ᠲᠠᠶᠢᠹᠤᠰᠧ  ᠬᠤᠰᠢᠭᠤ  ︽ᠬᠤᠶᠠᠷ ᠦᠮᠡᠨ︾  ᠳᠤ ᠨᠡᠷᠪᠡᠭᠳᠡᠭᠰᠡᠨ ᠶᠠᠳᠠᠭᠤ ᠬᠦᠴᠢᠷᠳᠡᠢ ᠡᠵᠢ ᠨᠡᠷ ᠲᠤ ᠲᠤᠰᠠᠯᠠᠮᠵᠢ ᠬᠦᠷᠳᠡᠭᠡᠪᠡ
ᠨᠡᠶᠢᠲᠡᠯᠡᠭᠰᠡᠨ ᠴᠠᠭ᠄
2018-04-10
       ᠪᠦᠬᠦ ᠬᠤᠰᠢᠭᠤᠨ ᠤ ︽ᠬᠤᠶᠠᠷ ᠦᠮᠡᠨ︾   ᠳᠤ ᠨᠡᠷᠪᠡᠭᠳᠡᠭᠰᠡᠨ ᠶᠠᠳᠠᠭᠤ ᠬᠦᠴᠢᠷᠳᠡᠢ ᠡᠵᠢ ᠨᠡᠷ ᠤᠨ ᠡᠮᠨᠡᠯᠬᠡ ᠶᠢᠨ ᠵᠠᠷᠤᠳᠠᠯ ᠮᠦᠩᠬᠦᠨ ᠤ ᠬᠦᠴᠢᠷᠳᠡᠯ ᠢ ᠨᠢ ᠬᠠᠪᠰᠤᠷᠤᠨ  ᠰᠢᠢᠳᠪᠦᠷᠢᠯᠡᠬᠦ ᠶᠢᠨ ᠲᠦᠯᠦᠬᠡ  ᠂ ᠲᠠᠶᠢᠹᠤᠰᠧ ᠬᠤᠰᠢᠭᠤ ᠦᠨᠳᠦᠰᠦᠨ ᠱᠠᠳᠤᠨ ᠳᠤ ᠦᠢᠯᠡᠴᠢᠯᠡᠬᠦ ᠪᠠ ᠤᠨᠢᠨ ᠲᠡᠭᠡᠷ᠎ᠡ ᠨᠢ ᠶᠠᠳᠠᠭᠤ ᠶᠢ ᠲᠡᠳᠬᠦᠬᠦ ᠠᠵᠢᠯ ᠲᠠᠢ ᠤᠶᠠᠯᠳᠤᠭᠤᠯᠤᠨ᠂  ᠠᠪᠤᠷᠠᠨ ᠲᠤᠰᠠᠯᠠᠬᠤ ᠠᠵᠢᠯ ᠢ ᠰᠠᠶᠢᠳᠤᠷ ᠠᠳᠬᠤᠨ ᠨᠠᠶᠢᠳᠠᠪᠤᠷᠢᠵᠢᠭᠤᠯᠵᠤ᠂  ᠲᠡᠭᠡᠳᠦ ᠱᠠᠳᠤᠨ ᠤ ᠬᠠᠮᠢᠶ᠎ᠠ ᠪᠦᠬᠦᠢ ᠱᠠᠭᠠᠷᠳᠠᠯᠭ᠎ᠠ ᠪᠠ  ᠠᠯᠬᠤᠮ ᠶᠠᠪᠤᠴᠠ ᠶᠤᠰᠤᠭᠠᠷ ᠪᠦᠬᠦ ᠤᠯᠤᠰ ᠤᠨ ᠡᠮᠡᠭᠳᠡᠶᠢᠴᠤᠳ ᠤᠨ ᠬᠤᠯᠪᠤᠭᠠᠳᠤ ᠬᠤᠷᠠᠯ ᠤᠨ 2017 ᠤᠨ ᠤ ︽ᠬᠤᠶᠠᠷ ᠦᠮᠡᠨ ᠳᠤ ᠨᠡᠷᠪᠡᠭᠳᠡᠭᠰᠡᠨ ᠶᠠᠳᠠᠭᠤ ᠬᠦᠴᠢᠷᠳᠡᠢ ᠡᠵᠢ ᠨᠡᠷ   ᠢ ᠠᠪᠤᠷᠠᠨ ᠲᠤᠰᠠᠯᠠᠬᠤ ᠲᠤᠰᠬᠠᠢ ᠲᠦᠷᠦᠯ ᠤᠨ ᠰᠠᠭᠤᠷᠢ ᠮᠦᠩᠬᠦ︾ 3 ᠲᠦᠮᠡᠨ ᠲᠦᠬᠦᠷᠢᠭ  ᠢ ᠡᠷᠡᠮᠡᠯᠵᠡᠯᠡᠨ ᠤᠯᠤᠭᠰᠠᠨ ᠪᠠᠶᠢᠨ᠎ᠠ᠃  ᠬᠤᠰᠢᠭᠤᠨ ᠤ ᠡᠮᠡᠭᠳᠡᠶᠢᠴᠤᠳ ᠤᠨ ᠬᠤᠯᠪᠤᠭᠠᠳᠤ ᠬᠤᠷᠠᠯ ᠨᠢ ᠤᠷᠴᠢᠮᠬᠠᠨ  ᠬᠤᠩ ᠴᠢ ᠪᠠᠯᠭᠠᠰᠤᠨ ᠤ ᠬᠤᠩ ᠸᠧᠢ ᠲᠤᠰᠬᠤᠨ᠂ ᠴᠢᠶᠠᠨ ᠶᠢᠨ ᠭᠸᠦ ᠪᠠᠯᠭᠠᠰᠤᠨ ᠤ ᠳ᠋ᠠ ᠭᠧ ᠳ᠋ᠦᠩ ᠲᠤᠰᠬᠤᠨ  ᠂ ᠰᠢᠩ ᠹᠦ᠋ ᠰᠢᠶᠠᠩ ᠤᠨ ᠨᠤᠤ ᠶᠠᠨ ᠲᠤᠰᠬᠤᠨ ᠳᠤ ᠬᠦᠨᠵᠡᠬᠡᠶᠢᠷᠡᠨ᠂ ︽ᠬᠤᠶᠠᠷ ᠦᠮᠡᠨ︾   ᠳᠤ ᠨᠡᠷᠪᠡᠭᠳᠡᠭᠰᠡᠨ 3 ᠨᠡᠷ᠎ᠡ ᠶᠠᠳᠠᠭᠤ ᠬᠦᠴᠢᠷᠳᠡᠢ ᠡᠵᠢ   ᠶᠢ ᠪᠤᠯᠭᠤᠭᠠᠨ ᠲᠤᠬᠤᠨᠢᠭᠤᠯᠵᠤ᠂ ᠬᠦᠮᠦᠨ ᠪᠦᠷᠢ ᠳᠤ 10000 ᠲᠦᠬᠦᠷᠢᠭ  ᠤᠨ  ᠲᠤᠰᠠᠯᠠᠮᠵᠢ ᠶᠢᠨ ᠮᠦᠩᠬᠦ  ᠭᠠᠷᠳᠠᠭᠤᠯᠤᠨ᠂  ᠲᠡᠳᠡᠨ ᠤ ᠢᠳᠡᠭᠡᠯ ᠵᠤᠷᠢᠭ   ᠲᠠᠢ ᠪᠠᠷ ᠡᠪᠡᠳᠴᠢᠨ   ᠢᠶᠠᠨ ᠡᠮᠨᠡᠵᠦ  ᠂  ᠡᠷᠳᠡ ᠡᠳᠦᠷ   ᠡᠳᠡᠭᠡᠷᠡᠨ ᠰᠠᠶᠢᠵᠢᠷᠠᠬᠤ ᠳᠤ ᠢᠳᠡᠭᠡᠯ ᠵᠤᠷᠢᠭ  ᠨᠡᠮᠡᠵᠡᠢ᠃  ᠬᠤᠩ ᠸᠧᠢ ᠲᠤᠰᠬᠤᠨ  ᠤ  ᠲᠠᠷᠢᠶᠠᠴᠢᠨ ᠬᠦᠸᠧ ᠰᠢ ᠬᠤᠸᠠ  ᠡᠨᠡ  ᠵᠢᠯ  64 ᠨᠠᠰᠤᠳᠠᠢ᠂  ᠭᠡᠷ  ᠪᠦᠯᠢ ᠨᠢ  ᠪᠠᠶᠠᠨ ᠴᠢᠨᠡᠭᠡᠯᠢᠭ ᠪᠢᠰᠢ ᠪᠤᠯᠪᠠᠴᠤ ᠡᠯᠢᠬᠡ ᠪᠦᠳᠦᠨ  ᠂ ᠡᠶ᠎ᠡ ᠨᠠᠶᠢᠷ ᠲᠠᠢ  ᠠᠮᠢᠳᠤᠷᠠᠵᠤ ᠪᠠᠶᠢᠪᠠ᠃ ᠬᠦᠬᠦᠨ ᠪᠤᠯᠴᠢᠷᠬᠠᠢ ᠶᠢᠨ ᠦᠮᠡᠨ ᠳᠤ   ᠨᠡᠷᠪᠡᠭᠳᠡᠭᠡᠳ ᠮᠡᠰᠡ  ᠵᠠᠰᠠᠯ  ᠂  ᠬᠢᠮᠢ ᠶᠢᠨ ᠵᠠᠰᠠᠯᠭ᠎ᠠ  ᠂  ᠠᠷᠠᠴᠢᠯᠠᠭ᠎ᠠ ᠰᠤᠪᠢᠯᠠᠯᠳᠠ ᠶᠢ ᠴᠠᠭ ᠲᠤᠬᠠᠢ   ᠳᠤᠨᠢ ᠰᠠᠶᠢᠨ ᠬᠢᠭᠰᠡᠨ ᠪᠤᠯᠬᠤᠷ  ᠠᠯᠭᠤᠷ ᠠᠭᠠᠵᠢᠮ ᠳᠠᠭᠠᠨ ᠡᠪᠡᠳᠴᠢᠨ ᠨᠢ ᠡᠳᠡᠭᠡᠷᠡᠵᠦ  ᠪᠡᠶ᠎ᠡ ᠨᠢ ᠲᠡᠩᠭᠡᠷᠡᠵᠦ ᠢᠷᠡᠭᠰᠡᠨ ᠪᠠᠶᠢᠨ᠎ᠠ᠃  ︽ᠡᠪᠡᠳᠴᠢᠨ ᠢᠶᠠᠨ ᠡᠮᠨᠡᠬᠦᠯᠬᠦ ᠳᠤ ᠪᠠᠶᠢᠳᠠᠭ ᠢᠶᠠᠨ ᠲᠡᠮᠳᠡᠷᠢᠵᠦ ᠪᠠᠯᠢᠩ ᠲᠠᠬᠢᠯ ᠢᠶᠠᠨ ᠬᠤᠷᠢᠶᠠᠬᠤ ᠳᠤ ᠬᠦᠷᠦᠯ᠎ᠡ᠂  ᠦᠨᠦᠳᠦᠷ ᠬᠤᠰᠢᠭᠤᠨ   ᠤ ᠡᠮᠡᠭᠳᠡᠶᠢᠴᠤᠳ ᠤᠨ ᠬᠤᠯᠪᠤᠭᠠᠨ ᠤ ᠬᠢᠨ ᠠᠪᠤᠷᠠᠨ ᠲᠤᠰᠠᠯᠠᠬᠤ ᠮᠦᠩᠬᠦ ᠬᠦᠷᠭᠡᠵᠦ ᠢᠷᠡᠵᠡᠢ᠂  ᠲᠦᠮᠡᠨ ᠲᠦᠬᠦᠷᠢᠭ ᠪᠢᠳᠡᠨ ᠳᠤ ᠠᠪᠴᠤ ᠬᠡᠯᠡᠪᠡᠯ  ᠪᠠᠭ᠎ᠠ ᠪᠤᠰᠤ ᠲᠤᠰᠠ ᠪᠤᠯᠤᠨ᠎ᠠ ᠰᠢᠦ᠂  ᠨᠠᠮ ᠵᠠᠰᠠᠭ ᠠᠴᠠ ᠢᠩᠬᠢᠵᠦ ᠬᠠᠯᠠᠮᠵᠢᠯᠠᠵᠤ ᠪᠠᠶᠢᠬᠤ ᠳᠤ ᠪᠢ ᠠᠴᠢ ᠶᠢ ᠨᠢ ᠬᠠᠷᠢᠭᠤᠯᠵᠤ ᠲᠡᠶᠢᠯᠬᠦ ᠦᠬᠡᠢ ᠴᠤ ᠭᠡᠰᠡᠨ ᠡᠪᠡᠳᠴᠢᠨ ᠵᠤᠪᠠᠯᠠᠩ ᠢ ᠢᠯᠠᠵᠤ᠂  ᠠᠶᠢᠯ ᠠᠮᠢᠳᠤᠷᠠᠯ ᠢᠶᠠᠨ ᠦᠬᠡᠳᠡᠯᠡᠬᠦᠯᠦᠨ᠂  ᠠᠬᠢᠭᠠᠳ ᠨᠠᠮ ᠵᠠᠰᠠᠭ  ᠲᠠᠭᠠᠨ ᠲᠠᠷᠤᠭᠠᠰᠤ ᠨᠡᠮᠡᠬᠦ ᠦᠬᠡᠢ ᠶᠠᠪᠤᠨ᠎ᠠ︾ ᠬᠡᠵᠦ ᠬᠦᠸᠧ ᠰᠢ ᠬᠤᠸᠠ ᠰᠡᠳᠬᠢᠯ ᠲᠤᠭᠳᠤᠯᠤᠨ ᠶᠠᠷᠢᠬᠤ ᠳᠤ ᠨᠢᠳᠦᠨ ᠵᠤᠪᠬᠢ ᠶᠢ ᠲᠠᠭᠠᠭᠠᠳ  ᠨᠢᠯᠪᠤᠰᠤᠨ ᠭᠡᠯᠬᠢᠶ᠎ᠡ ᠴᠤᠪᠤᠷᠠᠯ᠎ᠠ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号