ᠰᠠᠩᠸᠠᠶᠢᠳᠠᠭᠸᠠ ︵1886 —1960︶ ᠲᠠᠶᠢᠹᠤᠰᠧ ᠵᠡᠬᠦᠨ ᠭᠠᠷ ᠰᠦᠷᠦᠭ ᠤᠨ ᠬᠦᠯᠦ ᠴᠠᠭᠠᠨ ᠬᠤᠰᠢᠭᠤᠨ ᠤ | ᠡᠮᠦᠨ᠎ᠡ ᠸᠠᠶᠤᠤ ᠳᠤ ᠲᠦᠷᠦᠵᠡᠢ᠃ ᠪᠠᠭ᠎ᠠ ᠠᠴᠠ ᠪᠠᠨ ᠪᠠᠨᠳᠢ ᠪᠤᠯᠵᠤ ᠨᠤᠮ ᠰᠤᠷᠤᠭᠠᠳ᠂ ᠮᠤᠩᠭᠤᠯ ᠡᠮᠨᠡᠯᠬᠡ ᠶᠢᠨ | ᠤᠬᠠᠭᠠᠨ ᠳᠤ ᠨᠡᠪᠳᠡᠷᠡᠵᠦ᠂ ᠰᠡᠬᠦᠯᠡᠷ ᠨᠢ ᠮᠠᠯᠠᠭᠠᠢ ᠶᠢᠨ ᠰᠦᠮ᠎ᠡ ᠶᠢᠨ ᠨᠡᠯᠢᠶᠡᠳ ᠨᠡᠷ᠎ᠡ ᠬᠦᠨᠳᠦ ᠲᠠᠢ ᠯᠠᠮᠠ | ᠪᠤᠯᠤᠭᠰᠠᠨ ᠪᠦᠬᠡᠳ ᠨᠡᠷ᠎ᠡ ᠲᠠᠢ ᠰᠠᠶᠢᠨ ᠡᠮᠴᠢ ᠪᠤᠯᠤᠭᠰᠠᠨ ᠪᠠᠶᠢᠪᠠ᠃ 1950 ᠤᠨ ᠤ ᠦᠶᠡᠰ ᠫᠤᠤᠲ᠋ᠠᠶᠢᠶ᠋ᠢᠩᠽᠢ | ᠶᠢᠨ ᠮᠤᠩᠭᠤᠯ ᠡᠮᠨᠡᠯᠬᠡ ᠶᠢᠨ ᠬᠤᠷᠢᠶᠠᠨ ᠳᠤ ᠠᠵᠢᠯᠯᠠᠵᠤ ᠪᠠᠶᠢᠵᠠᠢ᠃ ᠲᠡᠬᠦᠨ ᠤ ᠭᠠᠷ ᠤᠨ ᠱᠠᠪᠢ ᠨᠠᠷ ᠨᠢ ᠪᠦᠷ | ᠨᠤᠳᠤᠭ ᠤᠰᠤᠨ ᠳᠠᠭᠠᠨ ᠨᠡᠷ᠎ᠡ ᠠᠯᠳᠠᠷ ᠲᠠᠢ ᠰᠠᠶᠢᠨ ᠡᠮᠴᠢ ᠨᠠᠷ ᠭᠠᠷᠤᠭᠰᠠᠨ ᠪᠠᠶᠢᠳᠠᠭ᠃ |