ᠭᠠᠯᠰᠠᠩᠰᠸᠧᠠᠩ
ᠨᠡᠶᠢᠲᠡᠯᠡᠭᠰᠡᠨ ᠴᠠᠭ᠄
2018/7/20
  ᠭᠠᠯᠰᠠᠩᠰᠸᠧᠠᠩ ︵1912 — 1980︶ ᠲᠠᠶᠢᠹᠤᠰᠧ ᠵᠡᠬᠦᠨ ᠭᠠᠷ ᠰᠦᠷᠦᠭ ᠤᠨ ᠬᠦᠪᠡᠭᠡᠳᠦ ᠰᠢᠷ᠎ᠠ ᠬᠤᠰᠢᠭᠤᠨ ᠤ ᠬᠦᠮᠦᠨ᠃ ᠵᠡᠬᠦᠨ ᠭᠠᠷ ᠲᠠᠶᠢᠹᠤᠰᠧ ᠤᠨ ᠲᠠᠶᠢᠰᠠᠯᠠᠬᠤ ᠠᠮᠪᠠᠨ ᠪᠠᠶᠢᠭᠰᠠᠨ ᠰᠠᠮᠫᠢᠯᠨᠤᠷᠪᠤ ᠶᠢᠨ ᠬᠦᠪᠡᠬᠦᠨ᠃ ᠪᠠᠭ᠎ᠠ ᠵᠠᠯᠠᠭᠤ ᠨᠠᠰᠤᠨ ᠳᠠᠭᠠᠨ ᠬᠤᠰᠢᠭᠤ ᠨᠤᠳᠤᠭ ᠲᠠᠭᠠᠨ ᠪᠢᠴᠢᠭ ᠰᠤᠷᠴᠤ᠂  ᠬᠤᠷᠢᠳᠤᠭᠠᠷ ᠵᠠᠭᠤᠨ ᠎ ᠤ ᠭᠤᠴᠢᠭᠠᠳ ᠤᠨ ᠳᠤ ᠪᠡᠭᠡᠵᠢᠩ ᠳᠤ ᠮᠤᠩᠭᠤᠯ ᠲᠦᠪᠡᠳ ᠤᠨ ᠰᠤᠷᠭᠠᠭᠤᠯᠢ ᠳᠤ ᠰᠤᠷᠤᠯᠴᠠᠨ᠂ ᠨᠤᠳᠤᠭ ᠲᠠᠭᠠᠨ ᠲᠤᠭ᠎ᠠ ᠲᠠᠢ ᠬᠡᠳᠦᠬᠡᠨ ᠡᠷᠳᠡᠮ ᠰᠤᠶᠤᠯ ᠲᠠᠢ ᠬᠦᠮᠦᠨ ᠤ ᠨᠢᠬᠡ ᠨᠢ ᠪᠠᠶᠢᠪᠠ᠃ ᠴᠢᠯᠦᠭᠡᠯᠡᠭᠳᠡᠬᠦ ᠠᠴᠠ ᠡᠮᠦᠨ᠎ᠡ ᠲᠠᠶᠢᠹᠤᠰᠧ ᠵᠡᠬᠦᠨ ᠭᠠᠷ ᠬᠤᠰᠢᠭᠤᠨ ᠤ ᠵᠠᠰᠠᠭ ᠤᠨ ᠤᠷᠳᠤᠨ ᠳᠤ  ᠬᠤᠪᠢᠶᠠᠷᠢ ᠶᠢᠨ ᠲᠠᠷᠤᠭ᠎ᠠ᠂ ᠲᠡᠷᠢᠬᠦᠨ ᠰᠤᠮᠤᠨ ︽ᠬᠦᠪᠡᠭᠡᠳᠦ ᠰᠢᠷ᠎ᠠ︶᠎ ᠤ ᠰᠤᠮᠤᠨ ᠵᠠᠩᠬᠢ ᠶᠢᠨ ᠲᠤᠰᠢᠶᠠᠯ ᠢ ᠬᠠᠷᠢᠭᠤᠴᠠᠵᠤ ᠦᠩᠭᠡᠷᠡᠵᠡᠢ᠃ ᠴᠢᠯᠦᠭᠡᠯᠡᠭᠳᠡᠭᠰᠡᠨ ᠤ ᠲᠠᠷᠠᠭ᠎ᠠ  ᠠᠷᠤ ᠭᠡᠷ ᠲᠡᠭᠡᠨ ᠠᠵᠢᠯ ᠬᠦᠳᠡᠯᠮᠦᠷᠢ  ᠎ ᠳᠤ ᠤᠷᠤᠯᠴᠠᠵᠤ ᠪᠠᠶᠢᠭᠰᠠᠨ ᠪᠦᠬᠡᠳ ᠬᠠᠶᠠ ᠳᠠᠭᠠᠨ ᠬᠤᠰᠢᠭᠤ ᠵᠠᠰᠠᠭ ᠤᠨ ᠤᠷᠳᠤᠨ ᠤ ᠲᠠᠭᠤᠳᠠᠯᠭ᠎ᠠ ᠪᠠᠷ ᠬᠦᠷᠴᠦ ᠪᠢᠴᠢᠵᠦ ᠨᠠᠶᠢᠷᠠᠭᠤᠯᠬᠤ᠂ ᠤᠷᠴᠢᠭᠤᠯᠵᠤ ᠬᠡᠯᠡᠮᠦᠷᠴᠢᠯᠡᠬᠦ᠂  ᠪᠢᠴᠢᠵᠦ ᠵᠢᠷᠤᠬᠤ ᠵᠡᠷᠭᠡ ᠠᠵᠢᠯ ᠤᠳ ᠢ ᠬᠢᠵᠦ ᠪᠠᠶᠢᠪᠠ᠃ ᠲᠤᠬᠠᠢ ᠶᠢᠨ ᠦᠶ᠎ᠡ ᠳᠠᠬᠢ ᠬᠤᠰᠢᠭᠤ ᠵᠠᠰᠠᠭ ᠤᠨ ᠤᠷᠳᠤᠨ ᠤ ᠬᠠᠭᠠᠯᠭᠠᠨ ᠲᠡᠭᠡᠷᠡᠬᠢ ︽ᠲᠠᠶᠢᠹᠤᠰᠧ ᠵᠡᠬᠦᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ︾ ᠬᠡᠮᠡᠬᠦ ᠲᠠᠷᠤᠮᠠᠯ ᠲᠢᠭ ᠢᠶᠠᠷ ᠪᠢᠴᠢᠭᠰᠡᠨ ᠲᠤᠮᠤ ᠦᠰᠦᠭ ᠪᠤᠯ ᠲᠡᠬᠦᠨ ᠤ ᠪᠢᠴᠢᠮᠡᠯ ᠪᠤᠯᠤᠨ᠎ᠠ᠃ 1953 ᠤᠨ ᠳᠤ ᠬᠤᠪᠢᠰᠬᠠᠯ ᠤᠨ ᠠᠵᠢᠯ ᠳᠤ ᠤᠷᠤᠯᠴᠠᠵᠤ᠂ ᠫᠤᠤᠲ᠋ᠠᠶᠢᠶ᠋ᠢᠩᠽᠢ ᠶᠢᠨ ᠪᠠᠭ᠎ᠠ ᠰᠤᠷᠭᠠᠭᠤᠯᠢ ᠳᠤ ᠠᠷᠤ ᠲᠠᠯ᠎ᠠ ᠶᠢᠨ ᠠᠵᠢᠯ ᠢ ᠬᠠᠷᠢᠭᠤᠴᠠᠨ᠂ ᠲᠤᠰ ᠵᠢᠯ ᠤᠨ ᠬᠢᠨᠢ 11 ᠰᠠᠷ᠎ᠠ ᠳᠤ ᠴᠠᠬᠠᠷ ᠠᠶᠢᠮᠠᠭ ᠤᠨ ᠠᠷᠠᠳ ᠤᠨ ᠵᠦᠪᠯᠡᠯ ᠤᠨ ᠭᠡᠷᠡᠭ ᠡᠷᠬᠢᠯᠡᠬᠦ ᠭᠡᠷ ᠲᠤ ᠰᠢᠯᠵᠢᠵᠦ  ᠤᠷᠴᠢᠭᠤᠯᠤᠭᠴᠢ ᠪᠠᠷ ᠠᠵᠢᠯᠯᠠᠨ᠂ 1956 ᠤᠨ ᠳᠤ ᠴᠠᠬᠠᠷ ᠠᠶᠢᠮᠠᠭ ᠤᠨ ᠲᠦᠯᠦᠪᠯᠡᠬᠡᠨ ᠤ ᠺᠤᠮᠢᠰ ᠤᠨ ᠤᠷᠴᠢᠭᠤᠯᠤᠭᠴᠢ ᠪᠤᠯᠪᠠ᠃ 1958 ᠤᠨ ᠳᠤ ᠴᠠᠬᠠᠷ ᠰᠢᠯᠢ ᠶᠢᠨ ᠭᠤᠤᠯ ᠬᠤᠶᠠᠷ ᠠᠶᠢᠮᠠᠭ ᠨᠡᠶᠢᠯᠡᠬᠦ ᠦᠶᠡᠰ ᠨᠠᠰᠤᠳᠠᠢ ᠠᠪᠤ ᠡᠵᠢ ᠪᠤᠯᠤᠨ ᠭᠡᠷ ᠪᠦᠯᠢ ᠪᠠᠨ ᠬᠠᠷᠠᠭᠠᠯᠵᠠᠬᠤ ᠶᠢᠨ ᠲᠦᠯᠦᠬᠡ ᠦᠪᠡᠷ ᠎ ᠢᠶᠠᠨ ᠡᠷᠬᠦᠳᠡᠯ  ᠭᠠᠷᠭᠠᠨ᠂ ᠲᠠᠶᠢᠹᠤᠰᠧ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ ᠲᠤ ᠤᠷᠴᠢᠭᠤᠯᠤᠭᠴᠢ ᠪᠠᠷ ᠠᠵᠢᠯᠯᠠᠵᠠᠢ᠃ 1959 ᠤᠨ ᠳᠤ ᠬᠦᠨᠪᠤᠯᠠᠭ ᠰᠤᠮᠤᠨ ᠳᠠᠭᠠᠨ ᠰᠢᠯᠵᠢᠨ ᠠᠵᠢᠯᠯᠠᠵᠤ᠂ 1962 ᠤᠨ ᠠᠴᠠ ᠠᠴᠠ ᠫᠤᠤᠲ᠋ᠠᠶᠢᠶ᠋ᠢᠩᠽᠢ ᠶᠢᠨ ᠪᠠᠭ᠎ᠠ ᠰᠤᠷᠭᠠᠭᠤᠯᠢ ᠳᠤ ᠨᠢᠬᠳᠠᠯᠠᠨ ᠪᠤᠳᠤᠭᠴᠢ ᠪᠠᠷ ᠠᠵᠢᠯᠯᠠᠨ᠂ 1965 ᠤᠨ ᠳᠤ ᠠᠵᠢᠯ ᠢᠶᠠᠨ ᠴᠢᠯᠦᠬᠡᠯᠡᠵᠦ ᠭᠡᠷ ᠲᠡᠭᠡᠨ ᠬᠠᠷᠢᠪᠠ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号