ᠲᠠᠶᠢᠹᠤᠰᠧ ᠬᠤᠰᠢᠭᠤ ᠪᠡᠭᠡᠵᠢᠩ ᠦᠪᠦᠷ ᠮᠤᠩᠭᠤᠯ ᠤᠨ ᠶᠠᠳᠠᠭᠤ ᠶᠢ ᠳᠡᠳᠬᠦᠬᠦ ᠬᠠᠮᠳᠤᠷᠠᠯᠴᠠᠭ᠎ᠠ ᠪᠠ ᠴᠠᠩ | ᠫᠢᠩ ᠲᠤᠭᠤᠷᠢᠭ ᠯᠤᠭ᠎ᠠ ᠶᠢᠨ ᠬᠠᠷᠢᠯᠴᠠᠨ ᠬᠠᠪᠰᠤᠷᠤᠯᠴᠠᠬᠤ ᠲᠠᠪᠴᠠᠩ ᠢ ᠠᠰᠢᠭᠯᠠᠵᠤ᠂ ᠠᠵᠤ ᠠᠬᠤᠢ ᠶᠢᠨ ᠬᠦᠭᠵᠢᠯᠳᠡ | ᠪᠠᠨ ᠠᠬᠢᠭᠤᠯᠤᠨ᠂ ᠶᠠᠳᠠᠭᠤ ᠠᠴᠠ ᠠᠩᠬᠢᠵᠢᠷᠠᠬᠤ ᠪᠠᠨ ᠲᠦᠷᠭᠡᠳᠭᠡᠵᠦ ᠪᠠᠶᠢᠨ᠎ᠠ᠃ 7 ᠰᠠᠷ᠎ᠠ ᠶᠢᠨ 16 ᠤ ᠡᠳᠦᠷ᠂ | ᠪᠡᠭᠡᠵᠢᠩ ᠤᠨ ᠴᠠᠩ ᠫᠢᠩ ᠲᠤᠭᠤᠷᠢᠭ ᠤᠨ ᠬᠦᠵᠡᠯᠵᠡᠬᠡᠨ᠎ᠡ ᠶᠢᠨ ᠦᠵᠡᠰᠬᠦᠯᠡᠩ ᠤᠨ ᠤᠷᠤᠨ ᠡᠷᠦᠬᠡ ᠰᠡᠬᠦᠵᠦ ᠡᠬᠦᠳᠡ | ᠪᠠᠨ ᠨᠡᠭᠡᠭᠡᠬᠦ ᠳᠤ ᠲᠤᠰ ᠬᠤᠰᠢᠭᠤ ᠨᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠭᠠᠷᠤᠯᠳᠠ ᠪᠠ ᠵᠢᠭᠤᠯᠴᠢᠯᠠᠯ ᠤᠨ | ᠲᠠᠸᠠᠷ ᠤᠨ ᠦᠢᠯᠡᠳᠪᠦᠷᠢᠯᠡᠯ ᠡᠵᠡᠩᠨᠡᠯᠳᠡ ᠪᠠᠷ ᠭᠤᠤᠯ ᠪᠤᠯᠭᠠᠭᠰᠠᠨ 10 ᠭᠠᠷᠤᠢ ᠠᠵᠤ ᠠᠬᠤᠶᠢᠯᠠᠯ ᠢ ᠵᠤᠬᠢᠶᠠᠨ | ᠪᠠᠶᠢᠭᠤᠯᠵᠤ ᠦᠵᠰᠡᠬᠦᠯᠡᠩ ᠳᠤ ᠤᠷᠤᠯᠴᠠᠭᠤᠯᠵᠠᠢ᠃ ᠡᠨᠡ ᠤᠳᠠᠭᠠᠨ ᠤ ᠦᠵᠡᠰᠬᠦᠯᠡᠩ ᠨᠢ 7 ᠰᠠᠷ᠎ᠠ ᠠᠴᠠ 12 ᠰᠠᠷ᠎ᠠ | ᠬᠦᠷᠳᠡᠯ᠎ᠡ ᠡᠬᠦᠳᠡ ᠪᠠᠨ ᠨᠡᠭᠡᠭᠡᠵᠦ ᠵᠤᠴᠢᠨ ᠤᠭᠳᠤᠬᠤ ᠪᠠᠷ ᠪᠠᠶᠢᠭ᠎ᠠ᠃ ᠲᠠᠶᠢᠹᠤᠰᠧ ᠬᠤᠰᠢᠭᠤᠨ ᠤ ᠦᠵᠡᠬᠦᠯᠦᠯᠬᠡ ᠶᠢᠨ | ᠤᠷᠤᠨ ᠨᠢ C ᠲᠤᠭᠤᠷᠢᠭ ᠲᠤ ᠪᠠᠶᠢᠷᠢᠯᠠᠨ᠂ ᠡᠵᠡᠯᠡᠬᠦ ᠲᠠᠯᠠᠪᠠᠢ ᠨᠢ 500 ᠢᠯᠡᠬᠦᠦ ᠬᠠᠪᠳᠠᠭᠠᠢ ᠲᠦᠷᠪᠡᠯᠵᠢᠨ ᠮᠧᠲᠷ | ᠳᠤ ᠬᠦᠷᠴᠦ᠂ C ᠲᠤᠭᠤᠷᠢᠭ ᠲᠠᠭᠠᠨ ᠬᠠᠮᠤᠭ ᠶᠡᠭᠡ ᠦᠵᠡᠬᠦᠯᠦᠯᠬᠡ ᠶᠢᠨ ᠤᠷᠤᠨ ᠨᠢ ᠪᠤᠯᠵᠤ᠂ ᠵᠢᠭᠤᠯᠴᠢᠯᠠᠯ᠂ | ᠮᠠᠯ ᠤᠨ ᠠᠰᠢᠭ ᠰᠢᠮ᠎ᠡ ᠲᠠᠷᠢᠶᠠᠯᠠᠩ ᠤᠨ ᠭᠠᠷᠤᠯᠳᠠ᠂ ᠰᠤᠶᠤᠯ ᠢᠷᠭᠡᠨᠰᠢᠯ᠂ ᠵᠢᠭᠤᠯᠴᠢᠯᠠᠯ ᠤᠨ ᠲᠠᠸᠠᠷ ᠵᠡᠷᠭᠡ | ᠲᠦᠷᠪᠡᠨ ᠲᠤᠮᠤ ᠭᠡᠰᠡᠭ ᠬᠤᠪᠢᠶᠠᠨ᠂ ᠦᠵᠡᠬᠦᠯᠦᠯᠬᠡ ᠨᠢ ᠵᠢᠷᠤᠭᠳᠤ ᠰᠠᠮᠪᠠᠷ᠎ᠠ᠂ ᠲᠧᠯᠸᠢᠰ ᠲᠡᠯᠭᠡᠴᠡ᠂ ᠠᠵᠢᠯᠳᠠᠨ ᠤ | ᠠᠮᠠᠨ ᠲᠠᠨᠢᠯᠴᠠᠭᠤᠯᠭ᠎ᠠ ᠵᠡᠷᠭᠡ ᠭᠡᠯᠪᠡᠷᠢ ᠪᠠᠷ ᠶᠠᠪᠤᠭᠳᠠᠵᠤ᠂ ︽ ᠲᠤᠮᠳᠠᠳᠤ ᠤᠯᠤᠰ ᠤᠨ ᠬᠠᠭᠠᠨ ᠤ ᠠᠳᠤᠭᠤᠨ ᠰᠤᠶᠤᠯ | ᠤᠨ ᠨᠤᠳᠤᠭ︾᠂ ︽ ᠲᠤᠮᠳᠠᠳᠤ ᠤᠯᠤᠰ ᠤᠨ ᠵᠠᠭᠤᠨ ᠰᠢᠯᠢᠳᠡᠭ ᠴᠡᠪᠡᠷ ᠠᠮᠢᠰᠬᠤᠯᠳᠤ ᠵᠢᠵᠢᠭ ᠬᠤᠳᠠ︾ ᠂ ︽ᠪᠦᠬᠦ | ᠤᠯᠤᠰ ᠤᠨ ᠠᠮᠢ ᠠᠬᠤᠢ ᠶᠢᠨ ᠵᠢᠭᠤᠯᠴᠢᠯᠠᠯ ᠤᠨ ᠰᠠᠭᠤᠷᠢᠨ ᠭᠠᠵᠠᠷ︾ ᠵᠡᠷᠭᠡ ᠶᠢᠨ ᠲᠤᠭᠤᠷᠢᠨ ᠳᠤ ᠲᠠᠯ᠎ᠠ ᠨᠤᠳᠤᠭ ᠤᠨ | ᠦᠩᠬᠡ ᠦᠵᠡᠮᠵᠢ ᠬᠢᠭᠡᠳ ᠦᠪ ᠰᠤᠶᠤᠯ ᠢ ᠵᠤᠴᠢᠳ ᠲᠤ ᠬᠠᠷᠠᠭᠤᠯᠵᠤ᠂ ᠲᠠᠨᠢᠭᠤᠯᠵᠤ ᠂ ᠤᠶᠢᠯᠠᠭᠠᠭᠤᠯᠵᠤ ᠪᠠᠶᠢᠨ᠎ᠠ᠃ | ᠡᠨᠡᠬᠦ ᠦᠵᠡᠰᠬᠦᠯᠡᠩ ᠢᠶᠠᠷ ᠲᠠᠮᠵᠢᠭᠠᠳ᠂ ᠲᠤᠰ ᠬᠤᠰᠢᠭᠤ ᠨᠢ ᠰᠤᠶᠤᠯ᠂ ᠵᠢᠭᠤᠯᠴᠢᠯᠠᠯ ᠬᠢᠭᠡᠳ ᠤᠨᠴᠠᠯᠢᠭᠳᠤ | ᠪᠦᠳᠦᠭᠡᠭᠳᠡᠬᠦᠨ ᠢᠶᠠᠨ ᠪᠡᠭᠡᠵᠢᠩ ᠤᠨ ᠬᠦᠮᠦᠰ ᠲᠤ ᠤᠬᠠᠭᠤᠯᠵᠤ᠂ ᠨᠤᠳᠤᠭ ᠤᠷᠤᠨ ᠤ ᠪᠠᠨ ᠨᠡᠷ᠎ᠡ ᠨᠦᠯᠦᠬᠡ ᠶᠢ | ᠶᠡᠭᠡᠰᠬᠡᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠤ ᠪᠠᠨ ᠪᠤᠷᠤᠯᠠᠭᠤᠯᠭ᠎ᠠ ᠶᠢᠨ ᠵᠠᠮ ᠢ | ᠦᠷᠭᠡᠳᠭᠡᠵᠦ᠂ ᠠᠵᠤ ᠠᠬᠤᠶᠢᠯᠠᠯ ᠤᠨ ᠲᠠᠶᠢᠴᠢᠯᠠᠨ ᠲᠠᠭᠠᠭᠤᠯᠬᠤ ᠴᠢᠳᠠᠪᠤᠷᠢ ᠶᠢ ᠨᠡᠮᠡᠭᠳᠡᠬᠦᠯᠦᠨ᠂ ᠪᠦᠬᠦ ᠬᠤᠰᠢᠭᠤᠨ ᠤ | ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠲᠦᠯᠬᠢᠨ ᠠᠬᠢᠭᠤᠯᠬᠤ ᠪᠠᠷ ᠪᠠᠶᠢᠨ᠎ᠠ᠃ |