ᠲᠠᠶᠢᠹᠤᠰᠧ ᠬᠤᠰᠢᠭᠤ  ᠵᠢᠯ  ᠳᠤ 15 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ ᠠᠷᠠᠳ  ᠤᠨ ᠠᠮᠢᠳᠤᠷᠠᠯ ᠢ  ᠰᠠᠶᠢᠵᠢᠷᠠᠭᠤᠯᠪᠠ
ᠨᠡᠶᠢᠲᠡᠯᠡᠭᠰᠡᠨ ᠴᠠᠭ᠄
2018-04-10
ᠤᠶᠢᠷ᠎ᠠ ᠶᠢᠨ ᠲᠠᠪᠤᠨ ᠵᠢᠯ   ᠳᠤ᠂  ᠲᠠᠶᠢᠹᠤᠰᠧ ᠬᠤᠰᠢᠭᠤᠨ ᠤ ᠠᠷᠠᠳ ᠤᠨ ᠠᠮᠢᠳᠤᠷᠠᠯ ᠳᠤ ᠭᠡᠷᠡᠭᠯᠡᠭᠰᠡᠨ ᠶᠡᠷᠦᠩᠬᠡᠢ ᠵᠠᠷᠤᠯᠭ᠎ᠠ 79.4 ᠳ᠋ᠦᠩᠰᠢᠭᠤᠷ ᠲᠦᠬᠦᠷᠢᠭ ᠲᠤ ᠬᠦᠷᠴᠦ᠂ ᠲᠡᠭᠰᠢᠳᠭᠡᠪᠡᠯ ᠵᠢᠯ ᠪᠦᠷᠢ 15 ᠳ᠋ᠦᠩᠰᠢᠭᠤᠷ ᠲᠦᠬᠦᠷᠢᠭ  ᠨᠤᠭᠳᠠᠭᠠᠳ᠂ ᠠᠷᠠᠳ ᠲᠦᠮᠡᠨ ᠳᠤ ᠬᠦᠷᠳᠡᠭᠡᠬᠦ ᠠᠰᠢᠭ ᠲᠤᠰᠠ ᠡᠳᠦᠷ ᠢᠷᠡᠬᠦᠶ᠎ᠡ  ᠨᠡᠮᠡᠭᠳᠡᠨ᠂ ᠨᠡᠶᠢᠬᠡᠮ ᠤᠨ ᠦᠢᠯᠡᠰ ᠵᠢᠯ ᠠᠴᠠ ᠵᠢᠯ ᠦᠷᠨᠢᠬᠦᠨ ᠬᠦᠭᠵᠢᠵᠦ  ᠪᠠᠶᠢᠨ᠎ᠠ᠃ ᠲᠤᠰ ᠬᠤᠰᠢᠭᠤ ᠤᠨᠢᠨ ᠲᠡᠭᠡᠷ᠎ᠡ ᠨᠢ ᠶᠠᠳᠠᠭᠤ ᠶᠢ ᠲᠡᠳᠬᠦᠬᠦ᠂ ᠤᠨᠢᠨ  ᠲᠡᠭᠡᠷ᠎ᠡ ᠨᠢ ᠶᠠᠳᠠᠭᠤ ᠠᠴᠠ ᠠᠩᠬᠢᠵᠢᠷᠠᠭᠤᠯᠬᠤ   ᠶᠢ ᠪᠠᠷᠢᠮᠳᠠᠯᠠᠵᠤ᠂ ︽ᠵᠢᠷᠭᠤᠭᠠᠨ ᠨᠠᠷᠢᠯᠢᠭ ᠤᠨᠤᠪᠴᠢᠳᠠᠢ︾᠂  ︽ᠲᠠᠪᠤᠨ ᠨᠢᠬᠡ ᠪᠦᠯᠦᠭ︾ ᠤᠨ ᠱᠠᠭᠠᠷᠳᠠᠯᠭ᠎ᠠ  ᠪᠠ ᠠᠷᠭ᠎ᠠ ᠪᠠᠷᠢᠯ ᠢ ᠨᠠᠶᠢᠳᠠᠪᠤᠷᠢᠵᠢᠭᠤᠯᠤᠨ᠂ ︽ᠭᠤᠷᠪᠠ ᠶᠢ ᠬᠦᠳᠡᠭᠡ ᠬᠦᠷᠭᠡᠵᠦ ᠭᠤᠷᠪᠠ ᠶᠢ ᠡᠷᠦᠬᠡ ᠳᠤ ᠬᠦᠷᠭᠡᠬᠦ︾᠂  ᠨᠤᠳᠤᠭ ᠨᠡᠬᠦᠯᠬᠡᠨ ᠶᠠᠳᠠᠭᠤ ᠶᠢ ᠳᠡᠳᠬᠦᠬᠦ᠂  ᠮᠦᠩᠬᠦᠨ ᠬᠦᠢᠯᠬᠡᠬᠡ ᠪᠠᠷ ᠶᠠᠳᠠᠭᠤ ᠶᠢ ᠳᠡᠳᠬᠦᠬᠦ᠂ ᠡᠷᠡᠬᠦᠯ ᠬᠠᠮᠠᠭᠠᠯᠠᠯ ᠢᠶᠠᠷ ᠶᠠᠳᠠᠭᠤ ᠶᠢ ᠳᠡᠳᠬᠦᠬᠦ ᠵᠡᠷᠭᠡ ᠢᠨᠵᠧᠨᠧᠷᠢᠩ ᠢ ᠭᠡᠷᠡᠭᠵᠢᠬᠦᠯᠬᠦ ᠪᠠᠷ ᠲᠠᠮᠵᠢᠭᠠᠳ᠂  ᠡᠯ᠎ᠡ ᠲᠦᠷᠦᠯ ᠤᠨ ᠶᠠᠳᠠᠭᠤ ᠶᠢ ᠲᠡᠳᠬᠦᠬᠦ  ᠪᠡᠯᠡ ᠮᠦᠩᠬᠦ  9.3  ᠳ᠋ᠦᠩᠰᠢᠭᠤᠷ ᠲᠦᠬᠦᠷᠢᠭ ᠢ ᠤᠷᠤᠭᠤᠯᠵᠤ᠂ ᠲᠠᠪᠤᠨ ᠵᠢᠯ ᠳᠤ ᠨᠡᠶᠢᠳᠡ 16567 ᠶᠠᠳᠠᠭᠤ ᠬᠦᠴᠢᠷᠳᠡᠢ ᠬᠦᠮᠦᠨ ᠠᠮᠠ   ᠶᠢ ᠪᠠᠭᠠᠰᠬᠠᠵᠤ᠂  ᠶᠠᠳᠠᠭᠤᠷᠠᠯ ᠤᠨ ᠨᠤᠷᠮ᠎ᠠ 10.15 % ᠪᠠᠶᠢᠭᠰᠠᠨ ᠠᠴᠠ ᠪᠠᠨ 2.79 % ᠪᠤᠯᠵᠤ  ᠪᠠᠭᠤᠷᠠᠪᠠ᠃ ᠠᠵᠢᠯ ᠤᠯᠵᠤ ᠦᠢᠯᠡᠰ ᠪᠦᠳᠦᠬᠡᠬᠦ ᠲᠠᠯᠠᠪᠠᠷ ᠮᠡᠳᠡᠭᠳᠡᠮ᠎ᠡ ᠠᠮᠵᠢᠯᠳᠠ ᠤᠯᠵᠤ᠂  ᠲᠠᠪᠤᠨ ᠵᠢᠯ ᠳᠤ ᠨᠡᠶᠢᠳᠡ 5.1 ᠲᠦᠮᠡᠨ ᠠᠵᠢᠯ ᠤᠨ ᠪᠠᠶᠢᠷᠢ ᠡᠯᠰᠡᠨ᠂ 4 ᠲᠦᠮᠡᠨ ᠮᠠᠯᠴᠢᠨ ᠲᠠᠷᠢᠶᠠᠴᠢᠨ ᠢ ᠰᠢᠯᠵᠢᠬᠦᠯᠦᠨ ᠠᠵᠢᠯ  ᠤᠯᠭᠤᠵᠤ᠂ 1.02  ᠳ᠋ᠦᠩᠰᠢᠭᠤᠷ ᠲᠦᠬᠦᠷᠢᠭ ᠤᠨ ᠦᠢᠯᠡᠰ ᠪᠦᠳᠦᠭᠡᠬᠦ ᠪᠠᠳᠤᠯᠠᠭᠠᠳᠤ ᠵᠢᠭᠡᠯᠡᠯᠬᠡ  ᠲᠠᠷᠬᠠᠭᠠᠨ᠂  ᠦᠢᠯᠡᠰ ᠪᠦᠳᠦᠬᠡᠬᠦ ᠤᠷᠤᠨ ᠲᠤᠭᠤᠷᠢᠭ 1 ᠰᠠᠭᠤᠷᠢ ᠶᠢ ᠪᠠᠶᠢᠭᠤᠯᠵᠤ᠂ 25 ᠠᠵᠤ ᠠᠬᠤᠶᠢᠯᠠᠯ  ᠤᠷᠤᠨ ᠲᠤᠭᠤᠷᠢᠭ ᠲᠤ  ᠨᠤᠳᠤᠭᠰᠢᠵᠤ ᠡᠵᠡᠩᠨᠡᠯᠳᠡ ᠬᠢᠭᠰᠡᠨ ᠪᠠᠶᠢᠨ᠎ᠠ᠃ ᠨᠡᠶᠢᠬᠡᠮ ᠤᠨ  ᠪᠠᠳᠤᠯᠠᠭ᠎ᠠ ᠪᠠ  ᠲᠤᠰᠠᠯᠠᠮᠵᠢ   ᠶᠢᠨ ᠰᠢᠰᠲ᠋ᠧᠮᠵᠢ  ᠲᠠᠰᠤᠷᠠᠯᠳᠠ ᠦᠬᠡᠢ ᠲᠡᠬᠦᠯᠳᠡᠷᠵᠢᠨ᠂  ᠪᠠᠳᠤᠯᠠᠭᠠᠨ ᠤ  ᠲᠦᠪᠰᠢᠨ ᠠᠯᠬᠤᠮ ᠠᠯᠬᠤᠮ ᠢᠶᠠᠷ ᠲᠡᠭᠡᠭᠰᠢᠯᠡᠵᠦ᠂  ᠬᠤᠳᠠ ᠪᠠᠯᠭᠠᠰᠤ ᠶᠢᠨ ᠠᠵᠢᠯᠳᠠᠨ ᠤ ᠡᠮᠨᠡᠯᠬᠡ ᠶᠢᠨ ᠲᠠᠭᠠᠳᠬᠠᠯ ᠨᠢ ᠮᠤᠵᠢ ᠤᠷᠤᠨ ᠠᠯᠤᠰᠯᠠᠵᠤ ᠡᠮᠨᠡᠯᠬᠡ ᠶᠢᠨ ᠲᠠᠩᠰᠠ ᠴᠠᠶᠢᠷᠠᠭᠤᠯᠬᠤ ᠶᠢ ᠪᠡᠶᠡᠯᠡᠬᠦᠯᠦᠭᠰᠡᠨ ᠤ ᠬᠠᠮᠳᠤ᠂ ᠨᠡᠶᠢᠬᠡᠮ ᠤᠨ ᠪᠠᠳᠤᠯᠠᠭᠠᠨ ᠤ ᠦᠯᠡᠳᠡᠭᠳᠡᠯ ᠠᠰᠠᠭᠤᠳᠠᠯ ᠢ ᠢᠳᠡᠪᠬᠢᠳᠡᠢ ᠨᠠᠮᠳᠠᠭᠤᠯᠤᠨ ᠰᠢᠢᠳᠪᠦᠷᠢᠯᠡᠵᠦ᠂ 700 ᠭᠠᠷᠤᠢ ᠲᠤᠤᠷ᠎ᠠ ᠤᠷᠤᠯᠭ᠎ᠠ ᠲᠠᠢ ᠬᠦᠮᠦᠨ ᠤ ᠨᠠᠰᠤᠵᠢᠯ ᠤᠨ ᠠᠰᠠᠷᠠᠮᠵᠢ ᠶᠢᠨ ᠠᠰᠠᠭᠤᠳᠠᠯ ᠢ  ᠰᠢᠢᠳᠪᠦᠷᠢᠯᠡᠵᠡᠢ᠃ ᠤᠯᠠᠨ ᠵᠦᠢᠯ ᠤᠨ ᠠᠷᠭ᠎ᠠ ᠭᠡᠮᠵᠢᠶ᠎ᠡ ᠠᠪᠴᠤ  ᠂  ᠬᠠᠭᠤᠴᠢᠨ ᠪᠠᠶᠢᠰᠢᠩ ᠢ ᠨᠤᠷᠠᠭᠠᠵᠤ  ᠪᠠᠭᠤᠯᠭᠠᠭᠠᠳ᠂ ᠰᠢᠨ᠎ᠡ ᠠᠰᠠᠷ ᠢ  ᠪᠠᠶᠢᠭᠤᠯᠵᠤ ᠲᠡᠶᠢᠯᠦᠬᠡᠳᠦᠢ ᠪᠠᠶᠢᠭᠰᠠᠨ ᠰᠠᠭᠤᠭᠠᠯᠢ ᠲᠤᠭᠤᠷᠢᠭ ᠤᠨ ᠪᠦᠳᠦᠬᠡᠨ ᠪᠠᠶᠢᠭᠤᠯᠤᠯᠳᠠ ᠶᠢ ᠲᠦᠯᠬᠢᠨ ᠠᠬᠢᠭᠤᠯᠵᠤ᠂ 850 ᠭᠠᠷᠤᠢ ᠡᠷᠦᠬᠡ ᠶᠢᠨ ᠰᠢᠨ᠎ᠡ ᠤᠷᠤᠨ ᠰᠠᠭᠤᠴᠠ ᠶᠢᠨ ᠠᠰᠠᠭᠤᠳᠠᠯ ᠢ  ᠰᠢᠢᠳᠪᠦᠷᠢᠯᠡᠭᠰᠡᠨ ᠤ ᠬᠠᠮᠳᠤ᠂ ᠨᠠᠰᠤᠳᠠᠶᠢᠴᠤᠳ   ᠤᠨ ᠨᠦᠬᠦᠪᠦᠷᠢ  ᠬᠦᠷᠳᠡᠬᠦ ᠬᠦᠷᠢᠶ᠎ᠡ ᠬᠡᠪᠴᠢᠶ᠎ᠡ ᠶᠢ 77 ᠪᠦᠬᠦᠯᠢ ᠨᠠᠰᠤ ᠬᠦᠷᠳᠡᠯ᠎ᠡ ᠦᠷᠭᠡᠳᠭᠡᠵᠦ᠂  ᠪᠦᠬᠦ ᠠᠶᠢᠮᠠᠭ ᠤᠨ ᠠᠩᠬᠠᠳᠤᠭᠴᠢ ᠤᠷᠤᠨ ᠪᠦᠰᠡ ᠶᠢᠨ ᠴᠢᠨᠠᠷᠳᠠᠢ ᠶᠡᠷᠦᠩᠬᠡᠶᠢᠯᠡᠭᠰᠡᠨ ᠨᠠᠰᠤᠳᠠᠶᠢᠴᠤᠳ ᠤᠨ ᠠᠰᠠᠷᠠᠮᠵᠢ ᠶᠢᠨ ᠬᠦᠷᠢᠶᠡᠯᠡᠩ ᠤᠨ ᠪᠦᠳᠦᠭᠡᠨ ᠪᠠᠶᠢᠭᠤᠯᠤᠯᠳᠠ   ᠶᠢ ᠬᠢᠭᠰᠡᠨ ᠪᠠᠶᠢᠨ᠎ᠠ᠃  ᠡᠬᠦᠨ ᠠᠴᠠ ᠭᠠᠳᠠᠨ᠎ᠠ᠂ ᠬᠤᠳᠠ ᠪᠠᠯᠭᠠᠰᠤᠨ ᠤ ᠲᠤᠯᠠᠭᠠᠯᠠᠭ᠎ᠠ ᠶᠢᠨ ᠰᠦᠢᠳᠭᠡᠯ   ᠳᠤ ᠵᠤᠬᠢᠰᠳᠠᠢ ᠲᠤᠬᠢᠷᠠᠭᠤᠯᠤᠯᠳᠠ ᠬᠢᠵᠦ᠂  ᠨᠡᠶᠢᠬᠡᠮ ᠲᠤᠭᠤᠷᠢᠭ ᠪᠠ ᠭᠠᠴᠠᠭ᠎ᠠ ᠲᠤᠰᠬᠤᠨ ᠤ ᠺᠠᠳᠠᠷ ᠤᠨ ᠴᠠᠯᠢᠩ ᠤᠯᠭᠤᠮᠵᠢ ᠶᠢ ᠤᠷᠢᠳ ᠬᠤᠵᠢᠳ ᠬᠤᠶᠠᠷ ᠤᠳᠠᠭ᠎ᠠ ᠲᠤᠬᠢᠷᠠᠭᠤᠯᠤᠨ ᠦᠰᠭᠡᠭᠰᠡᠨ ᠪᠠᠶᠢᠨ᠎ᠠ᠃   ᠲᠤᠰ ᠬᠤᠰᠢᠭᠤ ᠨᠢ ᠦᠩᠬᠡᠷᠡᠬᠦ ᠲᠠᠪᠤᠨ ᠵᠢᠯ ᠳᠤ ᠨᠡᠶᠢᠳᠡ 2.6  ᠳ᠋ᠦᠩᠰᠢᠭᠤᠷ ᠲᠦᠬᠦᠷᠢᠭ ᠤᠨ ᠪᠡᠯᠡ  ᠤᠷᠤᠭᠤᠯᠵᠤ᠂ ᠠᠯᠪᠠᠨ ᠠᠴᠠ ᠡᠷᠬᠢᠯᠡᠭᠰᠡᠨ ᠬᠡᠦᠭᠡᠳ ᠤᠨ ᠴᠡᠴᠡᠷᠯᠢᠭ 2  ᠂ ᠠᠯᠪᠠᠨ ᠠᠴᠠ ᠪᠠᠶᠢᠭᠤᠯᠵᠤ ᠠᠷᠠᠳ ᠠᠴᠠ ᠡᠷᠬᠢᠯᠡᠭᠰᠡᠨ ᠴᠡᠴᠡᠷᠯᠢᠭ 20᠂  ᠬᠦᠳᠡᠭᠡ ᠲᠤᠰᠬᠤᠨ ᠤ ᠵᠢᠭᠠᠨ ᠰᠤᠷᠭᠠᠬᠤ ᠴᠡᠭ 2 ᠢ  ᠪᠠᠶᠢᠭᠤᠯᠤᠨ᠂ 134 ᠪᠠᠭᠰᠢ ᠠᠵᠢᠯᠳᠠᠨ ᠡᠯᠰᠡᠵᠦ᠂ 11 ᠰᠤᠷᠭᠠᠭᠤᠯᠢ ᠳᠤ ᠪᠠᠷᠢᠮᠵᠢᠶᠠᠳᠤ ᠪᠦᠳᠦᠬᠡᠨ ᠪᠠᠶᠢᠭᠤᠯᠤᠯᠳᠠ ᠬᠢᠵᠦ᠂  ᠤᠯᠤᠰ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠢ ᠲᠡᠩᠴᠡᠬᠦᠷᠢᠳᠡᠢ ᠬᠦᠭᠵᠢᠬᠦᠯᠬᠦ ᠠᠵᠢᠯ ᠤᠨ ᠰᠢᠯᠭᠠᠨ ᠪᠠᠶᠢᠴᠠᠭᠠᠯᠳᠠ ᠳᠤ ᠬᠢᠷᠢ ᠲᠡᠩᠴᠡᠭᠰᠡᠨ ᠪᠠᠶᠢᠨ᠎ᠠ᠃  ᠬᠤᠰᠢᠭᠤ ᠡᠮᠨᠡᠯᠬᠡ ᠶᠢᠨ ᠬᠤᠷᠢᠶ᠎ᠠ ᠶᠢ ᠨᠡᠬᠦᠯᠬᠡᠵᠦ᠂ ᠬᠠᠯᠳᠠᠪᠤᠷᠢᠳᠤ ᠡᠪᠡᠳᠴᠢᠨ ᠤ ᠰᠠᠯᠠᠭ᠎ᠠ᠂ ᠤᠢ ᠮᠡᠳᠡᠷᠡᠯ ᠤᠨ ᠡᠪᠡᠳᠴᠢᠨ ᠤ ᠰᠠᠯᠠᠭ᠎ᠠ ᠵᠡᠷᠭᠡ  ᠲᠤᠰᠬᠠᠢ ᠰᠠᠯᠠᠭ᠎ᠠ ᠲᠠᠰᠤᠭ ᠢ ᠨᠡᠮᠡᠵᠦ ᠪᠠᠶᠢᠭᠤᠯᠤᠨ᠂ ᠴᠢᠰᠤ ᠴᠡᠪᠷᠰᠢᠬᠦᠯᠬᠦ  ᠂  ᠰᠤᠷᠢᠨᠵᠢᠨ ᠴᠦᠮ᠎ᠡ ᠪᠠᠷ ᠪᠠᠶᠢᠴᠠᠭᠠᠬᠤ ᠵᠡᠷᠭᠡ  ᠰᠢᠨ᠎ᠡ ᠮᠠᠰᠢᠨ ᠲᠦᠬᠦᠭᠡᠷᠦᠮᠵᠢ ᠶᠢ ᠤᠷᠤᠭᠤᠯᠤᠨ  ᠭᠡᠷᠡᠭᠯᠡᠭᠰᠡᠨ ᠪᠦᠬᠡᠳ ᠰᠤᠮᠤ ᠰᠢᠶᠠᠩ  ᠪᠠᠯᠭᠠᠰᠤ᠂ ᠨᠡᠶᠢᠬᠡᠮ ᠲᠤᠭᠤᠷᠢᠭ ᠲᠤ ᠪᠠᠷᠢᠮᠵᠢᠶᠠᠳᠤ ᠡᠷᠡᠬᠦᠯ ᠬᠠᠮᠠᠭᠠᠯᠠᠯ ᠤᠨ ᠬᠤᠷᠢᠶ᠎ᠠ 9  ᠶᠢ ᠪᠠᠶᠢᠭᠤᠯᠵᠤ  ᠂  ᠬᠢᠳᠠᠳ ᠮᠤᠩᠭᠤᠯ ᠡᠮᠨᠡᠯᠬᠡ ᠶᠢᠨ ᠬᠤᠷᠢᠶ᠎ᠠ᠂  ᠡᠬᠡ ᠨᠢᠯᠬᠠᠰ ᠤᠨ ᠡᠷᠡᠬᠦᠯ ᠬᠠᠮᠠᠭᠠᠯᠠᠯ ᠪᠠ  ᠲᠦᠯᠦᠪᠯᠡᠭᠡᠳᠦ ᠦᠷᠡᠵᠢᠯ ᠤᠨ ᠦᠢᠯᠡᠴᠢᠯᠡᠬᠡᠨ ᠤ ᠲᠦᠪ ᠤᠨ  ᠰᠢᠨᠡᠳᠭᠡᠨ ᠪᠠᠶᠢᠭᠤᠯᠬᠤ ᠠᠵᠢᠯ ᠢ ᠬᠢᠵᠦ ᠡᠬᠢᠯᠡᠵᠡᠢ᠃  ᠰᠤᠶᠤᠯ ᠲᠠᠮᠢᠷ ᠤᠨ ᠠᠵᠢᠯ ᠦᠢᠯᠡᠰ ᠤᠷᠤᠭᠰᠢᠳᠠᠢ ᠶᠠᠪᠤᠭᠳᠠᠨ᠂ ᠠᠵᠢᠯᠳᠠᠨ ᠠᠵᠢᠯᠴᠢᠨ ᠤ ᠰᠤᠶᠤᠯ ᠤᠨ ᠬᠦᠳᠡᠯᠪᠦᠷᠢ ᠶᠢᠨ ᠲᠦᠪ ᠠᠰᠢᠭᠯᠠᠯᠳᠠ ᠳᠤ ᠤᠷᠤᠵᠤ᠂  ᠰᠤᠮᠤ ᠰᠢᠶᠠᠩ ᠪᠠᠯᠭᠠᠰᠤᠨ ᠤ ᠰᠤᠶᠤᠯ ᠤᠨ ᠦᠷᠳᠡᠭᠡ 7  ᠂ ᠭᠠᠴᠠᠭ᠎ᠠ ᠲᠤᠰᠬᠤᠨ ᠤ ᠰᠤᠶᠤᠯ ᠤᠨ ᠬᠦᠳᠡᠯᠪᠦᠷᠢ ᠶᠢᠨ ᠦᠷᠦᠭᠡ 176 ᠶᠢ ᠪᠠᠶᠢᠭᠤᠯᠤᠨ  ᠂  ᠪᠠᠭ᠎ᠠ ᠬᠡᠯᠪᠡᠷᠢ ᠶᠢᠨ ᠰᠤᠶᠤᠯ ᠤᠨ ᠠᠭᠤᠳᠠᠮ ᠲᠠᠯᠠᠪᠠᠢ 116  ᠵᠢᠴᠢ  ᠪᠦᠬᠦ ᠠᠶᠢᠮᠠᠭ ᠤᠨ  ᠠᠩᠬᠠᠳᠤᠭᠴᠢ ᠰᠢᠰᠲ᠋ᠧᠮᠴᠢᠯᠡᠭᠰᠡᠨ ᠬᠠᠮᠢᠶᠠᠷᠤᠯᠳᠠᠳᠤ ᠺᠢᠨᠤ᠋ ᠤᠷᠳᠤᠨ ᠢ  ᠪᠠᠶᠢᠭᠤᠯᠵᠤ ᠠᠰᠢᠭᠯᠠᠯᠳᠠ ᠳᠤ  ᠤᠷᠤᠭᠤᠯᠤᠭᠰᠠᠨ ᠤ ᠬᠠᠮᠳᠤ᠂ ᠦᠨᠳᠦᠰᠦᠨ ᠱᠠᠳᠤᠨ ᠳᠤ ᠬᠦᠨᠵᠡᠬᠡᠶᠢᠷᠡᠨ ᠤᠯᠠᠨ ᠲᠦᠮᠡᠨ ᠳᠤ ᠠᠰᠢᠭ ᠬᠦᠷᠳᠡᠭᠡᠬᠦ ᠲᠤᠭᠯᠠᠯᠳᠠ ᠶᠢ 900 ᠭᠠᠷᠤᠢ ᠤᠳᠠᠭ᠎ᠠ ᠭᠠᠷᠭᠠᠵᠤ᠂ 7000 ᠢᠯᠡᠬᠦᠦ ᠲᠠᠯᠠᠪᠠᠢ ᠺᠢᠨᠤ᠋ ᠲᠠᠯᠪᠢᠵᠤ ᠰᠤᠨᠢᠷᠬᠠᠭᠤᠯᠤᠨ᠂  ᠠᠶᠢᠯ ᠡᠷᠦᠬᠡ ᠪᠤᠯᠭᠠᠨ ᠳᠤ ᠷᠠᠳᠢᠤ᠋ ᠲᠧᠯᠸᠢᠰ ᠨᠡᠪᠳᠡᠷᠡᠬᠦᠯᠵᠦ᠂ ᠭᠠᠴᠠᠭ᠎ᠠ ᠲᠤᠰᠬᠤᠨ ᠪᠤᠯᠭᠠᠨ ᠳᠤ ᠲᠠᠭᠤᠨ ᠲᠤᠮᠤᠷᠠᠭᠤᠯᠤᠭᠴᠢ ᠤᠭᠰᠠᠷᠠᠵᠠᠢ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号