ᠶᠢᠨ ᠶᠦᠩ ᠾᠧ ᠂ ᠡᠷᠡᠭᠳᠡᠢ᠂ ᠬᠢᠳᠠᠳ ᠦᠨᠳᠦᠰᠦᠳᠡᠨ᠂ 1970 ᠤᠨ ᠤ 7 ᠰᠠᠷ᠎ᠠ ᠳᠤ ᠲᠦᠷᠦᠪᠡ᠂ ᠤᠭ | ᠨᠤᠳᠤᠭ ᠦᠪᠦᠷ ᠮᠤᠩᠭᠤᠯ ᠤᠨ ᠲᠠᠶᠢᠹᠤᠰᠧ ᠬᠤᠰᠢᠭᠤ᠃ 1987 ᠤᠨ ᠤ 11 ᠰᠠᠷ᠎ᠠ ᠳᠤ ᠠᠵᠢᠯ ᠳᠤ ᠭᠠᠷᠴᠤ᠂ 1990 | ᠤᠨ ᠤ 10 ᠰᠠᠷ᠎ᠠ ᠳᠤ ᠲᠤᠮᠳᠠᠳᠤ ᠤᠯᠤᠰ ᠤᠨ ᠡᠪ ᠬᠠᠮᠳᠤ ᠨᠡᠮ ᠳᠤ ᠤᠷᠤᠪᠠ᠃ ᠦᠪᠦᠷ ᠮᠤᠩᠭᠤᠯ ᠤᠨ ᠨᠠᠮ ᠤᠨ | ᠰᠤᠷᠭᠠᠭᠤᠯᠢ ᠳᠤ ᠬᠠᠤᠯᠢ ᠴᠠᠭᠠᠵᠠ ᠶᠢᠨ ᠲᠤᠰᠬᠠᠢ ᠮᠡᠷᠭᠡᠵᠢᠯ ᠰᠤᠷᠴᠤ ᠲᠡᠬᠦᠰᠭᠡᠵᠡᠢ᠃ ᠲᠠᠶᠢᠹᠤᠰᠧ ᠬᠤᠰᠢᠭᠤᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤ ᠳᠠᠷᠤᠭ᠎ᠠ ᠶᠢᠨ ᠲᠤᠰᠢᠶᠠᠯ ᠢ ᠡᠬᠦᠷᠭᠡᠯᠡᠵᠦ ᠪᠤᠢ᠃ | ᠲᠠᠶᠢᠹᠤᠰᠧ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠲᠥᠯᠦᠪᠵᠢᠭᠦᠯᠭᠡ ᠪᠦᠲᠦᠭᠡᠨ | ᠪᠠᠶᠢᠭᠤᠯᠤᠯᠲᠠ ᠶᠢᠨ ᠲᠤᠪᠴᠢᠶᠠᠨ ᠤ ᠳᠠᠷᠤᠭ᠎ᠠ᠂ ᠲᠠᠶᠢᠹᠤᠰᠧ ᠬᠤᠰᠢᠭᠤᠨ ᠤ ᠵᠠᠰᠠᠭ ᠤᠨ ᠣᠷᠳᠣᠨ ᠤ ᠨᠠᠮ ᠤᠨ | ᠤᠳᠤᠷᠢᠳᠬᠤ ᠳᠤᠭᠤᠶᠢᠯᠠᠩ ᠤᠨ ᠭᠡᠰᠢᠭᠦᠨ ᠪᠦᠭᠡᠳ ᠣᠷᠣᠨ ᠰᠠᠭᠤᠴᠠ ᠪᠠ ᠬᠤᠲᠠ ᠬᠥᠳᠡᠭᠡ ᠶᠢᠨ | ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠲᠤᠪᠴᠢᠶᠠᠨ ᠤ ᠳᠠᠷᠤᠭ᠎ᠠ᠂ ᠲᠠᠶᠢᠹᠤᠰᠧ ᠬᠤᠰᠢᠭᠤᠨ ᠤ ᠵᠠᠰᠠᠭ ᠤᠨ | ᠣᠷᠳᠣᠨ ᠤ ᠳᠡᠳ᠋ ᠬᠤᠰᠢᠭᠤ ᠳᠠᠷᠤᠭ᠎ᠠ ᠪᠦᠭᠡᠳ ᠲᠠᠶᠢᠹᠤᠰᠧ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠲᠤᠪᠴᠢᠶᠠᠨ ᠤ ᠳᠠᠷᠤᠭ᠎ᠠ᠂ ᠲᠠᠶᠢᠹᠤᠰᠧ ᠬᠤᠰᠢᠭᠤᠨ ᠤ ᠵᠠᠰᠠᠭ ᠤᠨ | ᠣᠷᠳᠣᠨ ᠤ ᠳᠡᠳ᠋ ᠬᠤᠰᠢᠭᠤ ᠳᠠᠷᠤᠭ᠎ᠠ ᠶᠢᠨ ᠲᠤᠰᠢᠶᠠᠯ ᠢ ᠡᠬᠦᠷᠭᠡᠯᠡᠵᠦ ᠦᠩᠭᠡᠷᠡᠪᠡ᠃ | ᠬᠤᠰᠢᠭᠤ ᠲᠠᠷᠤᠭ᠎ᠠ ᠳᠤ ᠬᠠᠪᠰᠤᠷᠤᠨ ᠵᠠᠰᠠᠭ ᠤᠨ ᠤᠷᠳᠤᠨ ᠤ ᠪᠠᠶᠢᠩᠭᠤ ᠶᠢᠨ ᠠᠵᠢᠯ ᠪᠠ ᠪᠠᠴᠢᠮ ᠪᠠᠶᠢᠳᠠᠯ ᠢ | ᠠᠷᠭᠠᠴᠠᠬᠤ᠂ ᠭᠠᠵᠠᠷ ᠰᠢᠷᠤᠢ ᠶᠢᠨ ᠲᠦᠯᠦᠪᠵᠢᠬᠦᠯᠭᠡ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠳᠠ᠂ ᠬᠤᠳᠠ | ᠬᠦᠳᠡᠭᠡ ᠶᠢᠨ ᠪᠠᠶᠢᠭᠤᠯᠤᠯᠳᠠ᠂ ᠬᠤᠳᠠ ᠪᠠᠯᠭᠠᠰᠤᠨ ᠤ ᠬᠠᠮᠢᠶᠠᠷᠤᠯᠳᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠵᠤ᠂ | ᠵᠠᠰᠠᠭ ᠤᠨ ᠤᠷᠳᠤᠨ ᠤ ᠠᠯᠪᠠᠨ ᠭᠡᠷ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠳᠠ ᠶᠢᠨ ᠲᠤᠪᠴᠢᠶ᠎ᠠ᠂ ᠪᠠᠶᠢᠭᠠᠯᠢ | ᠶᠢᠨ ᠡᠬᠢ ᠪᠠᠶᠠᠯᠢᠭ ᠤᠨ ᠲᠤᠪᠴᠢᠶ᠎ᠠ᠂ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠬᠡᠨ ᠪᠠᠶᠢᠭᠤᠯᠤᠯᠳᠠ ᠶᠢᠨ | ᠲᠤᠪᠴᠢᠶ᠎ᠠ᠂ ᠬᠤᠳᠠ ᠶᠢᠨ ᠬᠠᠮᠢᠶᠠᠷᠤᠯᠳᠠ ᠶᠢᠨ ᠶᠡᠷᠦᠩᠬᠡᠶᠢᠯᠡᠭᠰᠡᠨ ᠬᠠᠤᠯᠢ ᠭᠡᠷᠡᠭᠵᠢᠬᠦᠯᠬᠦ ᠲᠤᠪᠴᠢᠶ᠎ᠠ᠂ ᠪᠠᠶᠢᠭᠤᠯᠭ᠎ᠠ ᠶᠢᠨ | ᠶᠠᠪᠤᠳᠠᠯ ᠤᠨ ᠦᠢᠯᠡᠴᠢᠯᠡᠭᠡᠨ ᠤ ᠲᠦᠪ ᠢ ᠬᠤᠪᠢᠳᠠᠨ ᠬᠠᠮᠢᠶᠠᠷᠴᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ | ᠤᠯᠤᠰ ᠲᠦᠷᠦ ᠶᠢᠨ ᠵᠦᠪᠯᠡᠯᠭᠡᠨ᠂ ᠵᠡᠪᠰᠡᠭᠳᠦ ᠬᠦᠴᠦᠨ ᠤ ᠭᠡᠯᠳᠡᠰ᠂ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠦᠪᠯᠡᠯ᠂ ᠤᠷᠤᠨ ᠰᠠᠭᠤᠴᠠ ᠶᠢᠨ ᠨᠡᠶᠢᠳᠡ ᠶᠢᠨ ᠬᠤᠷᠠᠮᠳᠤᠭᠤᠯᠭ᠎ᠠ ᠶᠢᠨ ᠮᠦᠩᠬᠦᠨ ᠤ ᠬᠠᠮᠢᠶᠠᠷᠤᠯᠳᠠ ᠶᠢᠨ | ᠲᠦᠪ ᠲᠠᠢ ᠬᠠᠷᠢᠯᠴᠠᠨ᠎ᠠ᠃ | | |