ᠲᠠᠶᠢᠹᠤᠰᠧ ᠬᠤᠰᠢᠭᠤ ︽ᠬᠤᠨᠢ ᠶᠢ ᠴᠦᠭᠡᠴᠢᠯᠡᠵᠦ ᠦᠭᠡᠷ ᠢ ᠦᠰᠭᠡᠬᠦ︾ ᠪᠠᠶᠢᠯᠳᠤᠬᠤ ᠪᠤᠳᠤᠯᠭ᠎ᠠ ᠶᠢ ᠲᠦᠯᠬᠢᠨ ᠠᠬᠢᠭᠤᠯᠵᠤ  ᠲᠡᠭᠡᠳᠦ ᠲᠡᠰ ᠤᠨ ᠮᠢᠬᠠᠨ ᠤ ᠦᠬᠡᠷ ᠲᠡᠵᠢᠬᠡᠨ ᠦᠷᠡᠵᠢᠬᠦᠯᠬᠦ ᠰᠠᠭᠤᠷᠢᠨ ᠭᠠᠵᠠᠷ ᠢ ᠡᠬᠦᠳᠦᠨ ᠪᠠᠶᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2018-04-10
          ᠪᠦᠬᠦ ᠠᠶᠢᠮᠠᠭ ᠤᠨ ︽ᠬᠤᠨᠢ ᠶᠢ ᠴᠦᠭᠡᠴᠢᠯᠡᠵᠦ ᠦᠭᠡᠷ ᠢ ᠦᠰᠭᠡᠬᠦ︾ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠤᠰᠤᠭᠠᠷ᠂  ᠲᠠᠶᠢᠹᠤᠰᠧ ᠬᠤᠰᠢᠭᠤ ᠤᠯᠤᠰ᠂ ᠤᠷᠤᠨ᠂ ᠠᠶᠢᠮᠠᠭ ᠤᠨ ᠤᠳᠤ ᠦᠶ᠎ᠡ ᠶᠢᠨ ᠮᠠᠯ ᠠᠵᠤ ᠠᠬᠤᠢ ᠶᠢ ᠲᠡᠳᠬᠦᠨ ᠬᠦᠭᠵᠢᠬᠦᠯᠬᠦ ᠠᠰᠢᠭᠳᠠᠢ ᠲᠤᠬᠢᠶᠠᠯ ᠢ ᠡᠵᠡᠮᠳᠡᠨ᠂  ᠮᠠᠯ ᠠᠵᠤ ᠠᠬᠤᠢ ᠶᠢᠨ ᠬᠠᠩᠭᠠᠯᠭ᠎ᠠ  ᠶᠢᠨ ᠲᠠᠯ᠎ᠠ ᠶᠢᠨ ᠪᠦᠷᠢᠯᠳᠦᠴᠡ ᠶᠢᠨ ᠴᠢᠨᠠᠷᠳᠠᠢ ᠦᠬᠡᠷᠡᠴᠢᠯᠡᠯᠳᠡ ᠪᠦᠬᠦ ᠬᠦᠴᠦᠨ ᠢᠶᠠᠷ ᠲᠦᠯᠬᠢᠨ ᠠᠬᠢᠭᠤᠯᠵᠤ᠂  ᠰᠠᠶᠢᠨ ᠡᠬᠦᠯᠳᠡᠷ ᠤᠨ ᠮᠢᠬᠠᠨ ᠤ ᠦᠬᠡᠷ ᠤᠨ ᠠᠵᠤ ᠦᠢᠯᠡᠰ ᠢ ᠢᠳᠡᠪᠬᠢᠳᠡᠢ ᠬᠦᠭᠵᠢᠬᠦᠯᠦᠨ᠂ ᠠᠩᠬᠢᠰ ᠬᠠᠷ᠎ᠠ ᠦᠬᠡᠷ ᠢᠶᠠᠷ ᠭᠤᠤᠯ ᠪᠤᠯᠭᠠᠭᠰᠠᠨ ᠲᠡᠭᠡᠳᠦ ᠲᠡᠰ ᠤᠨ ᠮᠢᠬᠠᠨ ᠤ ᠦᠬᠡᠷ  ᠲᠡᠵᠢᠬᠡᠨ ᠦᠷᠡᠵᠢᠬᠦᠯᠬᠦ ᠰᠠᠭᠤᠷᠢᠨ ᠭᠠᠵᠠᠷ  ᠢ ᠭᠤᠤᠯᠳᠠᠯᠭᠠᠳᠠᠢ ᠡᠬᠦᠳᠦᠨ  ᠪᠠᠶᠢᠭᠤᠯᠤᠭᠠᠳ᠂ ᠲᠤᠩ ᠰᠠᠶᠢᠨ ᠦᠷ᠎ᠡ ᠠᠰᠢᠭ ᠬᠦᠷᠳᠡᠵᠦ ᠪᠠᠶᠢᠨ᠎ᠠ᠃        ᠦᠪᠦᠷ ᠮᠤᠩᠭᠤᠯ ᠤᠨ ᠵᠦᠩ ᠰᠢᠤᠢ ᠷᠦᠩ ᠲᠠᠢ ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠳᠤ ᠺᠤᠮᠫᠠᠨᠢ ᠪᠤᠯ ᠲᠠᠶᠢᠹᠤᠰᠧ ᠬᠤᠰᠢᠭᠤᠨ ᠤ ᠤᠷᠢᠵᠤ ᠤᠷᠤᠭᠤᠯᠤᠭᠰᠠᠨ ᠵᠢᠯ ᠳᠤ  10000 ᠲᠤᠯᠤᠭᠠᠢ ᠠᠩᠬᠢᠰ ᠬᠠᠷ᠎ᠠ ᠦᠬᠡᠷ ᠪᠤᠷᠳᠤᠨ ᠲᠠᠷᠭᠤᠯᠠᠭᠤᠯᠵᠤ ᠬᠤᠳᠠᠯᠳᠤᠨ ᠵᠠᠷᠤᠴᠠᠭᠤᠯᠬᠤ ᠭᠡᠪᠴᠢᠶ᠎ᠡ ᠴᠢᠳᠠᠮᠵᠢ ᠲᠠᠢ  ᠂ ᠲᠠᠷᠢᠵᠤ ᠤᠷᠭᠤᠭᠤᠯᠬᠤ᠂ ᠲᠡᠵᠢᠬᠡᠨ ᠦᠷᠡᠵᠢᠬᠦᠯᠬᠦ᠂ ᠡᠳᠡᠰᠢᠬᠦᠯᠦᠨ ᠪᠤᠯᠪᠠᠰᠤᠷᠠᠭᠤᠯᠬᠤ ᠶᠢ ᠨᠢᠬᠡ ᠴᠤᠭᠴᠠᠵᠢᠭᠤᠯᠤᠭᠰᠠᠨ  ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠲᠤᠯᠤᠭᠠᠶᠢᠯᠠᠭᠴᠢ ᠠᠵᠤ ᠠᠬᠤᠶᠢᠯᠠᠯ ᠪᠠᠶᠢᠵᠤ᠂  2017 ᠤᠨ ᠳᠤ  ᠦᠷᠤᠭᠤᠸᠠᠢ ᠤᠯᠤᠰ ᠠᠴᠠ 3500 ᠲᠤᠯᠤᠭᠠᠢ  ᠰᠠᠶᠢᠨ ᠡᠬᠦᠯᠳᠡᠷ ᠤᠨ ᠠᠩᠬᠢᠰ ᠬᠠᠷ᠎ᠠ ᠦᠬᠡᠷ ᠤᠷᠤᠭᠤᠯᠤᠨ᠂  ᠲᠡᠭᠡᠳᠦ ᠲᠡᠰ ᠤᠨ ᠠᠵᠤ ᠦᠢᠯᠡᠰ ᠤᠨ ᠰᠠᠭᠤᠷᠢᠨ ᠭᠠᠵᠠᠷ ᠢ ᠲᠡᠵᠢᠬᠡᠨ ᠦᠷᠡᠵᠢᠬᠦᠯᠬᠦ ᠰᠠᠭᠤᠷᠢᠨ ᠭᠠᠵᠠᠷ ᠢ ᠪᠠᠶᠢᠭᠤᠯᠵᠠᠢ᠃ 11 ᠰᠠᠷ᠎ᠠ ᠳᠤ᠂ ᠬᠤᠰᠢᠭᠤ ᠵᠠᠰᠠᠭ ᠤᠨ ᠤᠷᠳᠤᠨ ᠠᠴᠠ ᠰᠢᠨ᠎ᠡ ᠽᠧᠯᠠᠨᠳ᠋ ᠤᠯᠤᠰ ᠤᠨ ᠮᠢᠬᠠᠨ ᠤ ᠦᠬᠡᠷ ᠲᠡᠵᠢᠬᠡᠨ ᠦᠷᠡᠵᠢᠬᠦᠯᠬᠦ ᠨᠡᠶᠢᠬᠡᠮᠯᠢᠭ ᠬᠢᠭᠡᠳ ᠦᠪᠦᠷ ᠮᠤᠩᠭᠤᠯ ᠤᠨ ᠵᠦᠩ ᠰᠢᠤᠢ ᠷᠦᠩ ᠲᠠᠢ ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠳᠤ ᠺᠤᠮᠫᠠᠨᠢ ᠲᠠᠢ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠭᠡᠷ᠎ᠡ ᠲᠤᠭᠳᠠᠵᠤ᠂ ᠰᠢᠨ᠎ᠡ ᠽᠧᠯᠠᠨᠳ᠋ ᠤᠨ ᠨᠡᠶᠢᠬᠡᠮᠯᠢᠭ   ᠨᠢ  ᠵᠦᠩ ᠰᠢᠤᠢ ᠷᠦᠩ ᠲᠠᠢ ᠺᠤᠮᠫᠠᠨᠢ ᠳᠤ ᠠᠩᠬᠢᠰ ᠬᠠᠷ᠎ᠠ ᠦᠬᠡᠷ ᠲᠡᠵᠢᠬᠡᠨ ᠦᠷᠡᠵᠢᠬᠦᠯᠵᠦ ᠠᠷᠠᠴᠢᠯᠠᠨ ᠪᠤᠶᠢᠵᠢᠭᠤᠯᠬᠤ ᠮᠡᠷᠭᠡᠵᠢᠯ ᠤᠨ ᠲᠡᠮᠵᠢᠯᠬᠡ ᠬᠠᠩᠭᠠᠵᠤ᠂ ᠠᠵᠤ ᠠᠬᠤᠶᠢᠯᠠᠯ ᠤᠨ ᠲᠡᠭᠡᠳᠦ ᠲᠡᠰ ᠤᠨ ᠰᠠᠭᠤᠷᠢᠨ ᠭᠠᠵᠠᠷ ᠪᠠᠶᠢᠭᠤᠯᠬᠤ ᠳᠤ ᠰᠠᠭᠤᠷᠢ ᠲᠠᠯᠪᠢᠭᠰᠠᠨ ᠪᠠᠶᠢᠨ᠎ᠠ᠃       2017 ᠤᠨ ᠤ ᠵᠤᠨ ᠤ  ᠪᠦᠷᠢᠳᠭᠡᠯ ᠳᠤ ᠲᠤᠰ ᠬᠤᠰᠢᠭᠤ ᠨᠢ  ᠨᠡᠶᠢᠳᠡ 27.7 ᠲᠦᠮᠡᠨ ᠮᠠᠯ  ᠲᠤᠭᠠᠯᠠᠭᠰᠠᠨ  ᠪᠤᠯ ᠡᠬᠦᠨ ᠤ ᠲᠤᠳᠤᠷ᠎ᠠ  ᠪᠤᠳᠠ ᠮᠠᠯ 9.4 ᠲᠦᠮᠡ ᠳᠤ  ᠬᠦᠷᠦᠭᠡᠳ᠂  ᠵᠦᠩ ᠰᠢᠤᠢ ᠷᠦᠩ  ᠲᠠᠢ᠂ ᠡᠤ ᠹᠧᠩ ᠬᠤᠶᠠᠷ ᠠᠵᠤ ᠠᠬᠤᠶᠢᠯᠠᠯ ᠤᠨ ᠬᠤᠶᠠᠷ ᠮᠢᠩᠭ᠎ᠠ ᠠᠴᠠ ᠲᠡᠭᠡᠭᠰᠢ ᠲᠤᠯᠤᠭᠠᠢ ᠮᠢᠬᠠᠨ ᠤ ᠦᠬᠡᠷ ᠦᠷᠡᠵᠢᠬᠦᠯᠬᠦ ᠪᠠ ᠪᠤᠷᠳᠤᠨ ᠲᠠᠷᠭᠤᠯᠠᠭᠤᠯᠬᠤ ᠲᠠᠯᠠᠪᠠᠢ ᠵᠠᠯᠭ᠎ᠠ ᠪᠠᠷ ᠠᠵᠢᠯ ᠢᠶᠠᠨ ᠡᠬᠢᠯᠡᠬᠦᠯᠵᠦ᠂  ᠭᠠᠳᠠᠭᠠᠳᠤ ᠠᠴᠠ ᠤᠷᠤᠭᠤᠯᠤᠭᠰᠠᠨ ᠠᠩᠬᠢᠰ ᠬᠠᠷ᠎ᠠ ᠦᠬᠡᠷ 5719 ᠲᠤᠯᠤᠭᠠᠢ᠂  ᠰᠢᠮᠧᠨ᠋ᠲ᠋ᠠᠷ ᠦᠬᠡᠷ 3700 ᠲᠤᠯᠤᠭᠠᠢ᠂ ᠡᠷᠯᠢᠰᠵᠢᠬᠦᠯᠦᠭᠰᠡᠨ ᠶᠠᠫᠤᠨ ᠡᠬᠦᠯᠳᠡᠷ ᠤᠨ ᠬᠠᠷ᠎ᠠ ᠦᠬᠡᠷ 1200 ᠲᠤᠯᠤᠭᠠᠢ ᠮᠠᠯᠵᠢᠵᠤ᠂  ᠪᠦᠬᠦ ᠠᠶᠢᠮᠠᠭ   ᠲᠠᠭᠠᠨ ᠰᠠᠶᠢᠨ ᠡᠬᠦᠯᠳᠡᠷ ᠤᠨ ᠮᠢᠬᠠᠨ ᠤ ᠦᠬᠡᠷ ᠤᠨ ᠲᠤᠭ᠎ᠠ ᠲᠤᠯᠤᠭᠠᠢ ᠬᠠᠮᠤᠭ ᠲᠦᠷᠭᠡᠨ ᠨᠡᠮᠡᠭᠳᠡᠭᠰᠡᠨ ᠭᠠᠵᠠᠷ ᠤᠷᠤᠨ ᠪᠤᠯᠵᠠᠢ᠃  ᠲᠦᠷᠦ ᠶᠢᠨ ᠪᠤᠳᠤᠯᠭ᠎ᠠ ᠶᠢᠨ ᠵᠢᠯᠤᠭᠤᠳᠤᠯᠭ᠎ᠠ ᠬᠢᠵᠦ᠂  ᠲᠦᠷᠦᠯ ᠵᠦᠢᠯ ᠤᠨ ᠲᠡᠮᠵᠢᠯᠬᠡ ᠦᠵᠡᠬᠦᠯᠬᠦ  ᠪᠠᠷ ᠲᠠᠮᠵᠢᠨ᠂  ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠵᠤ ᠲᠡᠰ ᠲᠡᠪᠰᠢᠬᠦᠯᠬᠦ ᠶᠢ ᠲᠦᠷᠭᠡᠳᠭᠡᠨ ᠠᠬᠢᠭᠤᠯᠵᠤ᠂ ᠰᠠᠶᠢᠨ ᠡᠬᠦᠯᠳᠡᠷ ᠤᠨ ᠮᠢᠬᠠᠨ ᠤ ᠦᠬᠡᠷ ᠬᠤᠳᠠᠯᠳᠤᠨ ᠤᠷᠤᠭᠤᠯᠬᠤ ᠪᠠ ᠦᠷᠭᠡᠳᠭᠡᠨ ᠪᠤᠶᠢᠵᠢᠭᠤᠯᠬᠤ ᠠᠵᠢᠯ ᠢ ᠰᠠᠶᠢᠳᠤᠷ ᠠᠳᠬᠤᠭᠰᠠᠨ ᠢᠶᠠᠷ᠂ ᠤᠳᠤ ᠪᠦᠬᠦ ᠬᠤᠰᠢᠭᠤᠨ ᠳᠤ 300 ᠲᠤᠯᠤᠭᠠᠢ ᠠᠴᠠ ᠲᠡᠭᠡᠭᠰᠢ ᠰᠠᠶᠢᠨ ᠡᠬᠦᠯᠳᠡᠷ ᠤᠨ ᠮᠢᠬᠠᠨ ᠤ ᠦᠬᠡᠷ ᠮᠠᠯᠵᠢᠬᠤ ᠭᠡᠪᠴᠢᠶᠡᠵᠢᠭᠰᠡᠨ  ᠮᠠᠯᠵᠢᠯ ᠤᠨ ᠲᠤᠰᠬᠠᠢ ᠬᠤᠷᠰᠢᠶᠠᠵᠢᠯ ᠪᠤᠶᠤ ᠭᠡᠷ ᠪᠦᠯᠢ ᠶᠢᠨ ᠮᠠᠯᠵᠢᠯ ᠤᠨ ᠲᠠᠯᠠᠪᠠᠢ 3 ᠰᠠᠭᠤᠷᠢ ᠪᠠᠶᠢᠭᠤᠯᠤᠭᠳᠠᠵᠤ᠂  50 ᠲᠤᠯᠤᠭᠠᠢ ᠠᠴᠠ ᠲᠡᠭᠡᠭᠰᠢ ᠮᠠᠯᠵᠢᠬᠤ ᠭᠡᠪᠴᠢᠶᠡᠵᠢᠭᠰᠡᠨ ᠮᠠᠯᠵᠢᠯ ᠤᠨ ᠲᠠᠯᠠᠪᠠᠢ ᠪᠤᠶᠤ ᠭᠡᠷ ᠪᠦᠯᠢ ᠶᠢᠨ ᠮᠠᠯᠵᠢᠯ ᠤᠨ ᠲᠠᠯᠠᠪᠠᠢ 50 ᠰᠠᠭᠤᠷᠢ  ᠪᠠᠶᠢᠭᠤᠯᠤᠭᠳᠠᠵᠠᠢ᠃       2018 ᠤᠨ ᠳᠤ᠂ ᠲᠤᠰ ᠬᠤᠰᠢᠭᠤ  ︽ᠬᠤᠨᠢ ᠶᠢ ᠴᠦᠭᠡᠴᠢᠯᠡᠵᠦ ᠦᠬᠡᠷ ᠢ ᠦᠰᠭᠡᠬᠦ︾ ᠪᠠᠶᠢᠯᠳᠤᠬᠤ ᠪᠤᠳᠤᠯᠭ᠎ᠠ ᠶᠢ ᠤᠯᠠᠮ ᠬᠦᠨᠵᠡᠭᠡᠢ ᠭᠡᠷᠡᠭᠵᠢᠬᠦᠯᠵᠦ᠂  5000 ᠲᠤᠯᠤᠭᠠᠢ ᠰᠠᠶᠢᠨ ᠡᠬᠦᠯᠳᠡᠷ ᠤᠨ ᠮᠢᠬᠠᠨ ᠤ ᠦᠬᠡᠷ ᠤᠷᠤᠭᠤᠯᠤᠨ᠂  ᠠᠩᠬᠢᠰ ᠦᠬᠡᠷ ᠤᠨ ᠮᠠᠯᠵᠢᠯ ᠤᠨ ᠰᠥᠷᠥᠭ 13 ᠶᠢ ᠪᠤᠢ ᠪᠤᠯᠭᠠᠵᠤ᠂  ᠬᠡᠪᠴᠢᠶᠡᠵᠢᠭᠰᠡᠨ  ᠰᠠᠶᠢᠨ ᠡᠬᠦᠯᠳᠡᠷ ᠤᠨ ᠮᠢᠬᠠᠨ ᠤ ᠥᠬᠡᠷ  ᠮᠠᠯᠵᠢᠬᠤ ᠲᠠᠯᠠᠪᠠᠢ 5  ᠂ ᠭᠡᠪᠴᠢᠶᠡᠵᠢᠭᠰᠡᠨ ᠪᠤᠬ᠎ᠠ ᠮᠠᠯᠵᠢᠬᠤ ᠲᠠᠯᠠᠪᠠᠢ 2 ᠶᠢ   ᠪᠠᠶᠢᠭᠤᠯᠬᠤ ᠶᠢᠨ ᠬᠠᠮᠳᠤ᠂  ᠬᠦᠨᠪᠤᠯᠠᠭ ᠰᠤᠮᠤ ᠪᠠᠷ ᠭᠤᠤᠯ  ᠪᠤᠯᠭᠠᠨ ᠴᠠᠬᠠᠷ ᠬᠤᠨᠢ ᠪᠠ ᠰᠠᠶᠢᠨ ᠡᠬᠦᠯᠳᠡᠷ ᠤᠨ ᠮᠢᠬᠠᠨ ᠤ ᠬᠤᠨᠢ ᠮᠠᠯᠵᠢᠬᠤ ᠶᠢ ᠪᠦᠬᠦ ᠲᠠᠯᠠᠪᠠᠷ  ᠲᠡᠯᠬᠡᠷᠡᠬᠦᠯᠵᠦ᠂ ᠪᠠᠭ᠎ᠠ ᠮᠠᠯᠵᠢᠬᠤ᠂ ᠨᠠᠷᠢᠯᠢᠭ ᠮᠠᠯᠵᠢᠬᠤ ᠪᠠᠷ ᠮᠠᠯ ᠪᠡᠯᠴᠢᠭᠡᠷ ᠤᠨ ᠲᠡᠩᠴᠡᠬᠦᠷᠢ ᠶᠢ  ᠪᠡᠶᠡᠯᠡᠬᠦᠯᠦᠨ᠂  ᠲᠠᠷᠢᠶᠠᠯᠠᠩ ᠮᠠᠯ ᠠᠵᠤ ᠠᠬᠤᠢ   ᠶᠢᠨ ᠬᠠᠷᠠᠭᠠᠯᠵᠠᠯ ᠤᠨ ᠲᠦᠷᠦ  ᠶᠢᠨ ᠪᠤᠳᠤᠯᠭ᠎ᠠ ᠶᠢ ᠨᠢᠮᠪᠠᠢ ᠨᠠᠶᠢᠳᠠᠪᠤᠷᠢᠵᠢᠭᠤᠯᠵᠤ᠂  ᠲᠠᠷᠢᠶᠠᠯᠠᠩ ᠮᠠᠯ ᠠᠵᠤ ᠠᠬᠤᠢ ᠶᠢᠨ ᠡᠯ᠎ᠡ ᠲᠦᠷᠦᠯ ᠤᠨ ᠡᠵᠡᠩᠨᠡᠯᠳᠡ ᠶᠢᠨ ᠭᠤᠤᠯ ᠴᠤᠭᠴᠠ ᠶᠢ ᠲᠡᠳᠬᠦᠨ ᠬᠦᠭᠵᠢᠬᠦᠯᠵᠦ᠂ 2 ᠡᠷᠦᠬᠡ ᠲᠠᠷᠢᠶᠠᠯᠠᠩ ᠮᠠᠯ ᠠᠵᠤ ᠠᠬᠤᠢ ᠶᠢᠨ ᠲᠤᠯᠤᠭᠠᠶᠢᠯᠠᠭᠴᠢ ᠠᠵᠤ ᠠᠬᠤᠶᠢᠯᠠᠯ ᠢ ᠰᠢᠨ᠎ᠡ ᠪᠠᠷ ᠨᠡᠮᠡᠭᠳᠡᠬᠦᠯᠦᠨ᠂ 50 ᠡᠷᠦᠬᠡ ᠮᠠᠯᠴᠢᠨ ᠲᠠᠷᠢᠶᠠᠴᠢᠨ ᠤ ᠲᠤᠰᠬᠠᠢ ᠬᠤᠷᠰᠢᠶᠠᠵᠢᠯ ᠢ ᠲᠦᠷᠢᠮᠵᠢᠬᠦᠯᠵᠦ᠂ ᠪᠠᠷᠢᠮᠵᠢᠶᠠᠳᠤ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠪᠠ ᠲᠠᠷᠢᠵᠤ ᠮᠠᠯᠵᠢᠬᠤ ᠲᠤᠮᠤ ᠡᠷᠦᠬᠡ 100 ᠶᠢ ᠨᠡᠮᠡᠭᠳᠡᠬᠦᠯᠬᠦ ᠪᠠᠷ ᠪᠠᠶᠢᠨ᠎ᠠ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号