠠᠬᠤᠨ  ᠬᠢᠭᠡᠳ ᠵᠤᠷᠢᠭ ᠰᠠᠨᠠᠭᠠᠨ ᠤ ᠮᠦᠨ ᠴᠢᠨᠠᠷ ᠢ ᠬᠦᠨᠵᠡᠬᠡᠢ ᠲᠤᠭᠠᠴᠢᠨ ᠦᠬᠦᠯᠡᠵᠦ᠂ ᠰᠢ ᠶᠢᠨ ᠫᠢᠩ ᠶᠡᠷᠦᠩᠬᠡᠢ ᠱᠦᠵᠢ ᠶᠢᠨ ᠦᠪᠦᠷ ᠮᠤᠩᠭᠤᠯ  ᠤᠷᠤᠨ ᠳᠤ ᠲᠠᠯᠪᠢᠵᠤ ᠪᠠᠶᠢᠭ᠎ᠠ  ᠬᠠᠯᠠᠭᠤᠨ ᠬᠠᠯᠠᠮᠵᠢᠯᠠᠯ ᠪᠠ  ᠬᠦᠨᠳᠦ ᠨᠠᠶᠢᠳᠠᠯᠭ᠎ᠠ ᠶᠢ ᠬᠦᠨᠵᠡᠭᠡᠢ ᠤᠶᠢᠯᠠᠭᠠᠬᠤ᠂  ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠯᠠᠪᠳᠠᠭᠤᠨ ᠪᠠᠳᠤᠳᠠᠢ ᠲᠦᠯᠬᠢᠨ ᠠᠬᠢᠭᠤᠯᠬᠤ ᠪᠠ ᠦᠨᠳᠦᠰᠦᠳᠡᠨ ᠤ ᠪᠦᠯᠬᠦᠮᠳᠡᠯ᠂ ᠬᠢᠯᠢ ᠬᠢᠵᠠᠭᠠᠷ ᠤᠷᠤᠨ ᠤ ᠲᠤᠭᠳᠠᠭᠤᠨ ᠪᠠ ᠪᠠᠬᠢᠵᠢᠬᠦᠯᠦᠯᠳᠡ ᠶᠢ ᠯᠠᠪᠳᠠᠭᠤᠨ ᠪᠠᠳᠤᠳᠠᠢ ᠲᠦᠯᠬᠢᠨ ᠠᠬᠢᠭᠤᠯᠬᠤ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ  ᠱᠠᠭᠠᠷᠳᠠᠯᠭ᠎ᠠ ᠶᠢ ᠬᠦᠨᠵᠡᠬᠡᠢ ᠰᠤᠷᠤᠯᠴᠠᠨ ᠤᠶᠢᠯᠠᠭᠠᠬᠤ ᠪᠠ ᠤᠬᠠᠭᠤᠯᠤᠨ ᠲᠤᠤᠱᠯᠠᠭᠤᠯᠬᠤ᠂   ᠰᠢ ᠶᠢᠨ ᠫᠢᠩ ᠶᠡᠷᠦᠩᠬᠡᠢ ᠱᠦᠵᠢ ᠶᠢᠨ ᠪᠦᠬᠦ ᠤᠯᠤᠰ ᠤᠨ ︽ᠬᠤᠶᠠᠷ ᠬᠤᠷᠠᠯ︾᠎ ᠤᠨ ᠬᠤᠭᠤᠴᠠᠭᠠᠨ ᠳᠤ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠶᠠᠷᠢᠯᠴᠠᠯᠭ᠎ᠠ ᠳᠤ ᠤᠷᠤᠯᠴᠠᠬᠤ ᠳᠠᠭᠠᠨ  ᠶᠠᠷᠢᠭᠰᠠᠨ ᠴᠢᠬᠤᠯᠠ  ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ ᠤᠶᠢᠯᠠᠭᠠᠬᠤ ᠵᠡᠷᠭᠡ ᠲᠠᠯ᠎ᠠ ᠠᠴᠠ ᠨᠠᠷᠢᠨ ᠨᠢᠮᠪᠠᠢ ᠲᠠᠶᠢᠯᠤᠮᠵᠢ ᠬᠢᠭᠰᠡᠨ ᠪᠠᠶᠢᠨ᠎ᠠ  ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号