ᠲᠠᠶᠢᠹᠤᠰᠧ ᠬᠤᠰᠢᠭᠤ  ᠬᠦᠳᠡᠭᠡ ᠶᠢᠨ ᠵᠢᠭᠠᠯ ᠤᠳ ᠲᠤ ᠦᠨ᠎ᠡ ᠲᠦᠯᠦᠪᠦᠷᠢ ᠦᠬᠡᠢ ᠪᠡᠶ᠎ᠡ ᠶᠢᠨ ᠪᠠᠶᠢᠴᠠᠭᠠᠯᠳᠠ ᠬᠢᠵᠦ ᠪᠠᠶᠢᠨ᠎ᠠ
ᠨᠡᠶᠢᠲᠡᠯᠡᠭᠰᠡᠨ ᠴᠠᠭ᠄
2018-04-10
         ᠨᠢᠯᠬ᠎ᠠ ᠬᠡᠦᠭᠡᠳ ᠤᠨ ᠡᠷᠡᠬᠦᠯ ᠮᠡᠨᠳᠦ ᠶᠢ ᠬᠠᠯᠠᠮᠵᠢᠯᠠᠬᠤ ᠪᠤᠯ ᠭᠡᠷ ᠪᠦᠯᠢ᠂ ᠰᠤᠷᠭᠠᠭᠤᠯᠢ  ᠬᠢᠭᠡᠳ ᠨᠡᠶᠢᠬᠡᠮ ᠲᠠᠶᠠᠭᠠᠷ ᠤᠨ ᠶᠡᠭᠡ ᠶᠠᠪᠤᠳᠠᠯ ᠪᠤᠯᠤᠨ᠎ᠠ᠃ ᠰᠤᠷᠭᠠᠭᠤᠯᠢ ᠶᠢᠨ ᠨᠠᠰᠤᠨ ᠠᠴᠠ ᠡᠮᠦᠨᠡᠬᠢ ᠬᠡᠦᠬᠡᠳ ᠤᠨ ᠡᠷᠡᠬᠦᠯ ᠮᠡᠨᠳᠦ ᠶᠢᠨ ᠬᠠᠮᠢᠶᠠᠷᠤᠯᠳᠠ ᠶᠢ ᠴᠢᠩᠭᠠᠳᠬᠠᠵᠤ᠂ ᠲᠡᠳᠡᠨ ᠤ ᠰᠢᠮ᠎ᠡ ᠲᠡᠵᠢᠬᠡᠯ ᠤᠨ ᠪᠠᠶᠢᠳᠠᠯ ᠪᠠ ᠪᠡᠶ᠎ᠡ ᠮᠠᠬᠠᠪᠤᠳ ᠤᠨ ᠪᠤᠶᠢᠵᠢᠯᠳᠠ  ᠎ ᠶᠢᠨ ᠪᠠᠶᠢᠳᠠᠯ ᠢ ᠤᠶᠢᠯᠠᠭᠠᠨ ᠡᠵᠡᠮᠰᠢᠬᠦ ᠶᠢᠨ ᠲᠤᠰᠠᠳᠠ᠂ ᠲᠠᠶᠢᠹᠤᠰᠧ ᠬᠤᠰᠢᠭᠤᠨ ᠤ ᠡᠬᠡ ᠨᠢᠯᠬᠠᠰ ᠤᠨ ᠡᠷᠡᠬᠦᠯ ᠢ ᠬᠠᠮᠠᠭᠠᠯᠠᠬᠤ ᠰᠠᠯᠠᠭ᠎ᠠ ᠮᠦᠴᠢᠷ ᠤᠨ ᠬᠢᠨ ᠡᠮᠨᠡᠯᠬᠡ ᠶᠢᠨ ᠠᠵᠢᠯᠳᠠᠳ ᠢᠶᠠᠨ ᠵᠤᠬᠢᠶᠠᠨ ᠪᠠᠶᠢᠭᠤᠯᠵᠤ᠂ ᠪᠦᠬᠦ ᠬᠤᠰᠢᠭᠤᠨ ᠤ ᠬᠦᠳᠡᠭᠡ ᠲᠤᠰᠬᠤᠨ ᠤ ᠬᠡᠦᠬᠡᠳ ᠤᠨ ᠴᠡᠴᠡᠷᠯᠢᠭ ᠲᠤ ᠬᠦᠨᠵᠡᠭᠡᠶᠢᠷᠡᠨ᠂ ᠴᠡᠴᠡᠷᠯᠢᠭ ᠤᠨ ᠬᠡᠦᠭᠡᠳ ᠤᠳ ᠲᠤ ᠦᠨ᠎ᠡ ᠲᠦᠯᠦᠪᠦᠷᠢ ᠦᠬᠡᠢ ᠪᠡᠶ᠎ᠡ ᠶᠢᠨ ᠪᠠᠶᠢᠴᠠᠭᠠᠯᠳᠠ  ᠬᠢᠬᠦ ᠠᠵᠢᠯᠯᠠᠭ᠎ᠠ  ᠦᠷᠨᠢᠬᠦᠯᠵᠦ ᠪᠠᠶᠢᠨ᠎ᠠ᠃     ᠡᠮᠨᠡᠯᠬᠡ ᠶᠢᠨ ᠠᠵᠢᠯᠳᠠᠨ ᠠᠴᠠ ᠴᠡᠴᠡᠷᠯᠢᠭ ᠤᠨ ᠭᠡᠦᠭᠡᠳ ᠲᠤ ᠪᠡᠶ᠎ᠡ ᠶᠢᠨ ᠦᠨᠳᠦᠷ᠂ ᠪᠡᠶ᠎ᠡ ᠶᠢᠨ ᠬᠦᠨᠳᠦ᠂ ᠴᠢᠰᠤᠨ ᠲᠠᠷᠤᠯᠳᠠ᠂ ᠬᠠᠷᠠᠭ᠎ᠠ ᠰᠤᠨᠤᠷ᠂  ᠲᠠᠪᠤᠨ  ᠡᠷᠭᠡᠳᠡᠨ᠂  ᠲᠤᠳᠤᠷ᠎ᠠ ᠰᠠᠯᠠᠭ᠎ᠠ ᠵᠡᠷᠭᠡ ᠲᠠᠯᠠᠪᠠᠷ ᠪᠦᠬᠦ ᠲᠠᠯ᠎ᠠ ᠎ ᠶᠢᠨ ᠪᠠᠶᠢᠴᠠᠭᠠᠯᠳᠠ  ᠬᠢᠬᠦ ᠶᠢᠨ ᠬᠠᠮᠳᠤ᠂ ᠬᠡᠦᠬᠡᠳ ᠨᠢᠬᠡᠪᠦᠷᠢ ᠳᠤ ︽ᠡᠷᠡᠬᠦᠯ ᠮᠡᠨᠳᠦ ᠶᠢᠨ ᠲᠠᠩᠰᠠ︾  ᠪᠠᠶᠢᠭᠤᠯᠵᠤ ᠂  ᠪᠠᠶᠢᠴᠠᠭᠠᠯᠳᠠ ᠶᠢᠨ ᠲᠤᠮᠳᠠ ᠢᠯᠡᠷᠡᠭᠰᠡᠨ ᠠᠰᠠᠭᠤᠳᠠᠯ ᠳᠤ  ᠵᠢᠯᠤᠭᠤᠳᠤᠮᠵᠢ ᠶᠢᠨ ᠴᠢᠨᠠᠷᠳᠠᠢ ᠰᠠᠨᠠᠭᠤᠯᠭ᠎ᠠ ᠲᠤᠷᠠᠳᠤᠭᠰᠠᠨ ᠪᠠᠶᠢᠨ᠎ᠠ᠃ ︽ᠦᠨᠦᠳᠦᠷ ᠨᠠᠢᠮᠠᠨ ᠡᠮᠴᠢ ᠢᠷᠡᠵᠦ ᠮᠠᠨ ᠤ ᠴᠡᠴᠡᠷᠯᠢᠭ  ᠎ ᠤᠨ 80 ᠭᠠᠷᠤᠢ ᠬᠡᠦᠭᠡᠳ ᠎ ᠲᠤ  ᠪᠡᠶ᠎ᠡ ᠶᠢᠨ ᠪᠠᠶᠢᠴᠠᠭᠠᠯᠳᠠ ᠬᠢᠵᠦ ᠦᠭᠴᠡᠢ᠂  ᠡᠮᠴᠢ ᠨᠠᠷ  ᠲᠤᠶᠢᠯ ᠤᠨ ᠨᠠᠷᠢᠨ ᠬᠢᠨᠠᠮᠠᠭᠠᠢ  ᠮᠦᠷᠳᠡᠭᠡᠨ ᠬᠦᠯᠢᠴᠡᠩᠬᠦᠢ ᠤᠪᠤᠷ  ᠎ ᠲᠠᠢ ᠪᠠᠶᠢᠵᠤ᠂ ᠮᠠᠨ ᠤ ᠬᠡᠦᠭᠡᠳ ᠤᠳ ᠤᠨ  ᠤᠬᠢᠯᠠᠵᠤ ᠤᠨᠵᠢᠬᠤ ᠶᠢ ᠠᠷᠭᠠᠳᠠᠬᠤ ᠪᠠᠷ ᠰᠢᠬᠢᠷ ᠪᠤᠤᠪᠤ ᠪᠠᠨ ᠬᠦᠷᠳᠡᠯ᠎ᠡ ᠠᠪᠴᠤ  ᠢᠷᠡᠵᠡᠢ᠂ ᠡᠨᠡ  ᠤᠳᠠᠭᠠᠨ ᠤ ᠦᠢᠯᠡᠴᠢᠯᠡᠭᠡ ᠦᠨᠡᠭᠡᠷ ᠰᠠᠶᠢᠨ᠂  ᠴᠡᠴᠡᠷᠯᠢᠭ ᠤᠨ ᠪᠠᠭᠰᠢ ᠨᠠᠷ ᠪᠠ ᠭᠡᠷ ᠤᠨ ᠠᠬᠠᠮᠠᠳ ᠪᠦᠷ ᠪᠠᠶᠠᠷᠯᠠᠨ ᠲᠠᠯᠠᠷᠬᠠᠵᠤ ᠪᠠᠶᠢᠨ᠎ᠠ ᠰᠢᠦ  ︾  ᠬᠡᠵᠦ ᠯᠦᠸᠧ ᠲᠦᠸᠧ ᠱᠠᠨ ᠪᠠᠯᠭᠠᠰᠤᠨ ᠤ ᠬᠡᠦᠭᠡᠳ ᠤᠨ ᠴᠡᠴᠡᠷᠯᠢᠭ ᠤᠨ ᠵᠠᠬᠢᠷᠤᠯ ᠸᠠᠩ ᠸᠧᠨ ᠫᠢᠩ  ᠶᠠᠷᠢᠨᠠᠮ᠃ ᠤᠳᠤ ᠪᠤᠯᠳᠠᠯ᠎ᠠ᠂  ᠡᠮᠨᠡᠯᠬᠡ ᠶᠢᠨ ᠠᠵᠢᠯᠳᠠᠳ  ᠬᠦᠳᠡᠭᠡ ᠲᠤᠰᠬᠤᠨ ᠤ ᠴᠡᠴᠡᠷᠯᠢᠭ  ᠎ ᠢᠶᠠᠷ ᠬᠦᠨᠵᠡᠭᠡᠶᠢᠷᠡᠨ᠂  ᠰᠤᠷᠭᠠᠭᠤᠯᠢ ᠎ ᠶᠢᠨ ᠨᠠᠰᠣᠨ ᠠᠴᠠ ᠡᠮᠦᠨᠡᠬᠢ 200 ᠭᠠᠷᠤᠢ ᠵᠢᠭᠠᠯ ᠬᠡᠦᠭᠡᠳ ᠲᠤ ᠪᠡᠶ᠎ᠡ ᠶᠢᠨ ᠪᠠᠶᠢᠴᠠᠭᠠᠯᠳᠠ ᠬᠢᠵᠦ᠂   ᠡᠷᠡᠬᠦᠯ ᠴᠢᠬᠢᠷᠠᠭ ᠤᠨ ᠪᠠᠶᠢᠳᠠᠯ ᠢ  ᠤᠶᠢᠯᠠᠭᠠᠨ  ᠂ ᠡᠪᠡᠳᠴᠢᠨ ᠡᠮᠭᠡᠭ ᠢ ᠨᠢ ᠤᠨᠤᠰᠢᠯᠠᠵᠤ ᠦᠭᠬᠦᠭᠰᠡᠨ ᠪᠠᠶᠢᠨ᠎ᠠ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号