ᠮᠦᠩᠭᠡᠴᠢᠯᠠᠭᠤ
ᠨᠡᠶᠢᠲᠡᠯᠡᠭᠰᠡᠨ ᠴᠠᠭ᠄
2018/7/20

 ᠮᠦᠩᠭᠡᠴᠢᠯᠠᠭᠤ  ︵1916 —1985︶ ᠲᠠᠶᠢᠹᠤᠰᠧ  ᠵᠡᠬᠦᠨ ᠬᠤᠰᠢᠭᠤᠨ ᠤ ᠵᠠᠩᠵᠠ ᠳ᠋ᠠ ᠯᠠᠮᠠ ᠶᠢᠨ

ᠬᠤᠳᠠᠨ ᠤ ᠬᠦᠮᠦᠨ᠃ ᠬᠠᠷ᠎ᠠ ᠪᠠᠭ᠎ᠠ ᠠᠴᠠ ᠪᠠᠨ ᠮᠠᠯᠠᠭᠠᠢ ᠶᠢᠨ ᠰᠦᠮ᠎ᠡ ᠳᠤ ᠪᠠᠨᠳᠢ ᠪᠠᠶᠢᠵᠤ᠂ ᠰᠡᠬᠦᠯᠡᠷ ᠨᠢ

ᠤᠮᠵᠢᠳ ᠪᠤᠯᠤᠭᠰᠠᠨ ᠪᠠᠶᠢᠨ᠎ᠠ᠃ 1924 ᠤᠨ ᠠᠴᠠ ᠨᠡᠷᠡᠳᠦ ᠡᠮᠴᠢ ᠤᠳᠤᠭᠵᠠᠪ ᠪᠤᠯᠤᠨ ᠰᠠᠩᠸᠠᠶᠢᠳᠠᠭᠸ᠎ᠠ ᠳᠤ

ᠱᠠᠪᠢ ᠤᠷᠤᠵᠤ᠂ ᠮᠤᠩᠭᠤᠯ ᠠᠨᠠᠭᠠᠬᠤ ᠤᠬᠠᠭᠠᠨ ᠢ ᠡᠬᠢᠯᠡᠨ ᠰᠤᠷᠴᠠᠢ᠃  ᠬᠤᠷᠢᠳᠤᠭᠠᠷ ᠵᠠᠭᠤᠨ ᠤ ᠲᠦᠴᠢᠭᠡᠳ

ᠤᠨ ᠤ ᠰᠡᠬᠦᠯᠴᠢ ᠪᠠᠷ ᠪᠡᠶ᠎ᠡ ᠪᠠᠨ ᠲᠠᠭᠠᠭᠠᠵᠤ ᠡᠮᠴᠢ ᠪᠤᠯᠪᠠ᠃  1949 ᠤᠨ ᠳᠤ ᠲᠠᠶᠢᠹᠤᠰᠧ ᠵᠡᠬᠦᠨ

ᠬᠤᠰᠢᠭᠤᠨ ᠤ ᠮᠤᠩᠭᠤᠯ ᠡᠮᠨᠡᠯᠬᠡ ᠶᠢᠨ ᠬᠤᠷᠢᠶ᠎ᠠ ᠪᠠᠶᠢᠭᠤᠯᠬᠤ ᠳᠤ ᠲᠤᠰ ᠡᠮᠨᠡᠯᠬᠡ ᠳᠤ ᠠᠵᠢᠯᠯᠠᠵᠤ ᠦᠩᠬᠡᠷᠡᠵᠡᠢ᠃

ᠮᠦᠩᠭᠡᠴᠢᠯᠠᠭᠤ ᠡᠮᠴᠢ ᠶᠢᠨ  ᠡᠮᠨᠡᠯᠬᠡ ᠶᠢᠨ ᠮᠡᠷᠭᠡᠵᠢᠯ ᠨᠢ ᠰᠠᠶᠢᠨ  ᠮᠦᠷᠳᠡᠭᠡᠨ ᠡᠪᠡᠳᠴᠢᠳᠡᠨ ᠳᠤ ᠬᠠᠯᠠᠭᠤᠮᠰᠠᠭ  

ᠪᠦᠬᠡᠳ ᠬᠠᠷᠢᠭᠤᠴᠠᠯᠭ᠎ᠠ ᠲᠠᠢ ᠬᠠᠨᠳᠤᠵᠤ᠂  ᠦᠢ ᠤᠯᠠᠨ ᠬᠦᠮᠦᠰ ᠢ ᠡᠮᠴᠢᠯᠡᠨ  ᠡᠳᠡᠭᠡᠷᠡᠬᠦᠯᠵᠦ᠂ ᠡᠪᠡᠳᠴᠢᠨ

ᠵᠤᠪᠠᠯᠠᠩ ᠠᠴᠠ ᠠᠪᠤᠷᠠᠭᠠᠳ᠂ ᠨᠤᠳᠤᠭ ᠤᠰᠤᠨ ᠳᠠᠭᠠᠨ ᠨᠡᠷ᠎ᠡ ᠠᠯᠳᠠᠷ ᠲᠠᠢ ᠰᠠᠶᠢᠨ ᠡᠮᠴᠢ  ᠪᠤᠯᠤᠭᠰᠠᠨ ᠪᠠᠶᠢᠪᠠ᠃

ᠲᠡᠷᠡᠪᠡᠷ ᠤᠷᠢᠳ ᠬᠤᠵᠢᠳ ᠬᠤᠰᠢᠭᠤ ᠰᠤᠮᠤᠨ ᠤ ᠲᠡᠷᠢᠬᠦᠨ ᠤ ᠡᠮᠨᠡᠯᠬᠡ ᠶᠢᠨ ᠠᠵᠢᠯᠳᠠᠨ ᠢᠶᠠᠷ ᠤᠯᠠᠨ ᠤᠳᠠᠭ᠎ᠠ

ᠦᠨᠡᠯᠡᠭᠳᠡᠵᠦ᠂ ᠰᠠᠶᠢᠰᠢᠶᠠᠯ ᠬᠦᠬᠢᠬᠦᠯᠦᠯ ᠢ ᠲᠤᠰᠤᠭᠰᠠᠨ ᠪᠦᠬᠡᠳ ᠬᠦᠨᠪᠤᠯᠠᠭ ᠰᠤᠮᠤᠨ ᠤ ᠲᠠᠪᠤᠳᠤᠭᠠᠷ᠂

ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢ ᠪᠤᠯᠵᠤ ᠦᠩᠭᠡᠷᠡᠪᠡ᠃

 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号