ᠲᠠᠶᠢᠹᠤᠰᠧ ᠬᠤᠰᠢᠭᠤ  ᠭᠤᠴᠢᠳᠠᠬᠢ ᠡᠬᠡ ᠤᠷᠤᠨᠴᠢ ᠡᠷᠡᠬᠦᠯ ᠬᠠᠮᠠᠭᠠᠯᠠᠯ ᠤᠨ ᠰᠠᠷ᠎ᠠ ᠶᠢᠨ ᠠᠵᠢᠯᠯᠠᠭ᠎ᠠ ᠶᠢ ᠡᠬᠢᠯᠡᠬᠦᠯᠪᠡ
ᠨᠡᠶᠢᠲᠡᠯᠡᠭᠰᠡᠨ ᠴᠠᠭ᠄
2018-04-10
          4 ᠰᠠᠷ᠎ᠠ ᠶᠢᠨ 2 ᠤᠨ ᠡᠳᠦᠷ᠂  ᠲᠠᠶᠢᠹᠤᠰᠧ ᠬᠤᠰᠢᠭᠤ  ᠭᠤᠴᠢᠳᠠᠬᠢ ᠡᠬᠡ ᠤᠷᠤᠨᠴᠢ ᠡᠷᠡᠬᠦᠯ ᠬᠠᠮᠠᠭᠠᠯᠠᠯ ᠤᠨ ᠰᠠᠷ᠎ᠠ ᠶᠢᠨ  ᠠᠵᠢᠯᠯᠠᠭᠠᠨ ᠤ ᠲᠠᠶᠢᠴᠢᠯᠠᠯᠳᠠ ᠶᠢᠨ ᠶᠡᠭᠡ ᠬᠤᠷᠠᠯ ᠢ ᠬᠤᠷᠠᠯᠳᠤᠭᠤᠯᠵᠤ᠂ ︽ᠲᠠᠶᠢᠹᠤᠰᠧ ᠬᠤᠰᠢᠭᠤᠨ ᠤ ᠭᠤᠴᠢᠳᠠᠬᠢ ᠡᠬᠡ ᠤᠷᠤᠨᠴᠢ ᠡᠷᠡᠬᠦᠯ ᠬᠠᠮᠠᠭᠠᠯᠠᠯ ᠤᠨ ᠰᠠᠷ᠎ᠠ ᠶᠢᠨ  ᠠᠵᠢᠯᠯᠠᠭᠠᠨ ᠤ ᠲᠦᠰᠦᠪ︾ ᠢ  ᠨᠡᠶᠢᠳᠡᠯᠡᠨ᠂  ᠪᠦᠬᠦ ᠬᠤᠰᠢᠭᠤᠨ ᠤ ᠬᠤᠳᠠ ᠬᠦᠳᠡᠭᠡ ᠶᠢᠨ ᠡᠬᠡ ᠤᠷᠤᠨᠴᠢ ᠡᠷᠡᠬᠦᠯ ᠬᠠᠮᠠᠭᠠᠯᠠᠯ  ᠠᠷᠢᠭᠤᠨ ᠴᠡᠪᠡᠷ ᠤᠨ ᠬᠦᠳᠡᠯᠪᠦᠷᠢ ᠠᠵᠢᠯᠯᠠᠭ᠎ᠠ ᠶᠢ ᠲᠠᠶᠢᠴᠢᠯᠠᠨ ᠪᠠᠶᠢᠷᠢᠯᠠᠭᠤᠯᠪᠠ᠃   ᠬᠤᠷᠠᠯ ᠠᠴᠠ᠂ ᠪᠦᠬᠦ ᠬᠤᠰᠢᠭᠤᠨ ᠤ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠨᠢ ᠪᠦᠬᠦ ᠤᠯᠤᠰ ᠤᠨ ᠡᠬᠡ ᠤᠷᠤᠨᠴᠢ ᠡᠷᠡᠬᠦᠯ ᠬᠠᠮᠠᠭᠠᠯᠠᠯ ᠤᠨ ᠠᠯᠪᠠᠨ ᠭᠡᠷ ᠤᠨ ︽ᠰᠢᠨ᠎ᠡ ᠴᠠᠭ ᠦᠶ᠎ᠡ᠂ ᠰᠢᠨ᠎ᠡ ᠡᠷᠡᠬᠦᠯ ᠮᠡᠨᠳᠦ᠂  ᠰᠢᠨ᠎ᠡ ᠠᠬᠢᠯᠳᠠ ᠲᠠᠪᠰᠢᠯᠳᠠ︾ ᠬᠡᠮᠡᠬᠦ ᠠᠵᠢᠯᠯᠠᠭᠠᠨ ᠤ ᠭᠤᠤᠯ ᠰᠡᠳᠦᠪ ᠢ ᠲᠠᠭᠠᠵᠤ᠂  ᠲᠡᠭᠡᠳᠦ ᠬᠡᠮᠵᠢᠶᠡᠨ ᠤ ᠬᠠᠷᠢᠭᠤᠴᠠᠯᠭᠠᠳᠤ ᠰᠡᠳᠬᠢᠯ ᠢᠶᠠᠷ ᠡᠬᠡ ᠤᠷᠤᠨᠴᠢ ᠡᠷᠡᠬᠦᠯ ᠬᠠᠮᠠᠭᠠᠯᠠᠯ ᠤᠨ ᠰᠠᠷ᠎ᠠ ᠶᠢᠨ ᠠᠵᠢᠯᠯᠠᠭ᠎ᠠ ᠳᠤ ᠢᠳᠡᠪᠬᠢᠳᠡᠢ ᠤᠷᠤᠯᠴᠠᠨ᠂ ᠠᠵᠢᠯ ᠡᠬᠦᠷᠭᠡ ᠶᠢ ᠲᠤᠳᠤᠷᠬᠠᠶᠢᠯᠠᠵᠤ᠂ ᠬᠠᠮᠳᠤᠪᠠᠷ ᠠᠳᠬᠤᠵᠤ ᠬᠠᠮᠢᠶᠠᠷᠤᠨ᠂ ᠷᠠᠳᠢᠤ ᠲᠧᠯᠸᠢᠰ ᠵᠠᠭᠤᠴᠢᠯᠠᠭᠤᠷ ᠤᠨ ᠬᠦᠴᠦᠨ ᠢ ᠬᠦᠢᠴᠡᠳ ᠠᠰᠢᠭᠯᠠᠵᠤ᠂ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠂  ᠪᠦᠬᠦ ᠬᠤᠰᠢᠭᠤᠨ ᠤ ᠤᠯᠠᠨ ᠲᠦᠮᠡᠨ ᠤ ᠡᠪᠡᠳᠴᠢᠨ ᠡᠮᠭᠡᠭ ᠡᠰᠡᠷᠬᠦᠴᠡᠬᠦ ᠴᠢᠳᠠᠪᠤᠷᠢ ᠶᠢ ᠨᠡᠮᠡᠭᠳᠡᠬᠦᠯᠵᠦ᠂ ᠤᠷᠴᠢᠨ ᠲᠤᠭᠤᠷᠢᠨ ᠤ ᠠᠷᠢᠭᠤᠨ ᠴᠡᠪᠡᠷ ᠤᠨ ᠶᠡᠷᠦᠩᠬᠡᠶᠢᠯᠡᠭᠰᠡᠨ ᠵᠠᠰᠠᠯᠳᠠ ᠶᠢ ᠰᠠᠶᠢᠳᠤᠷ  ᠠᠳᠬᠤᠨ᠂ ᠭᠤᠤᠯᠳᠠᠯᠭᠠᠳᠠᠢ ᠤᠷᠤᠨ ᠪᠦᠰᠡ ᠶᠢᠨ ᠬᠢᠨᠠᠨ ᠪᠠᠶᠢᠴᠠᠭᠠᠯᠳᠠ ᠶᠢ ᠴᠢᠩᠭᠠᠳᠬᠠᠵᠤ᠂ ᠡᠬᠡ ᠤᠷᠤᠨᠴᠢ ᠡᠷᠡᠬᠦᠯ ᠬᠠᠮᠠᠭᠠᠯᠠᠯ ᠤᠨ ᠰᠠᠷ᠎ᠠ  ᠶᠢᠨ ᠠᠵᠢᠯᠯᠠᠭᠠᠨ ᠤ ᠦᠨᠡᠨ ᠪᠤᠳᠠᠳᠠᠢ ᠨᠠᠶᠢᠳᠠᠪᠤᠷᠢᠵᠢᠬᠤ ᠶᠢ ᠪᠠᠳᠤᠯᠠᠬᠤ ᠭᠡᠷᠡᠭᠳᠡᠢ ᠭᠡᠵᠦ  ᠱᠠᠭᠠᠷᠳᠠᠭᠰᠠᠨ ᠪᠠᠶᠢᠨ᠎ᠠ᠃ ᠬᠤᠷᠠᠯ ᠠᠴᠠ ᠪᠠᠰᠠ ᠬᠤᠳᠠ ᠬᠦᠳᠡᠭᠡ ᠶᠢᠨ ᠤᠷᠴᠢᠨ ᠲᠤᠭᠤᠷᠢᠨ ᠤ ᠲᠦᠪᠯᠡᠷᠡᠭᠰᠡᠨ ᠴᠡᠭᠴᠡᠯᠡᠯᠳᠡ ᠶᠢᠨ ᠠᠵᠢᠯ ᠤᠨ ᠱᠠᠭᠠᠷᠳᠠᠯᠭ᠎ᠠ ᠶᠤᠰᠤᠭᠠᠷ᠂ ᠲᠤᠰ ᠭᠠᠵᠠᠷ ᠤᠷᠤᠨ ᠤ ᠪᠠᠨ ᠬᠤᠳᠠ ᠬᠦᠳᠡᠭᠡ ᠶᠢᠨ ᠤᠷᠴᠢᠨ ᠲᠤᠭᠤᠷᠢᠨ ᠤ ᠠᠷᠢᠭᠤᠨ ᠴᠡᠪᠡᠷ ᠤᠨ ᠴᠡᠭᠴᠡᠯᠡᠯᠳᠡ ᠶᠢᠨ ᠡᠬᠦᠷᠭᠡ ᠬᠠᠷᠠᠯᠳᠠ ᠲᠠᠢ ᠤᠶᠠᠯᠳᠤᠭᠤᠯᠵᠤ᠂ ᠡᠷᠡᠬᠦᠯ  ᠴᠢᠬᠢᠷᠠᠭ ᠤᠷᠴᠢᠨ ᠲᠤᠭᠤᠷᠢᠨ  ᠢ  ᠡᠬᠦᠳᠬᠦ  ᠂ ᠡᠷᠡᠬᠦᠯ ᠴᠢᠬᠢᠷᠠᠭ  ᠨᠡᠶᠢᠬᠡᠮ ᠢ ᠪᠠᠶᠢᠭᠤᠯᠬᠤ᠂ ᠡᠷᠡᠬᠦᠯ ᠴᠢᠬᠢᠷᠠᠭ ᠬᠦᠮᠦᠨ ᠢ ᠬᠦᠮᠦᠵᠢᠬᠦᠯᠬᠦ ᠵᠡᠷᠭᠡ ᠭᠤᠤᠯᠳᠠᠯᠭ᠎ᠠ ᠶᠢᠨ ᠲᠤᠭᠤᠷᠢᠨ ᠳᠤ᠂ ᠡᠷᠡᠬᠦᠯ ᠴᠢᠬᠢᠷᠠᠭ ᠬᠤᠳᠠ ᠪᠠᠯᠭᠠᠰᠤ ᠶᠢᠨ ᠬᠦᠭᠵᠢᠯᠳᠡ ᠶᠢᠨ ᠲᠦᠯᠦᠪᠵᠢᠬᠦᠯᠬᠡ  ᠶᠢ ᠲᠤᠭᠳᠠᠭᠠᠨ᠂ ᠡᠷᠡᠬᠦᠯ ᠮᠡᠨᠳᠦ   ᠲᠠᠢ ᠬᠤᠯᠪᠤᠭᠳᠠᠭᠰᠠᠨ ᠲᠦᠷᠦ ᠶᠢᠨ ᠪᠤᠳᠤᠯᠭ᠎ᠠ ᠶᠢᠨ ᠠᠭᠤᠯᠭ᠎ᠠ ᠶᠢ ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠳᠠ᠂ ᠵᠠᠮ  ᠬᠠᠷᠢᠯᠴᠠᠭ᠎ᠠ᠂ ᠨᠡᠶᠢᠬᠡᠮ ᠤᠨ ᠪᠠᠳᠤᠯᠠᠭ᠎ᠠ ᠵᠡᠷᠭᠡ ᠡᠯ᠎ᠡ ᠲᠦᠷᠦᠯ  ᠤᠨ  ᠲᠦᠷᠦ ᠶᠢᠨ ᠪᠤᠳᠤᠯᠭ᠎ᠠ ᠳᠤ  ᠤᠷᠤᠭᠤᠯᠬᠤ ᠶᠢᠨ ᠬᠠᠮᠳᠤ  ᠰᠠᠶᠢᠳᠤᠷ ᠨᠠᠶᠢᠳᠠᠪᠤᠷᠢᠵᠢᠭᠤᠯᠬᠤ ᠭᠡᠷᠡᠭᠳᠡᠢ ᠬᠡᠵᠦ ᠴᠢᠬᠤᠯᠠᠴᠢᠯᠠᠪᠠ᠃  ᠡᠯ᠎ᠡ ᠰᠤᠮᠤ ᠰᠢᠶᠠᠩ ᠪᠠᠯᠭᠠᠰᠤ ᠶᠢᠨ ᠤᠳᠤᠷᠢᠳᠤᠯᠭ᠎ᠠ ᠬᠢᠭᠡᠳ ᠬᠤᠰᠢᠭᠤᠨ ᠤ ᠡᠬᠡ ᠤᠷᠤᠨᠴᠢ ᠡᠷᠡᠬᠦᠯ ᠬᠠᠮᠠᠭᠠᠯᠠᠯ ᠤᠨ ᠠᠵᠢᠯᠯᠠᠭᠠᠨ ᠤ ᠵᠦᠪᠯᠡᠯ ᠤᠨ ᠭᠡᠰᠢᠬᠦᠨ ᠨᠢᠬᠡᠴᠡ ᠶᠢᠨ ᠬᠠᠷᠢᠭᠤᠴᠠᠯᠭᠠᠳᠠᠳ ᠲᠤᠰ ᠬᠤᠷᠠᠯ  ᠳᠤ ᠤᠷᠤᠯᠴᠠᠭᠰᠠᠨ ᠪᠠᠶᠢᠨ᠎ᠠ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号